ᠲᠠᠶᠢᠹᠤᠰᠧ ᠬᠤᠰᠢᠭᠤ ᠴᠠᠩ ᠫᠢᠩ ᠲᠤᠭᠤᠷᠢᠭ  ᠤᠨ ᠦᠵᠡᠰᠬᠦᠯᠡᠩ  ᠳᠤ ᠤᠷᠤᠯᠴᠠᠪᠠ
ᠨᠡᠶᠢᠲᠡᠯᠡᠭᠰᠡᠨ ᠴᠠᠭ᠄
2018-07-20
           ᠲᠠᠶᠢᠹᠤᠰᠧ ᠬᠤᠰᠢᠭᠤ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ  ᠬᠠᠮᠳᠤᠷᠠᠯᠴᠠᠭ᠎ᠠ ᠪᠠ ᠴᠠᠩ ᠫᠢᠩ ᠲᠤᠭᠤᠷᠢᠭ ᠯᠤᠭ᠎ᠠ ᠶᠢᠨ ᠬᠠᠷᠢᠯᠴᠠᠨ ᠬᠠᠪᠰᠤᠷᠤᠯᠴᠠᠬᠤ ᠲᠠᠪᠴᠠᠩ ᠢ ᠠᠰᠢᠭᠯᠠᠵᠤ᠂ ᠠᠵᠤ ᠠᠬᠤᠢ ᠶᠢᠨ ᠬᠦᠭᠵᠢᠯᠳᠡ  ᠪᠠᠨ  ᠠᠬᠢᠭᠤᠯᠤᠨ᠂  ᠶᠠᠳᠠᠭᠤ ᠠᠴᠠ  ᠠᠩᠬᠢᠵᠢᠷᠠᠬᠤ ᠪᠠᠨ ᠲᠦᠷᠭᠡᠳᠭᠡᠵᠦ ᠪᠠᠶᠢᠨ᠎ᠠ᠃  7 ᠰᠠᠷ᠎ᠠ ᠶᠢᠨ 16 ᠤ ᠡᠳᠦᠷ᠂ ᠪᠡᠭᠡᠵᠢᠩ ᠤᠨ ᠴᠠᠩ ᠫᠢᠩ ᠲᠤᠭᠤᠷᠢᠭ   ᠤᠨ ᠬᠦᠵᠡᠯᠵᠡᠬᠡᠨ᠎ᠡ ᠶᠢᠨ ᠦᠵᠡᠰᠬᠦᠯᠡᠩ ᠤᠨ ᠤᠷᠤᠨ  ᠡᠷᠦᠬᠡ ᠰᠡᠬᠦᠵᠦ ᠡᠬᠦᠳᠡ  ᠪᠠᠨ  ᠨᠡᠭᠡᠭᠡᠬᠦ ᠳᠤ ᠲᠤᠰ ᠬᠤᠰᠢᠭᠤ ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠳᠠ ᠪᠠ  ᠵᠢᠭᠤᠯᠴᠢᠯᠠᠯ ᠤᠨ  ᠲᠠᠸᠠᠷ ᠤᠨ ᠦᠢᠯᠡᠳᠪᠦᠷᠢᠯᠡᠯ ᠡᠵᠡᠩᠨᠡᠯᠳᠡ ᠪᠠᠷ ᠭᠤᠤᠯ ᠪᠤᠯᠭᠠᠭᠰᠠᠨ 10 ᠭᠠᠷᠤᠢ ᠠᠵᠤ ᠠᠬᠤᠶᠢᠯᠠᠯ ᠢ  ᠵᠤᠬᠢᠶᠠᠨ ᠪᠠᠶᠢᠭᠤᠯᠵᠤ ᠦᠵᠰᠡᠬᠦᠯᠡᠩ ᠳᠤ  ᠤᠷᠤᠯᠴᠠᠭᠤᠯᠵᠠᠢ᠃  ᠡᠨᠡ  ᠤᠳᠠᠭᠠᠨ ᠤ ᠦᠵᠡᠰᠬᠦᠯᠡᠩ ᠨᠢ 7 ᠰᠠᠷ᠎ᠠ ᠠᠴᠠ 12 ᠰᠠᠷ᠎ᠠ ᠬᠦᠷᠳᠡᠯ᠎ᠡ ᠡᠬᠦᠳᠡ ᠪᠠᠨ ᠨᠡᠭᠡᠭᠡᠵᠦ ᠵᠤᠴᠢᠨ ᠤᠭᠳᠤᠬᠤ ᠪᠠᠷ ᠪᠠᠶᠢᠭ᠎ᠠ᠃    ᠲᠠᠶᠢᠹᠤᠰᠧ ᠬᠤᠰᠢᠭᠤᠨ ᠤ ᠦᠵᠡᠬᠦᠯᠦᠯᠬᠡ ᠶᠢᠨ ᠤᠷᠤᠨ ᠨᠢ  C ᠲᠤᠭᠤᠷᠢᠭ ᠲᠤ ᠪᠠᠶᠢᠷᠢᠯᠠᠨ᠂   ᠡᠵᠡᠯᠡᠬᠦ  ᠲᠠᠯᠠᠪᠠᠢ ᠨᠢ 500 ᠢᠯᠡᠬᠦᠦ ᠬᠠᠪᠳᠠᠭᠠᠢ ᠲᠦᠷᠪᠡᠯᠵᠢᠨ ᠮᠧᠲᠷ  ᠳᠤ  ᠬᠦᠷᠴᠦ᠂  C ᠲᠤᠭᠤᠷᠢᠭ ᠲᠠᠭᠠᠨ ᠬᠠᠮᠤᠭ ᠶᠡᠭᠡ  ᠦᠵᠡᠬᠦᠯᠦᠯᠬᠡ   ᠶᠢᠨ ᠤᠷᠤᠨ ᠨᠢ  ᠪᠤᠯᠵᠤ᠂  ᠵᠢᠭᠤᠯᠴᠢᠯᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠳᠠ᠂  ᠰᠤᠶᠤᠯ ᠢᠷᠭᠡᠨᠰᠢᠯ᠂  ᠵᠢᠭᠤᠯᠴᠢᠯᠠᠯ ᠤᠨ ᠲᠠᠸᠠᠷ  ᠵᠡᠷᠭᠡ ᠲᠦᠷᠪᠡᠨ ᠲᠤᠮᠤ  ᠭᠡᠰᠡᠭ ᠬᠤᠪᠢᠶᠠᠨ᠂  ᠦᠵᠡᠬᠦᠯᠦᠯᠬᠡ ᠨᠢ ᠵᠢᠷᠤᠭᠳᠤ ᠰᠠᠮᠪᠠᠷ᠎ᠠ᠂  ᠲᠧᠯᠸᠢᠰ ᠲᠡᠯᠭᠡᠴᠡ᠂   ᠠᠵᠢᠯᠳᠠᠨ ᠤ ᠠᠮᠠᠨ ᠲᠠᠨᠢᠯᠴᠠᠭᠤᠯᠭ᠎ᠠ ᠵᠡᠷᠭᠡ ᠭᠡᠯᠪᠡᠷᠢ   ᠪᠠᠷ ᠶᠠᠪᠤᠭᠳᠠᠵᠤ᠂  ︽ ᠲᠤᠮᠳᠠᠳᠤ ᠤᠯᠤᠰ ᠤᠨ ᠬᠠᠭᠠᠨ ᠤ ᠠᠳᠤᠭᠤᠨ ᠰᠤᠶᠤᠯ  ᠤᠨ ᠨᠤᠳᠤᠭ︾᠂ ︽ ᠲᠤᠮᠳᠠᠳᠤ ᠤᠯᠤᠰ ᠤᠨ ᠵᠠᠭᠤᠨ ᠰᠢᠯᠢᠳᠡᠭ ᠴᠡᠪᠡᠷ ᠠᠮᠢᠰᠬᠤᠯᠳᠤ ᠵᠢᠵᠢᠭ ᠬᠤᠳᠠ︾  ᠂ ︽ᠪᠦᠬᠦ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠰᠠᠭᠤᠷᠢᠨ ᠭᠠᠵᠠᠷ︾  ᠵᠡᠷᠭᠡ ᠶᠢᠨ ᠲᠤᠭᠤᠷᠢᠨ ᠳᠤ ᠲᠠᠯ᠎ᠠ ᠨᠤᠳᠤᠭ ᠤᠨ ᠦᠩᠬᠡ ᠦᠵᠡᠮᠵᠢ ᠬᠢᠭᠡᠳ  ᠦᠪ ᠰᠤᠶᠤᠯ ᠢ ᠵᠤᠴᠢᠳ ᠲᠤ ᠬᠠᠷᠠᠭᠤᠯᠵᠤ᠂ ᠲᠠᠨᠢᠭᠤᠯᠵᠤ  ᠂ ᠤᠶᠢᠯᠠᠭᠠᠭᠤᠯᠵᠤ ᠪᠠᠶᠢᠨ᠎ᠠ᠃ ᠡᠨᠡᠬᠦ ᠦᠵᠡᠰᠬᠦᠯᠡᠩ ᠢᠶᠠᠷ ᠲᠠᠮᠵᠢᠭᠠᠳ᠂ ᠲᠤᠰ ᠬᠤᠰᠢᠭᠤ ᠨᠢ ᠰᠤᠶᠤᠯ᠂ ᠵᠢᠭᠤᠯᠴᠢᠯᠠᠯ  ᠬᠢᠭᠡᠳ ᠤᠨᠴᠠᠯᠢᠭᠳᠤ ᠪᠦᠳᠦᠭᠡᠭᠳᠡᠬᠦᠨ ᠢᠶᠠᠨ ᠪᠡᠭᠡᠵᠢᠩ ᠤᠨ ᠬᠦᠮᠦᠰ ᠲᠤ  ᠤᠬᠠᠭᠤᠯᠵᠤ᠂  ᠨᠤᠳᠤᠭ ᠤᠷᠤᠨ ᠤ ᠪᠠᠨ ᠨᠡᠷ᠎ᠡ  ᠨᠦᠯᠦᠬᠡ ᠶᠢ  ᠶᠡᠭᠡᠰᠬᠡᠨ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠪᠠᠨ ᠪᠤᠷᠤᠯᠠᠭᠤᠯᠭ᠎ᠠ ᠶᠢᠨ ᠵᠠᠮ ᠢ  ᠦᠷᠭᠡᠳᠭᠡᠵᠦ᠂  ᠠᠵᠤ ᠠᠬᠤᠶᠢᠯᠠᠯ ᠤᠨ  ᠲᠠᠶᠢᠴᠢᠯᠠᠨ ᠲᠠᠭᠠᠭᠤᠯᠬᠤ ᠴᠢᠳᠠᠪᠤᠷᠢ ᠶᠢ ᠨᠡᠮᠡᠭᠳᠡᠬᠦᠯᠦᠨ᠂  ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ  ᠪᠤᠭᠤᠮᠳᠠ ᠰᠢᠪᠳᠤᠯᠬᠤ ᠠᠵᠢᠯ ᠢ ᠲᠦᠯᠬᠢᠨ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号