ᠭᠠᠯᠰᠠᠩᠰᠸᠧᠠᠩ
ᠨᠡᠶᠢᠲᠡᠯᠡᠭᠰᠡᠨ ᠴᠠᠭ᠄
2018/7/20
  ᠭᠠᠯᠰᠠᠩᠰᠸᠧᠠᠩ ︵1912 — 1980︶ ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠰᠢᠷ᠎ᠠ ᠬᠤᠰᠢᠭᠤᠨ ᠤ ᠬᠦᠮᠦᠨ᠃ ᠵᠡᠬᠦᠨ ᠭᠠᠷ ᠲᠠᠶᠢᠹᠤᠰᠧ ᠤᠨ ᠲᠠᠶᠢᠰᠠᠯᠠᠬᠤ ᠠᠮᠪᠠᠨ ᠪᠠᠶᠢᠭᠰᠠᠨ ᠰᠠᠮᠫᠢᠯᠨᠤᠷᠪᠤ ᠶᠢᠨ ᠬᠦᠪᠡᠬᠦᠨ᠃ ᠪᠠᠭ᠎ᠠ ᠵᠠᠯᠠᠭᠤ ᠨᠠᠰᠤᠨ ᠳᠠᠭᠠᠨ ᠬᠤᠰᠢᠭᠤ ᠨᠤᠳᠤᠭ ᠲᠠᠭᠠᠨ ᠪᠢᠴᠢᠭ ᠰᠤᠷᠴᠤ᠂  ᠬᠤᠷᠢᠳᠤᠭᠠᠷ ᠵᠠᠭᠤᠨ  ᠤ ᠭᠤᠴᠢᠭᠠᠳ ᠤᠨ ᠳᠤ ᠪᠡᠭᠡᠵᠢᠩ ᠳᠤ ᠮᠤᠩᠭᠤᠯ ᠲᠦᠪᠡᠳ ᠤᠨ ᠰᠤᠷᠭᠠᠭᠤᠯᠢ ᠳᠤ ᠰᠤᠷᠤᠯᠴᠠᠨ᠂ ᠨᠤᠳᠤᠭ ᠲᠠᠭᠠᠨ ᠲᠤᠭ᠎ᠠ ᠲᠠᠢ ᠬᠡᠳᠦᠬᠡᠨ ᠡᠷᠳᠡᠮ ᠰᠤᠶᠤᠯ ᠲᠠᠢ ᠬᠦᠮᠦᠨ ᠤ ᠨᠢᠬᠡ ᠨᠢ ᠪᠠᠶᠢᠪᠠ᠃ ᠴᠢᠯᠦᠭᠡᠯᠡᠭᠳᠡᠬᠦ ᠠᠴᠠ ᠡᠮᠦᠨ᠎ᠡ ᠲᠠᠶᠢᠹᠤᠰᠧ ᠵᠡᠬᠦᠨ ᠭᠠᠷ ᠬᠤᠰᠢᠭᠤᠨ ᠤ ᠵᠠᠰᠠᠭ ᠤᠨ ᠤᠷᠳᠤᠨ ᠳᠤ  ᠬᠤᠪᠢᠶᠠᠷᠢ ᠶᠢᠨ ᠲᠠᠷᠤᠭ᠎ᠠ᠂ ᠲᠡᠷᠢᠬᠦᠨ ᠰᠤᠮᠤᠨ ︽ᠬᠦᠪᠡᠭᠡᠳᠦ ᠰᠢᠷ᠎ᠠ︶ ᠤ ᠰᠤᠮᠤᠨ ᠵᠠᠩᠬᠢ ᠶᠢᠨ ᠲᠤᠰᠢᠶᠠᠯ ᠢ ᠬᠠᠷᠢᠭᠤᠴᠠᠵᠤ ᠦᠩᠭᠡᠷᠡᠵᠡᠢ᠃ ᠴᠢᠯᠦᠭᠡᠯᠡᠭᠳᠡᠭᠰᠡᠨ ᠤ ᠲᠠᠷᠠᠭ᠎ᠠ  ᠠᠷᠤ ᠭᠡᠷ ᠲᠡᠭᠡᠨ ᠠᠵᠢᠯ ᠬᠦᠳᠡᠯᠮᠦᠷᠢ   ᠳᠤ ᠤᠷᠤᠯᠴᠠᠵᠤ ᠪᠠᠶᠢᠭᠰᠠᠨ ᠪᠦᠬᠡᠳ ᠬᠠᠶᠠ ᠳᠠᠭᠠᠨ ᠬᠤᠰᠢᠭᠤ ᠵᠠᠰᠠᠭ ᠤᠨ ᠤᠷᠳᠤᠨ ᠤ ᠲᠠᠭᠤᠳᠠᠯᠭ᠎ᠠ ᠪᠠᠷ ᠬᠦᠷᠴᠦ ᠪᠢᠴᠢᠵᠦ ᠨᠠᠶᠢᠷᠠᠭᠤᠯᠬᠤ᠂ ᠤᠷᠴᠢᠭᠤᠯᠵᠤ ᠬᠡᠯᠡᠮᠦᠷᠴᠢᠯᠡᠬᠦ᠂  ᠪᠢᠴᠢᠵᠦ ᠵᠢᠷᠤᠬᠤ ᠵᠡᠷᠭᠡ ᠠᠵᠢᠯ ᠤᠳ ᠢ ᠬᠢᠵᠦ ᠪᠠᠶᠢᠪᠠ᠃ ᠲᠤᠬᠠᠢ ᠶᠢᠨ ᠦᠶ᠎ᠡ ᠳᠠᠬᠢ ᠬᠤᠰᠢᠭᠤ ᠵᠠᠰᠠᠭ ᠤᠨ ᠤᠷᠳᠤᠨ ᠤ ᠬᠠᠭᠠᠯᠭᠠᠨ ᠲᠡᠭᠡᠷᠡᠬᠢ ︽ᠲᠠᠶᠢᠹᠤᠰᠧ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ︾ ᠬᠡᠮᠡᠬᠦ ᠲᠠᠷᠤᠮᠠᠯ ᠲᠢᠭ ᠢᠶᠠᠷ ᠪᠢᠴᠢᠭᠰᠡᠨ ᠲᠤᠮᠤ ᠦᠰᠦᠭ ᠪᠤᠯ ᠲᠡᠬᠦᠨ ᠤ ᠪᠢᠴᠢᠮᠡᠯ ᠪᠤᠯᠤᠨ᠎ᠠ᠃ 1953 ᠤᠨ ᠳᠤ ᠬᠤᠪᠢᠰᠬᠠᠯ ᠤᠨ ᠠᠵᠢᠯ ᠳᠤ ᠤᠷᠤᠯᠴᠠᠵᠤ᠂ ᠫᠤᠤᠲ᠋ᠠᠶᠢᠶ᠋ᠢᠩᠽᠢ ᠶᠢᠨ ᠪᠠᠭ᠎ᠠ ᠰᠤᠷᠭᠠᠭᠤᠯᠢ ᠳᠤ ᠠᠷᠤ ᠲᠠᠯ᠎ᠠ ᠶᠢᠨ ᠠᠵᠢᠯ ᠢ ᠬᠠᠷᠢᠭᠤᠴᠠᠨ᠂ ᠲᠤᠰ ᠵᠢᠯ ᠤᠨ ᠬᠢᠨᠢ 11 ᠰᠠᠷ᠎ᠠ ᠳᠤ ᠴᠠᠬᠠᠷ ᠠᠶᠢᠮᠠᠭ ᠤᠨ ᠠᠷᠠᠳ ᠤᠨ ᠵᠦᠪᠯᠡᠯ ᠤᠨ ᠭᠡᠷᠡᠭ ᠡᠷᠬᠢᠯᠡᠬᠦ ᠭᠡᠷ ᠲᠤ ᠰᠢᠯᠵᠢᠵᠦ  ᠤᠷᠴᠢᠭᠤᠯᠤᠭᠴᠢ ᠪᠠᠷ ᠠᠵᠢᠯᠯᠠᠨ᠂ 1956 ᠤᠨ ᠳᠤ ᠴᠠᠬᠠᠷ ᠠᠶᠢᠮᠠᠭ ᠤᠨ ᠲᠦᠯᠦᠪᠯᠡᠬᠡᠨ ᠤ ᠺᠤᠮᠢᠰ ᠤᠨ ᠤᠷᠴᠢᠭᠤᠯᠤᠭᠴᠢ ᠪᠤᠯᠪᠠ᠃ 1958 ᠤᠨ ᠳᠤ ᠴᠠᠬᠠᠷ ᠰᠢᠯᠢ ᠶᠢᠨ ᠭᠤᠤᠯ ᠬᠤᠶᠠᠷ ᠠᠶᠢᠮᠠᠭ ᠨᠡᠶᠢᠯᠡᠬᠦ ᠦᠶᠡᠰ ᠨᠠᠰᠤᠳᠠᠢ ᠠᠪᠤ ᠡᠵᠢ ᠪᠤᠯᠤᠨ ᠭᠡᠷ ᠪᠦᠯᠢ ᠪᠠᠨ ᠬᠠᠷᠠᠭᠠᠯᠵᠠᠬᠤ ᠶᠢᠨ ᠲᠦᠯᠦᠬᠡ ᠦᠪᠡᠷ  ᠢᠶᠠᠨ ᠡᠷᠬᠦᠳᠡᠯ  ᠭᠠᠷᠭᠠᠨ᠂ ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠲᠤ ᠤᠷᠴᠢᠭᠤᠯᠤᠭᠴᠢ ᠪᠠᠷ ᠠᠵᠢᠯᠯᠠᠵᠠᠢ᠃ 1959 ᠤᠨ ᠳᠤ ᠬᠦᠨᠪᠤᠯᠠᠭ ᠰᠤᠮᠤᠨ ᠳᠠᠭᠠᠨ ᠰᠢᠯᠵᠢᠨ ᠠᠵᠢᠯᠯᠠᠵᠤ᠂ 1962 ᠤᠨ ᠠᠴᠠ ᠠᠴᠠ ᠫᠤᠤᠲ᠋ᠠᠶᠢᠶ᠋ᠢᠩᠽᠢ ᠶᠢᠨ ᠪᠠᠭ᠎ᠠ ᠰᠤᠷᠭᠠᠭᠤᠯᠢ ᠳᠤ ᠨᠢᠬᠳᠠᠯᠠᠨ ᠪᠤᠳᠤᠭᠴᠢ ᠪᠠᠷ ᠠᠵᠢᠯᠯᠠᠨ᠂ 1965 ᠤᠨ ᠳᠤ ᠠᠵᠢᠯ ᠢᠶᠠᠨ ᠴᠢᠯᠦᠬᠡᠯᠡᠵᠦ ᠭᠡᠷ ᠲᠡᠭᠡᠨ ᠬᠠᠷᠢᠪᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号