ᠮᠢᠴᠢᠳ
ᠨᠡᠶᠢᠲᠡᠯᠡᠭᠰᠡᠨ ᠴᠠᠭ᠄
2018/7/20

ᠮᠢᠴᠢᠳ ︵1810 —1988︶ ᠲᠠᠶᠢᠹᠤᠰᠧ ᠵᠡᠬᠦᠨ ᠭᠠᠷ ᠰᠦᠷᠦᠭ ᠤᠨ ᠠᠭᠳᠠ ᠬᠤᠰᠢᠭᠤᠨ ᠤ ᠪᠤᠮᠪᠠᠨ ᠳᠤ

ᠮᠠᠯᠴᠢᠨ ᠤ ᠭᠡᠷ ᠲᠤ ᠲᠦᠷᠦᠵᠡᠢ᠃ ᠰᠡᠬᠦᠯᠡᠷ ᠨᠢ ᠪᠤᠷᠤᠬᠤᠳᠠ ᠳᠤ ᠨᠤᠳᠤᠭᠰᠢᠪᠠ᠃ 1946 ᠤᠨ ᠳᠤ ᠠᠷᠠᠳ

 ᠤᠨ ᠴᠢᠯᠦᠬᠡᠯᠡᠬᠦ ᠴᠡᠷᠢᠭ ᠲᠤ ᠮᠤᠷᠳᠠᠵᠤ᠂ ᠬᠤᠸᠠᠪᠸᠢ ᠴᠡᠷᠢᠭ ᠤᠨ ᠲᠤᠭᠤᠷᠢᠭ ᠤᠨ ᠮᠤᠷᠢᠳᠤ ᠴᠡᠷᠢᠭ ᠤᠨ16

ᠳ᠋ᠤᠭᠠᠷ ᠳ᠋ᠢᠸᠢᠽᠢ ᠳᠤ ᠠᠯᠪᠠ ᠬᠠᠭᠠᠪᠠ᠃ ᠬᠤᠵᠢᠮ ᠨᠢ ᠲᠤᠰ ᠳ᠋ᠢᠸᠢᠽᠢ ᠶᠢᠨ ᠠᠷᠤ ᠲᠠᠯ᠎ᠠ ᠶᠢᠨ ᠭᠠᠵᠠᠷ ᠤᠨ

ᠲᠡᠭᠡᠭᠡᠪᠦᠷᠢ ᠶᠢᠨ ᠠᠩᠬᠢ ᠳᠤ ᠲᠡᠳ᠋ ᠰᠠᠯᠠᠭᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠠᠢ᠃ 1948 ᠤᠨ ᠤ 5

ᠰᠠᠷ᠎ᠠ ᠳᠤ ᠰᠢᠯᠤᠭᠤᠨ ᠴᠠᠭᠠᠨ ᠬᠤᠰᠢᠭᠤᠨ ᠤ ᠬᠤᠭᠤᠯᠠᠳᠤ ᠶᠢᠨ ᠰᠦᠮ᠎ᠡ ᠤᠷᠴᠢᠮ ᠲᠡᠭᠡᠭᠡᠪᠦᠷᠢ ᠶᠢᠨ ᠡᠬᠦᠷᠭᠡ

ᠬᠦᠢᠴᠡᠳᠭᠡᠵᠦ ᠶᠠᠪᠤᠬᠤ ᠳᠠᠭᠠᠨ ᠰᠦᠨᠢ ᠲᠦᠯᠢ ᠦᠷᠬᠦᠭᠰᠡᠨ ᠲᠡᠮᠡᠬᠡᠨ ᠠᠴᠠ ᠪᠠᠨ ᠬᠠᠶᠠᠭᠳᠠᠵᠤ᠂ ᠵᠡᠬᠦᠨ ᠭᠠᠷ ᠢᠶᠠᠨ

ᠪᠡᠷᠳᠡᠭᠡᠭᠡᠳ᠂ ᠴᠡᠷᠢᠭ ᠶᠢᠨ  ᠡᠮᠨᠡᠯᠬᠡ   ᠳᠤ ᠵᠠᠰᠠᠯ ᠬᠢᠯᠬᠡᠵᠦ  ᠭᠠᠷ ᠢᠶᠠᠨ ᠲᠠᠭᠠᠷᠢᠭᠤᠯᠤᠭᠰᠠᠨ ᠪᠠᠶᠢᠨ᠎ᠠ᠃  1950

ᠤᠨ ᠤ 12 ᠰᠠᠷ᠎ᠠ ᠳᠤ ᠴᠡᠷᠢᠭ ᠠᠴᠠ ᠪᠠᠨ ᠬᠠᠯᠠᠭᠳᠠᠭᠠᠳ᠂ ᠨᠤᠳᠤᠭ ᠲᠠᠭᠠᠨ ᠬᠠᠷᠢᠵᠤ ᠮᠠᠯ ᠠᠵᠤ ᠠᠬᠤᠢ ᠶᠢᠨ

ᠦᠢᠯᠡᠳᠪᠦᠷᠢᠯᠡᠯ ᠳᠤ  ᠤᠷᠤᠯᠴᠠᠭᠠᠳ᠂  ᠬᠤᠰᠢᠭᠤ ᠰᠤᠮᠤᠨ ᠤ ᠬᠦᠳᠡᠯᠮᠦᠷᠢ ᠶᠢᠨ ᠵᠢᠱᠢᠶᠡᠴᠢ᠂ ᠲᠡᠷᠢᠬᠦᠨ ᠤ

ᠮᠠᠯᠴᠢᠨ ᠢᠶᠠᠷ ᠤᠯᠠᠨ ᠤᠳᠠᠭ᠎ᠠ ᠬᠦᠬᠢᠬᠦᠯᠦᠭᠳᠡᠵᠡᠢ᠃  ᠠᠷᠠᠳ ᠤᠨ ᠶᠠᠪᠤᠳᠠᠯ ᠤᠨ ᠶᠠᠮᠤᠨ ᠠᠴᠠ ᠮᠢᠴᠢᠳ ᠲᠤ

ᠬᠤᠶᠠᠳᠤᠭᠠᠷ ᠲᠡᠰ ᠤᠨ ᠵᠡᠮᠳᠡᠭ ᠴᠡᠷᠢᠭ ᠤᠨ ᠦᠨᠡᠮᠯᠡᠯ ᠤᠯᠭᠤᠵᠠᠢ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号