ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠰᠠᠨᠠᠯ ᠬᠤᠷᠢᠶᠠᠬᠤ  ᠶᠠᠷᠢᠯᠴᠠᠯᠭ᠎ᠠ  ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-14
     ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠰᠠᠨᠠᠯ ᠬᠤᠷᠢᠶᠠᠬᠤ  ᠶᠠᠷᠢᠯᠴᠠᠯᠭ᠎ᠠ ᠶᠢᠨ ᠬᠤᠷᠠᠯ  ᠬᠤᠷᠠᠯᠳᠤᠭᠤᠯᠵᠤ᠂  ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠲᠤᠭᠳᠠᠭᠤᠨ ᠢᠶᠠᠷ ᠬᠦᠭᠵᠢᠬᠦ ᠶᠢ ᠲᠦᠯᠬᠢᠨ ᠠᠬᠢᠭᠤᠯᠬᠤ  ᠲᠤᠬᠠᠢ  ᠬᠤᠰᠢᠭᠤᠨ ᠤ ᠭᠡᠰᠡᠭ ᠰᠠᠯᠠᠭ᠎ᠠ ᠮᠦᠴᠢᠷ ᠤᠨ ᠲᠦᠯᠦᠭᠡᠯᠡᠭᠴᠢᠳ ᠤᠨ ᠰᠠᠨᠠᠯ ᠪᠠ ᠰᠠᠨᠠᠭᠤᠯᠭ᠎ᠠ ᠶᠢ ᠰᠤᠨᠤᠰᠪᠠ᠃
     ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠴᠠᠩ ᠪᠤᠤ ᠵᠦᠩ ᠬᠤᠷᠠᠯ ᠳᠤ ᠤᠷᠤᠯᠴᠠᠵᠤ᠂  ᠡᠨᠡ  ᠤᠳᠠᠭᠠᠨ ᠤ ᠬᠤᠷᠠᠯ ᠤᠨ ᠭᠤᠤᠯ ᠰᠡᠳᠦᠪ ᠪᠠ ᠠᠭᠤᠯᠭ᠎ᠠ ᠶᠢ ᠲᠠᠨᠢᠯᠴᠠᠭᠤᠯᠤᠨ᠂ ᠬᠤᠷᠠᠯ ᠤᠨ ᠤᠷᠤᠯᠴᠠᠭᠰᠠᠳ ᠤᠨ ᠪᠤᠳᠠᠳᠠᠢ ᠲᠠᠢ ᠪᠠᠨ ᠤᠶᠠᠯᠳᠤᠭᠤᠯᠵᠤ ᠰᠠᠨᠠᠯ  ᠰᠠᠨᠠᠭᠤᠯᠭ᠎ᠠ ᠪᠠᠨ ᠢᠳᠡᠪᠬᠢᠳᠡᠢ ᠲᠤᠷᠠᠳᠬᠤ ᠶᠢ ᠬᠦᠰᠡᠭᠰᠡᠨ ᠪᠠᠶᠢᠨ᠎ᠠ᠃ ᠬᠤᠷᠠᠯ ᠲᠡᠭᠡᠷ᠎ᠡ  ᠬᠤᠰᠢᠭᠤᠨ ᠤ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ᠂ ᠨᠠᠮ ᠤᠨ ᠲᠦᠯᠦᠭᠡᠯᠡᠭᠴᠢ᠂ ᠪᠠᠭᠰᠢ ᠶᠢᠨ ᠲᠦᠯᠦᠭᠡᠯᠡᠭᠴᠢ᠂ ᠡᠮᠴᠢ ᠰᠤᠪᠢᠯᠠᠭᠴᠢ ᠶᠢᠨ ᠲᠦᠯᠦᠭᠡᠯᠡᠭᠴᠢ ᠨᠠᠷ ᠠᠴᠠ ᠰᠠᠨᠠᠯ ᠪᠤᠳᠤᠯ ᠢᠶᠠᠨ ᠲᠡᠯᠬᠡᠨ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂  ᠲᠠᠯ᠎ᠠ ᠲᠠᠯ᠎ᠠ ᠶᠢᠨ ᠰᠠᠨᠠᠯ ᠰᠠᠨᠠᠭᠤᠯᠭ᠎ᠠ ᠪᠠᠨ ᠲᠡᠪᠰᠢᠬᠦᠯᠵᠡᠢ᠃
      ᠤᠯᠠᠨ ᠤ ᠰᠠᠨᠠᠯ ᠢ ᠰᠤᠨᠤᠰᠤᠭᠰᠠᠨ ᠤ ᠲᠠᠷᠠᠭ᠎ᠠ᠂ ᠴᠠᠩ ᠪᠤᠤ ᠵᠦᠩ ᠠᠴᠠ ︽ᠡᠳᠡᠭᠡᠷ ᠰᠠᠨᠠᠯ ᠰᠠᠨᠠᠭᠤᠯᠭ᠎ᠠ ᠨᠢ ᠮᠠᠨ  ᠤ ᠬᠤᠰᠢᠭᠤᠨ ᠤ ᠨᠡᠶᠢᠬᠡᠮ ᠤᠨ ᠡᠯ᠎ᠡ ᠡᠳᠡᠭᠡᠳ ᠤᠨ ᠺᠠᠳᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂  ᠮᠠᠰᠢ ᠰᠠᠶᠢᠨ ᠴᠢᠭᠯᠡᠩᠬᠦᠢ ᠴᠢᠨᠠᠷᠳᠠᠢ ᠦᠨᠡᠨᠴᠢ ᠰᠠᠨᠠᠯ ᠤᠳ ᠪᠤᠯᠤᠨ᠎ᠠ᠂  ᠬᠤᠰᠢᠭᠤ ᠨᠠᠮ ᠵᠠᠰᠠᠭ ᠠᠴᠠ ᠲᠡᠭᠡᠳᠦ ᠬᠡᠮᠵᠢᠶ᠎ᠡ  ᠪᠠᠷ ᠬᠦᠨᠳᠦᠳᠭᠡᠵᠦ᠂ ᠨᠠᠷᠢᠨ ᠨᠢᠮᠪᠠᠢ ᠰᠤᠳᠤᠯᠤᠨ  ᠂ ᠬᠤᠶᠢᠰᠢᠳᠠ ᠶᠢᠨ ᠠᠵᠢᠯ ᠤᠨ ᠲᠤᠮᠳᠠ ᠪᠠᠨ ᠠᠷᠭ᠎ᠠ ᠠᠪᠴᠢᠯ ᠢ ᠲᠡᠬᠦᠯᠳᠡᠷᠵᠢᠬᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠡᠶᠡᠯᠡᠬᠦᠯᠦᠨ᠂  ᠡᠯ᠎ᠡ ᠡᠳᠡᠭᠡᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠲᠦᠪᠯᠡᠷᠡᠬᠦᠯᠵᠦ᠂ ᠪᠦᠬᠦ ᠬᠤᠰᠢᠭᠤᠨ ᠤ ᠠᠵᠢᠯ ᠦᠢᠯᠡᠰ ᠢ  ᠰᠢᠨ᠎ᠡ ᠱᠠᠳᠤᠨ ᠳᠤ ᠲᠦᠯᠬᠢᠨ ᠠᠬᠢᠭᠤᠯᠬᠤ  ᠭᠡᠷᠡᠭᠳᠡᠢ︾ ᠬᠡᠵᠦ ᠵᠢᠭᠠᠵᠤ ᠭᠠᠷᠭᠠᠭᠰᠠᠨ ᠪᠠᠶᠢᠨ᠎ᠠ᠃        ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号