ᠪᠡᠭᠡᠵᠢᠩ ᠠᠴᠠ ᠲᠠᠶᠢᠹᠤᠰᠧ ᠬᠦᠷᠬᠦ  ︽ᠢᠳᠡᠰᠢᠨ ᠨᠤᠭᠤᠭᠠᠨ ᠤ ᠵᠦᠬᠡᠬᠡᠪᠦᠷᠢ ᠶᠢᠨ ᠰᠢᠭᠤᠳ ᠲᠡᠷᠭᠡ︾  ᠨᠡᠪᠳᠡᠷᠡᠯ᠎ᠡ
ᠨᠡᠶᠢᠲᠡᠯᠡᠭᠰᠡᠨ ᠴᠠᠭ᠄
2019-01-18
      1 ᠰᠠᠷ᠎ᠠ ᠶᠢᠨ 6 ᠤ ᠡᠳᠦᠷ᠂ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠠᠵᠢᠯ ᠤᠨ ᠨᠢᠬᠡ ᠲᠦᠷᠦᠯ ᠪᠤᠯᠬᠤ  ᠪᠡᠭᠡᠵᠢᠩ ᠠᠴᠠ ᠲᠠᠶᠢᠹᠤᠰᠧ ᠬᠦᠷᠬᠦ  ︽ᠢᠳᠡᠰᠢᠨ ᠨᠤᠭᠤᠭᠠᠨ ᠤ ᠵᠦᠬᠡᠬᠡᠪᠦᠷᠢ ᠶᠢᠨ ᠰᠢᠭᠤᠳ ᠲᠡᠷᠭᠡ︾   ᠶᠢᠨ ᠨᠡᠪᠳᠡᠷᠡᠬᠦ ᠶᠤᠰᠤᠯᠠᠯ ᠲᠠᠶᠢᠹᠤᠰᠧ ᠬᠤᠰᠢᠭᠤᠨ ᠤ ᠢ ᠶᠤᠸᠠᠨ ᠲᠠᠷᠢᠶᠠᠯᠠᠩ ᠤᠨ ᠦᠢᠯᠡᠰ ᠤᠨ ᠬᠢᠵᠠᠭᠠᠷᠳᠤ ᠺᠤᠮᠫᠠᠨᠢ ᠳᠤ ᠶᠠᠪᠤᠭᠳᠠᠵᠤ᠂  ᠰᠢᠨ᠎ᠡ ᠰᠤᠷᠭᠤᠭ  ᠢᠳᠡᠰᠢᠨ ᠨᠤᠭᠤᠭ᠎ᠠ  ᠲᠡᠭᠡᠭᠡᠪᠦᠷᠢᠯᠡᠭᠰᠡᠨ ᠠᠴᠢᠶᠠᠨ ᠤ ᠮᠠᠰᠢᠨ ᠨᠤᠭᠤᠳ ᠮᠤᠷᠳᠠᠬᠤ ᠳᠤ ᠪᠡᠯᠡᠨ ᠪᠤᠯᠤᠯ᠎ᠠ᠃
       ᠲᠤᠰ ᠲᠦᠷᠦᠯ ᠵᠦᠢᠯ ᠪᠤᠯ ᠲᠠᠶᠢᠹᠤᠰᠧ ᠬᠤᠰᠢᠭᠤ ᠨᠢ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠡᠵᠡᠮᠳᠡᠨ᠂  ᠴᠠᠩ ᠫᠢᠩ ᠲᠤᠭᠤᠷᠢᠭ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂   ᠬᠤᠳᠠᠯᠳᠤᠭᠠᠨ ᠤ ᠶᠠᠪᠤᠳᠠᠯ ᠤᠨ ᠵᠦᠪᠯᠡᠯ ᠵᠡᠷᠭᠡ ᠰᠠᠯᠠᠭ᠎ᠠ ᠮᠦᠴᠢᠷ  ᠤᠨ ᠲᠡᠮᠵᠢᠯᠬᠡ ᠶᠢ ᠤᠯᠵᠤ᠂  ᠪᠡᠭᠡᠵᠢᠩ ᠤᠨ ᠴᠤᠸᠠᠩ ᠰᠢᠨ ᠶᠢᠨ ᠢᠤᠢ ᠬᠢᠵᠠᠭᠠᠷᠳᠤ ᠬᠠᠮᠢᠶᠠᠷᠤᠯᠳᠠ ᠶᠢᠨ ᠺᠤᠮᠫᠠᠨᠢ ᠬᠢᠭᠡᠳ ᠲᠠᠶᠢᠹᠤᠰᠧ ᠬᠤᠰᠢᠭᠤᠨ ᠤ ᠢ ᠶᠤᠸᠠᠨ ᠲᠠᠷᠢᠶᠠᠯᠠᠩ ᠤᠨ ᠦᠢᠯᠡᠰ ᠤᠨ ᠬᠢᠵᠠᠭᠠᠷᠳᠤ ᠺᠤᠮᠫᠠᠨᠢ ᠬᠤᠶᠠᠷ ᠠᠵᠤ ᠠᠵᠤ ᠠᠬᠤᠶᠢᠯᠠᠯ ᠠᠴᠠ ᠬᠠᠮᠳᠤᠷᠠᠨ ᠭᠡᠷᠡᠭᠵᠢᠬᠦᠯᠦᠭᠰᠡᠨ ᠲᠦᠷᠦᠯ ᠵᠦᠢᠯ  ᠶᠤᠮ᠃  ᠲᠦᠷᠦᠯ ᠵᠦᠢᠯ ᠤᠨ ᠭᠤᠤᠯ ᠠᠭᠤᠯᠭ᠎ᠠ ᠪᠤᠯ  ᠴᠤᠸᠠᠩ ᠰᠢᠨ ᠶᠢᠨ ᠢᠤᠢ ᠺᠤᠮᠫᠠᠨᠢ   ᠨᠢ ᠪᠡᠭᠡᠵᠢᠩ ᠤᠨ ᠱᠦᠢ ᠲᠦᠨ ᠵᠠᠬ᠎ᠠ ᠲᠡᠯᠬᠡᠬᠦᠷ ᠠᠴᠠ  50 ᠭᠠᠷᠤᠢ ᠵᠦᠢᠯ ᠤᠨ ᠵᠢᠮᠢᠰ᠂  80 ᠭᠠᠷᠤᠢ ᠵᠦᠢᠯ ᠤᠨ ᠢᠳᠡᠰᠢᠨ ᠨᠤᠭᠤᠭ᠎ᠠ ᠶᠢ ᠲᠤᠰᠬᠠᠢ ᠲᠡᠷᠭᠡ ᠪᠠᠷ  ᠵᠦᠬᠡᠬᠡᠪᠦᠷᠢᠯᠡᠨ ᠲᠠᠶᠢᠹᠤᠰᠧ ᠬᠤᠰᠢᠭᠤᠨ ᠳᠤ ᠬᠦᠷᠭᠡᠵᠦ᠂  ᠢ ᠶᠤᠸᠠᠨ ᠺᠤᠮᠫᠠᠨᠢ ᠶᠢᠨ ᠬᠢᠨ ᠵᠤᠭᠤᠷᠢᠯᠠᠵᠤ ᠬᠠᠳᠠᠭᠠᠯᠠᠬᠤ ᠪᠠ ᠪᠤᠤᠴᠠᠩ ᠪᠠᠯᠭᠠᠰᠤᠨ ᠳᠠᠬᠢ ᠪᠤᠷᠤᠯᠠᠭᠤᠯᠭ᠎ᠠ ᠶᠢᠨ ᠠᠵᠢᠯ ᠢ  ᠬᠠᠷᠢᠭᠤᠴᠠᠬᠤ ᠪᠦᠬᠡᠳ ᠲᠠᠶᠢᠹᠤᠰᠧ ᠬᠤᠰᠢᠭᠤᠨ ᠤ ᠮᠸᠢ ᠼᠦᠨ ᠢᠦ ᠭᠸᠦ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠺᠤᠮᠫᠠᠨᠢ ᠠᠴᠠ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠤᠳᠠᠰ ᠤᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠰᠢᠰᠲ᠋ᠧᠮ ᠢ ᠠᠰᠢᠭᠯᠠᠨ᠂ ᠰᠤᠮᠤ ᠰᠢᠶᠠᠩ ᠪᠠᠯᠭᠠᠰᠤᠨ ᠤ 124  ᠡᠯᠧᠺᠲᠷᠤᠨ ᠬᠤᠳᠠᠯᠳᠤᠭᠠᠨ ᠤ  ᠦᠢᠯᠡᠴᠢᠯᠡᠬᠡᠨ ᠤ ᠦᠷᠳᠡᠭᠡ   ᠳᠤ ᠡᠳᠦᠷ ᠪᠦᠷᠢ ᠦᠨ᠎ᠡ ᠲᠦᠯᠦᠪᠦᠷᠢ ᠦᠬᠡᠢ ᠲᠤᠬᠢᠷᠠᠭᠤᠯᠤᠨ ᠬᠦᠷᠭᠡᠵᠦ᠂  ᠬᠦᠳᠡᠭᠡ ᠲᠤᠰᠬᠤᠨ ᠤ ᠦᠢᠯᠡᠴᠢᠯᠡᠬᠡᠨ ᠤ ᠦᠷᠳᠡᠭᠡ ᠨᠢ ᠰᠦᠯᠵᠢᠶᠡᠨ   ᠤ ᠵᠠᠬᠢᠶᠠᠯᠠᠭ᠎ᠠ ᠪᠤᠶᠤ  ᠲᠡᠯᠬᠡᠬᠦᠷ   ᠤᠨ ᠪᠤᠷᠤᠯᠠᠭᠤᠯᠭ᠎ᠠ  ᠬᠤᠶᠠᠷ ᠵᠦᠢᠯ ᠤᠨ ᠠᠷᠭ᠎ᠠ   ᠪᠠᠷ  ᠨᠤᠭᠤᠭ᠎ᠠ ᠵᠢᠮᠢᠰ ᠢ ᠬᠤᠳᠠᠯᠳᠤᠨ ᠪᠤᠷᠤᠯᠠᠭᠤᠯᠤᠨ᠎ᠠ᠃  ᠡᠳᠡᠭᠡᠷ ᠨᠤᠭᠤᠭ᠎ᠠ ᠵᠢᠮᠢᠰ ᠤᠨ ᠦᠨ᠎ᠡ ᠬᠠᠩᠰᠢ ᠨᠢ ᠤᠶᠢᠷ᠎ᠠ ᠬᠠᠪᠢ ᠶᠢᠨ ᠭᠠᠵᠠᠷ ᠤᠷᠤᠨ ᠤ ᠨᠤᠭᠤᠭ᠎ᠠ ᠵᠢᠮᠢᠰ ᠤᠨ ᠵᠠᠬ᠎ᠠ ᠲᠡᠯᠬᠡᠬᠦᠷ ᠠᠴᠠ ᠤᠷᠤᠭᠤᠯᠬᠤ ᠬᠠᠩᠰᠢ ᠠᠴᠠ ᠪᠦᠷ ᠲᠤᠤᠷ᠎ᠠ ᠮᠦᠷᠳᠡᠭᠡᠨ ᠺᠠᠷᠲ ᠪᠠᠷ ᠲᠠᠩᠰᠠᠯᠠᠭᠰᠠᠨ ᠶᠠᠳᠠᠭᠤ ᠬᠦᠴᠢᠷᠳᠡᠯᠳᠡᠢ ᠡᠷᠦᠬᠡ ᠳᠤ ᠪᠤᠯ ᠤᠷᠤᠭᠤᠯᠤᠭᠰᠠᠨ ᠦᠨ᠎ᠡ ᠶᠢᠨ ᠰᠠᠭᠤᠷᠢᠨ ᠲᠡᠭᠡᠷ᠎ᠡ ᠪᠠᠰᠠ 8 ᠶᠢᠨ ᠨᠤᠭᠤᠯᠤᠯ ᠢᠶᠠᠷ  ᠬᠢᠮᠳᠠᠷᠠᠬᠤ ᠪᠤᠯᠤᠨ᠎ᠠ ᠃  
     ᠡᠨᠡᠬᠦ ᠲᠦᠷᠦᠯ ᠵᠦᠢᠯ ᠢ ᠭᠡᠷᠡᠭᠵᠢᠬᠦᠯᠦᠭᠰᠡᠨ ᠨᠢ  ᠲᠤᠰ ᠬᠤᠰᠢᠭᠤᠨ ᠤ ᠠᠷᠠᠳ ᠢᠷᠭᠡᠳ ᠲᠤ ᠰᠢᠨ᠎ᠡ ᠰᠤᠷᠭᠤᠭ ᠮᠦᠷᠳᠡᠭᠡᠨ ᠦᠨ᠎ᠡ ᠬᠢᠮᠳᠠ  ᠵᠢᠮᠢᠰ ᠨᠤᠭᠤᠭ᠎ᠠ ᠬᠠᠩᠭᠠᠭᠰᠠᠨ ᠢᠶᠠᠷ ᠪᠠᠷᠠᠬᠤ ᠦᠬᠡᠢ᠂ ᠬᠤᠳᠠ ᠪᠠᠯᠭᠠᠰᠤ ᠠᠴᠠ ᠬᠤᠯᠠ  ᠨᠤᠳᠤᠭᠯᠠᠭᠰᠠᠨ ᠮᠠᠯᠴᠢᠨ ᠲᠠᠷᠢᠶᠠᠴᠢᠨ ᠤ ᠬᠤᠳᠠ ᠶᠢᠨ ᠬᠦᠮᠦᠰ ᠲᠠᠢ ᠠᠳᠠᠯᠢ ᠪᠠᠷ ᠰᠢᠨ᠎ᠡ ᠰᠤᠷᠭᠤᠭ ᠵᠢᠮᠢᠰ ᠨᠤᠭᠤᠭ᠎ᠠ ᠤᠯᠵᠤ ᠢᠳᠡᠬᠦ  ᠠᠰᠠᠭᠤᠳᠠᠯ ᠢ ᠰᠢᠢᠳᠪᠦᠷᠢᠯᠡᠵᠦ᠂  ᠨᠡᠩ ᠢᠯᠠᠩᠭᠤᠶ᠎ᠠ  ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠡᠷᠦᠬᠡ   ᠳᠤ  ᠶᠡᠬᠡᠬᠡᠨ ᠲᠦᠬᠦᠮ ᠦᠵᠡᠬᠦᠯᠵᠦ ᠠᠰᠢᠭ ᠬᠦᠷᠳᠡᠭᠡᠭᠰᠡᠨ ᠪᠠᠶᠢᠨ᠎ᠠ᠃   ︽ᠢᠳᠡᠰᠢᠨ ᠨᠤᠭᠤᠭᠠᠨ ᠤ ᠵᠦᠬᠡᠬᠡᠪᠦᠷᠢ ᠶᠢᠨ ᠰᠢᠭᠤᠳ ᠲᠡᠷᠭᠡ︾   ᠨᠢ ᠪᠡᠭᠡᠵᠢᠩ ᠤᠨ ᠨᠤᠭᠤᠭ᠎ᠠ ᠵᠢᠮᠢᠰ ᠢ  ᠨᠠᠰᠢ ᠵᠦᠬᠡᠬᠡᠪᠦᠷᠢᠯᠡᠬᠦ ᠪᠠᠷ ᠪᠠᠷᠠᠬᠤ ᠦᠬᠡᠢ᠂ ᠪᠤᠴᠠᠬᠤ ᠲᠡᠷᠭᠡᠨ ᠲᠡᠭᠡᠷ᠎ᠡ ᠪᠠᠨ ᠲᠠᠶᠢᠹᠤᠰᠧ ᠬᠤᠰᠢᠭᠤᠨ ᠤ  ᠲᠦᠮᠦᠰᠦ᠂  ᠬᠤᠯᠢᠮᠠᠭ ᠠᠮᠤ᠂ ᠤᠯᠠᠭᠠᠨ ᠢᠳᠡᠭᠡᠨ ᠵᠡᠷᠭᠡ  ᠤᠨᠴᠠᠯᠢᠭᠳᠤ ᠪᠦᠳᠦᠭᠡᠭᠳᠡᠬᠦᠨ ᠢ  ᠲᠡᠭᠡᠭᠡᠪᠦᠷᠢᠯᠡᠨ ᠠᠪᠠᠴᠢᠵᠤ᠂   ᠴᠠᠩ ᠫᠢᠩ ᠲᠤᠭᠤᠷᠢᠭ ᠲᠤ ᠪᠠᠶᠢᠭ᠎ᠠ 7 ᠡᠷᠦᠬᠡ  ᠴᠤᠸᠠᠩ ᠰᠢᠨ ᠶᠢᠨ ᠢᠤᠢ  ᠰᠢᠨ᠎ᠡ ᠰᠤᠷᠭᠤᠭ ᠵᠢᠮᠢᠰ ᠨᠤᠭᠤᠭᠠᠨ ᠤ ᠴᠢᠯᠦᠬᠡᠳᠦ ᠲᠡᠯᠬᠡᠬᠦᠷ ᠲᠤ ᠪᠤᠷᠤᠯᠠᠭᠤᠯᠬᠤ  ᠪᠤᠯᠬᠤᠷ᠂ ᠲᠤᠰ ᠬᠤᠰᠢᠭᠤᠨ ᠤ ᠮᠠᠯᠴᠢᠨ ᠲᠠᠷᠢᠶᠠᠴᠢᠨ ᠤ ᠠᠰᠢᠭ ᠤᠷᠤᠯᠭ᠎ᠠ ᠶᠢ ᠴᠤ ᠵᠤᠬᠢᠬᠤ ᠬᠡᠮᠵᠢᠶ᠎ᠡ ᠪᠠᠷ ᠨᠡᠮᠡᠭᠳᠡᠬᠦᠯᠬᠦ ᠪᠤᠯᠤᠨ᠎ᠠ᠃    ᠲᠡᠷᠭᠡ ᠨᠡᠪᠳᠡᠷᠡᠬᠦ ᠶᠤᠰᠤᠯᠠᠯ ᠲᠡᠭᠡᠷ᠎ᠡ᠂  ᠠᠵᠤ ᠠᠬᠤᠶᠢᠯᠠᠯ ᠠᠴᠠ ᠲᠤᠰ ᠬᠤᠰᠢᠭᠤᠨ ᠤ 51 ᠡᠷᠦᠬᠡ ᠶᠠᠳᠠᠭᠤ ᠬᠦᠴᠢᠷᠳᠡᠯᠳᠡᠢ ᠠᠶᠢᠯ ᠡᠷᠦᠬᠡ ᠳᠤ ᠦᠨ᠎ᠡ ᠲᠦᠯᠦᠪᠦᠷᠢ ᠦᠬᠡᠢ ᠪᠠᠷ ᠵᠢᠮᠢᠰ ᠨᠤᠭᠤᠭ᠎ᠠ  ᠬᠦᠷᠭᠡᠭᠰᠡᠨ ᠤ ᠬᠠᠮᠳᠤ᠂ ᠬᠤᠩ ᠱᠧᠩ ᠲᠤᠰᠬᠤᠨ ᠳᠤ ᠬᠦᠨᠵᠡᠬᠡᠶᠢᠷᠡᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠠᠶᠢᠯ ᠡᠷᠦᠬᠡ ᠶᠢ ᠰᠢᠨ᠎ᠡ ᠰᠤᠷᠭᠤᠭ ᠵᠢᠮᠢᠰ ᠨᠤᠭᠤᠭ᠎ᠠ ᠪᠠᠷ ᠲᠤᠬᠤᠨᠢᠭᠤᠯᠤᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号