ᠵᠤᠤ ᠱᠧᠩ᠂ ᠪᠤᠷᠤᠬᠦᠦ ᠵᠡᠷᠭᠡ ᠤᠳᠤᠷᠢᠳᠤᠯᠭ᠎ᠠ ᠲᠠᠶᠢᠹᠤᠰᠧ ᠬᠤᠰᠢᠭᠤᠨ ᠤ ︽ᠬᠠᠭᠠᠨ ᠤ ᠠᠳᠤᠭᠤᠨ ᠵᠤᠰᠠᠭᠠᠯ︾ ᠳᠤ ᠬᠦᠨᠵᠡᠭᠡᠶᠢᠷᠡᠵᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-10-17
    10 ᠰᠠᠷ᠎ᠠ ᠶᠢᠨ 15 ᠤ ᠡᠳᠦᠷ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠲᠡᠳ᠋ ᠲᠡᠷᠢᠬᠦᠯᠡᠭᠴᠢ  ᠵᠤᠤ ᠱᠧᠩ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂   ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ ᠵᠡᠷᠭᠡ ᠤᠳᠤᠷᠢᠳᠤᠯᠭ᠎ᠠ ᠤᠯᠤᠰ ᠤᠨ AAAA ᠲᠡᠰ ᠤᠨ ᠵᠢᠭᠤᠯᠴᠢᠯᠠᠯ ᠤᠨ ᠦᠵᠡᠮᠵᠢᠳᠦ ᠤᠷᠤᠨ ᠪᠤᠯᠬᠤ ᠲᠠᠶᠢᠹᠤᠰᠧ ᠬᠤᠰᠢᠭᠤᠨ ᠤ ︽ᠬᠠᠭᠠᠨ ᠤ ᠠᠳᠤᠭᠤᠨ ᠵᠤᠰᠠᠭᠠᠯ︾  ᠵᠢᠭᠤᠯᠴᠢᠯᠠᠯ ᠤᠨ ᠦᠵᠡᠮᠵᠢᠳᠦ ᠤᠷᠤᠨ ᠳᠤ ᠬᠦᠨᠵᠡᠭᠡᠶᠢᠷᠡᠨ ᠠᠬᠤᠢ ᠲᠠᠯᠠᠪᠠᠢ ᠶᠢᠨ ᠪᠠᠶᠢᠴᠠᠭᠠᠨ ᠰᠤᠳᠤᠯᠤᠯᠳᠠ ᠬᠢᠵᠦ ᠂  ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠦᠢᠯᠡᠰ ᠢᠶᠠᠷ ᠶᠠᠳᠠᠭᠤ ᠶᠢ  ᠲᠡᠳᠬᠦᠵᠦ ᠪᠠᠶᠢᠭ᠎ᠠ ᠠᠵᠢᠯ ᠤᠨ ᠪᠠᠶᠢᠳᠠᠯ ᠢ ᠤᠶᠢᠯᠠᠭᠠᠪᠠ᠃      ᠵᠤᠤ ᠱᠧᠩ᠂ ᠪᠤᠷᠤᠬᠦᠦ ᠵᠡᠷᠭᠡ ᠤᠳᠤᠷᠢᠳᠤᠯᠭ᠎ᠠ ᠵᠢᠭᠤᠯᠴᠢᠯᠠᠯ ᠤᠨ ᠤᠷᠤᠨ ᠤ ᠠᠳᠤᠭᠤᠨ ᠰᠤᠶᠤᠯ ᠤᠨ ᠮᠦᠽᠸᠢ   ᠶᠢ ᠲᠤᠭᠤᠷᠢᠨ ᠦᠵᠡᠵᠦ᠂  ᠮᠤᠷᠢᠨ ᠮᠡᠷᠭᠡᠵᠢᠯ ᠤᠨ  ᠦᠵᠡᠬᠦᠯᠦᠯᠬᠡ ᠶᠢ ᠰᠤᠨᠢᠷᠬᠠᠭᠰᠠᠨ ᠤ ᠬᠠᠮᠳᠤ᠂   ᠵᠢᠭᠤᠯᠴᠢᠯᠠᠯ ᠤᠨ ᠤᠷᠤᠨ ᠤ ᠬᠠᠷᠢᠭᠤᠴᠠᠯᠭᠠᠳᠠᠨ ᠠᠴᠠ ᠲᠤᠬᠠᠢ ᠶᠢᠨ ᠭᠠᠵᠠᠷ ᠤᠨ  ᠶᠠᠳᠠᠭᠤ ᠬᠦᠴᠢᠷᠳᠡᠯᠳᠡᠢ ᠡᠷᠦᠬᠡ  ᠳᠤ ᠠᠵᠢᠯ ᠤᠯᠭᠤᠵᠤ ᠪᠠᠶᠢᠭ᠎ᠠ ᠪᠠᠶᠢᠳᠠᠯ ᠢ  ᠨᠠᠷᠢᠨ ᠨᠢᠮᠪᠠᠢ ᠠᠰᠠᠭᠤᠨ ᠤᠶᠢᠯᠠᠭᠠᠭᠰᠠᠨ ᠪᠠᠶᠢᠯ᠎ᠠ᠃     ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ  ᠡᠤ ᠭᠧᠨ ᠸᠠ᠂  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠳ᠋ᠦᠩ᠂  ᠬᠤᠰᠢᠭᠤ  ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ  ᠲᠦᠩ ᠢᠤᠢ ᠴᠢᠨ᠂ ᠲᠡᠬᠦᠰ ᠨᠠᠷ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃  ᠬᠤᠰᠢᠭᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠲᠠᠷᠤᠭ᠎ᠠ ᠵᠤ᠋ ᠸᠧᠢ ᠰᠤᠶᠤᠯ ᠵᠢᠭᠤᠯᠴᠢᠯᠠᠯ ᠢᠶᠠᠷ ᠶᠠᠳᠠᠭᠤ ᠶᠢ ᠳᠡᠳᠬᠦᠬᠦ ᠠᠵᠢᠯ ᠤᠨ ᠲᠤᠬᠠᠢ ᠬᠠᠷᠢᠭᠤ ᠮᠡᠳᠡᠬᠦᠯᠦᠯᠳᠡ ᠬᠢᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠰᠤᠷᠠᠭ ᠵᠠᠩᠬᠢ ᠶᠢᠨ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号