︽2019᠂ ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠱᠤᠭᠤᠮ ᠤᠨ ᠠᠶᠠᠯᠠᠯ︾  ᠲᠠᠶᠢᠹᠤᠰᠧ ᠬᠤᠰᠢᠭᠤ ᠠᠴᠠ ᠡᠬᠢᠯᠡᠪᠡ
ᠨᠡᠶᠢᠲᠡᠯᠡᠭᠰᠡᠨ ᠴᠠᠭ᠄
2019-10-02
 ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠨ᠂  ︽ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠱᠤᠭᠤᠮ︾ ᠢᠶᠠᠨ ᠤᠯᠠᠮ ᠰᠠᠶᠢᠨ ᠤᠬᠠᠭᠤᠯᠤᠨ  ᠲᠠᠨᠢᠭᠤᠯᠵᠤ᠂ ᠰᠢᠯᠢ ᠶᠢᠨ ᠭᠤᠤᠯ   ᠤᠨ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠤᠨ ᠠᠯᠳᠠᠷᠰᠢᠯ ᠪᠠ ᠨᠦᠯᠦᠬᠡᠯᠡᠯ ᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠶᠢᠨ ᠲᠦᠯᠦᠬᠡ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ  ᠷᠠᠳᠢᠤ᠋ ᠲᠧᠯᠸᠢᠰ ᠤᠨ ᠲᠤᠪᠴᠢᠶ᠎ᠠ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂  ᠪᠡᠭᠡᠵᠢᠩ ᠤᠨ ᠵᠠᠩ ᠢᠷᠭᠡᠨᠰᠢᠯ ᠤᠨ ᠵᠢᠭᠤᠯᠴᠢᠯᠠᠯ ᠤᠨ ᠨᠡᠶᠢᠬᠡᠮᠯᠢᠭ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠤᠶᠤᠯ ᠵᠢᠭᠤᠯᠴᠢᠯᠠᠯ   ᠢ ᠪᠡᠯᠡ ᠤᠷᠤᠭᠤᠯᠤᠨ ᠬᠦᠭᠵᠢᠬᠦᠯᠬᠦ ᠬᠢᠵᠠᠭᠠᠷᠳᠤ ᠺᠤᠮᠫᠠᠨᠢ  ᠂ ᠪᠠᠷᠠᠭᠤᠨ ᠦᠵᠦᠮᠦᠴᠢᠨ ᠬᠤᠰᠢᠭᠤᠨ ᠤ ᠰᠤᠶᠤᠯ ᠲᠠᠮᠢᠷ ᠵᠢᠭᠤᠯᠴᠢᠯᠠᠯ  ᠷᠠᠳᠢᠤ᠋ ᠲᠧᠯᠸᠢᠰ ᠤᠨ ᠲᠤᠪᠴᠢᠶ᠎ᠠ᠂ ᠲᠠᠶᠢᠹᠤᠰᠧ ᠬᠤᠰᠢᠭᠤᠨ ᠤ ᠰᠤᠶᠤᠯ ᠲᠠᠮᠢᠷ ᠵᠢᠭᠤᠯᠴᠢᠯᠠᠯ  ᠷᠠᠳᠢᠤ᠋ ᠲᠧᠯᠸᠢᠰ ᠤᠨ ᠲᠤᠪᠴᠢᠶ᠎ᠠ  ᠂ ᠲᠤᠯᠤᠨ ᠨᠤᠤᠷ ᠰᠢᠶᠠᠨ ᠤ ᠰᠤᠶᠤᠯ ᠲᠠᠮᠢᠷ ᠵᠢᠭᠤᠯᠴᠢᠯᠠᠯ  ᠷᠠᠳᠢᠤ᠋ ᠲᠧᠯᠸᠢᠰ ᠤᠨ ᠲᠤᠪᠴᠢᠶ᠎ᠠ  ᠂ ᠪᠡᠭᠡᠵᠢᠩ ᠤᠨ ᠴᠢ ᠯᠢᠩ ᠮᠤ᠋ ᠯᠠᠩ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠠᠴᠠ ᠬᠠᠷᠢᠭᠤᠴᠠᠨ ᠡᠷᠬᠢᠯᠡᠭᠰᠡᠨ  ︽2019᠂ ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠱᠤᠭᠤᠮ ᠤᠨ ᠠᠶᠠᠯᠠᠯ︾   ᠤᠨ  ᠠᠵᠢᠯᠯᠠᠭᠠᠨ ᠤ ᠡᠬᠢᠯᠡᠯᠳᠡ ᠶᠢᠨ ᠶᠤᠰᠤᠯᠠᠯ10 ᠰᠠᠷ᠎ᠠ ᠶᠢᠨ 1 ᠤ ᠡᠳᠦᠷ  ᠲᠠᠶᠢᠹᠤᠰᠧ ᠬᠤᠰᠢᠭᠤᠨ   ᠳᠤ ᠶᠠᠪᠤᠭᠳᠠᠪᠠ᠃  ᠡᠨᠡ  ᠤᠳᠠᠭᠠᠨ ᠤ ᠠᠵᠢᠯᠯᠠᠭ᠎ᠠ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠡᠭᠡᠵᠢᠩ᠂ ᠲᠢᠶᠠᠨᠵᠢᠨ᠂ ᠾᠧᠪᠸᠢ᠂  ᠱᠠᠨ ᠰᠢ  ᠂ ᠦᠪᠦᠷ ᠮᠤᠩᠭᠤᠯ ᠵᠡᠷᠭᠡ  ᠮᠤᠵᠢ ᠤᠷᠤᠨ ᠤ 100  ᠮᠠᠰᠢᠨ᠂  300 ᠬᠦᠮᠦᠨ ᠤᠷᠤᠯᠴᠠᠵᠤ᠂   ᠲᠠᠶᠢᠹᠤᠰᠧ  ᠬᠤᠰᠢᠭᠤ ᠠᠴᠠ ᠡᠬᠢᠯᠡᠨ ᠬᠤᠶᠢᠰᠢ ᠠᠶᠠᠯᠠᠵᠤ᠂  ᠵᠠᠮ ᠲᠠᠭᠠᠤ ᠰᠢᠯᠢ ᠶᠢᠨ ᠭᠤᠤᠯ ᠠᠶᠢᠮᠠᠭ ᠤᠨ ᠨᠠᠮᠤᠷ ᠤᠨ ᠦᠵᠡᠮᠵᠢ ᠶᠢ ᠰᠤᠨᠢᠷᠬᠠᠨ ᠶᠠᠪᠤᠬᠤ ᠪᠤᠯᠤᠨ᠎ᠠ᠃      ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂   ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠷᠤᠬᠦᠦ ᠡᠬᠢᠯᠡᠯᠳᠡ ᠶᠢᠨ ᠶᠤᠰᠤᠯᠠᠯ ᠳᠤ  ᠤᠷᠤᠯᠴᠠᠨ ᠠᠵᠢᠯᠯᠠᠭ᠎ᠠ ᠡᠬᠢᠯᠡᠭᠰᠡᠨ ᠢ ᠨᠡᠶᠢᠳᠡᠯᠡᠵᠦ᠂ ᠠᠶᠢᠮᠠᠭ ᠤᠨ ᠰᠤᠶᠤᠯ ᠲᠠᠮᠢᠷ ᠵᠢᠭᠤᠯᠴᠢᠯᠠᠯ  ᠷᠠᠳᠢᠤ᠋ ᠲᠧᠯᠸᠢᠰ ᠤᠨ ᠲᠤᠪᠴᠢᠶᠠᠨ ᠤ ᠲᠡᠳ᠋ ᠲᠠᠷᠤᠭ᠎ᠠ ᠯᠢᠦ ᠰᠢᠶᠤᠤ ᠮᠢᠨ  ᠂ ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ  ᠡᠷᠳᠡᠨᠢᠪᠠᠭᠠᠳᠤᠷ ᠪᠠᠶᠠᠷ ᠤᠨ ᠦᠬᠡ  ᠬᠡᠯᠡᠪᠡ᠃  ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠦᠯᠵᠡᠶᠢᠪᠠᠶᠠᠷ  ᠪᠤᠯᠤᠨ ᠲᠠᠶᠢᠹᠤᠰᠧ ᠬᠤᠰᠢᠭᠤᠨ  ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ  ᠵᠢᠴᠢ ᠪᠡᠭᠡᠵᠢᠩ ᠤᠨ ᠵᠠᠩ ᠢᠷᠭᠡᠨᠰᠢᠯ ᠤᠨ ᠵᠢᠭᠤᠯᠴᠢᠯᠠᠯ ᠤᠨ ᠨᠡᠶᠢᠬᠡᠮᠯᠢᠭ ᠤᠨ ᠬᠢᠨ᠂  ᠬᠤᠪᠢ ᠶᠢᠨ ᠮᠠᠰᠢᠨ ᠤ ᠠᠶᠠᠯᠠᠯ ᠤᠨ ᠪᠠᠭ᠋ᠠᠳᠠᠳ᠂  ᠲᠤᠬᠠᠢ ᠶᠢᠨ ᠭᠠᠵᠠᠷ ᠤᠨ ᠤᠯᠠᠨ ᠲᠦᠮᠡᠨ ᠢ ᠪᠠᠭᠳᠠᠭᠠᠭᠰᠠᠨ ᠮᠢᠩᠭ᠎ᠠ ᠰᠢᠬᠠᠮ ᠬᠦᠮᠦᠨ ᠡᠬᠢᠯᠡᠯᠳᠡ ᠶᠢᠨ ᠶᠤᠰᠤᠯᠠᠯ ᠳᠤ  ᠤᠷᠤᠯᠴᠠᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠰᠤᠷᠠᠭ ᠵᠠᠩᠬᠢ ᠶᠢᠨ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号