ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ  2019 ᠤᠨ ᠤ  11 ᠳ᠋ᠤᠭᠡᠷ ᠤᠳᠠᠭᠠᠨ ᠤ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2019-11-15
  11 ᠰᠠᠷ᠎ᠠ ᠶᠢᠨ 13 ᠤ ᠡᠳᠦᠷ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ  ᠲᠡᠳ᠋ ᠲᠡᠷᠢᠬᠦᠯᠡᠭᠴᠢ᠂   ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠷᠤᠬᠦᠦ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ   ᠤᠨ 2019 ᠤᠨ ᠤ 11 ᠳ᠋ᠤᠭᠡᠷ  ᠤᠳᠠᠭᠠᠨ ᠤ  ᠰᠤᠷᠤᠯᠴᠠᠬᠤ ᠬᠤᠷᠠᠯ ᠵᠢᠴᠢ  ︽ᠤᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ   ᠤᠨ ᠲᠦᠪᠯᠡᠷᠡᠨ ᠰᠤᠷᠤᠯᠴᠠᠬᠤ ᠬᠤᠷᠠᠯ ᠢ  ᠡᠷᠬᠢᠯᠡᠨ ᠬᠤᠷᠠᠯᠳᠤᠭᠤᠯᠵᠤ᠂  ᠬᠤᠰᠢᠭᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠶᠢᠨ ᠮᠢᠩ᠂  ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠡᠤ ᠭᠧᠨ ᠸᠠ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ  ᠴᠢᠶᠤᠤ ᠵᠢᠶᠠᠨ ᠴᠢᠶᠠᠩ᠂   ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠨ᠂   ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢ ᠵᠠᠨ ᠷᠦᠢ᠂   ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠨ᠂   ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ  ᠵᠦᠪᠯᠡᠯ ᠤᠨ ᠡᠷᠬᠢᠯᠡᠭᠴᠢ ᠵᠸᠦ ᠫᠸᠢ ᠯᠦᠩ᠂   ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠨ᠂    ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠸᠧᠢ ᠬᠤᠩ᠂  ᠬᠤᠰᠢᠭᠤ ᠨᠠᠮ ᠤᠨ ᠬᠤᠷᠢᠶᠠᠨ ᠤ  ᠪᠠᠶᠢᠩᠭᠤ  ᠶᠢᠨ ᠭᠡᠰᠢᠬᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠳ᠋ᠦᠩ  ᠵᠡᠷᠭᠡ ᠤᠳᠤᠷᠢᠳᠤᠯᠭ᠎ᠠ ᠬᠤᠷᠠᠯ ᠳᠤ ᠤᠷᠤᠯᠴᠠᠪᠠ᠃ ᠪᠤᠷᠤᠬᠦᠦ ᠬᠤᠷᠠᠯ  ᠲᠡᠭᠡᠷ᠎ᠡ ᠵᠢᠭᠠᠵᠤ ᠭᠠᠷᠭᠠᠬᠤ ᠳᠠᠭᠠᠨ᠂  ︽ᠤᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ   ᠤᠨ ᠦᠷ᠎ᠡ ᠪᠦᠳᠦᠬᠡᠯ ᠤᠨ ᠭᠡᠷᠡᠭᠯᠡᠯᠳᠡ ᠶᠢ ᠰᠠᠶᠢᠳᠤᠷ ᠠᠳᠬᠤᠵᠤ᠂ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠬᠡ ᠠᠯᠬᠤᠮ  ᠲᠡᠭᠡᠭᠰᠢᠯᠡᠬᠦᠯᠦᠨ  ᠂ ᠭᠤᠤᠯ ᠰᠡᠳᠦᠪᠳᠦ ᠬᠦᠮᠦᠵᠢᠯ ᠤᠨ ᠱᠠᠭᠠᠷᠳᠠᠭᠰᠠᠨ ᠡᠯ᠎ᠡ ᠭᠤᠭᠴᠤᠭᠠᠨ ᠤ ᠠᠵᠢᠯ ᠢ ᠯᠠᠪᠳᠠᠭᠤᠨ ᠪᠠᠳᠤᠳᠠᠢ᠂ ᠨᠠᠷᠢᠨ ᠨᠢᠮᠪᠠᠢ ᠬᠢᠵᠦ᠂  ᠠᠷᠠᠳ ᠲᠦᠮᠡᠨ ᠳᠤ ᠦᠢᠯᠡᠴᠢᠯᠡᠬᠦ ᠶᠢ ᠭᠤᠤᠯ ᠰᠡᠳᠦᠪᠳᠦ  ᠬᠦᠮᠦᠵᠢᠯ ᠤᠨ ᠡᠬᠦᠰᠦᠴᠡ ᠪᠠ ᠵᠤᠭᠰᠤᠴᠠ ᠪᠤᠯᠭᠠᠨ᠂ ᠰᠠᠨᠠᠭ᠎ᠠ ᠲᠠᠯᠪᠢᠵᠤ ᠬᠦᠴᠦᠨ ᠤᠷᠤᠭᠤᠯᠤᠨ ᠠᠷᠠᠳ ᠲᠦᠮᠡᠨ ᠳᠤ ᠰᠠᠶᠢᠨ ᠠᠵᠢᠯ᠂ ᠪᠤᠳᠠᠳᠠᠢ ᠠᠵᠢᠯ ᠬᠢᠵᠦ᠂  ᠨᠠᠮ ᠠᠷᠠᠳ ᠲᠦᠮᠡᠨ ᠤ ᠬᠠᠷᠢᠴᠠᠭ᠎ᠠ᠂ ᠺᠠᠳᠠᠷ ᠠᠷᠠᠳ ᠲᠦᠮᠡᠨ ᠤ ᠬᠠᠷᠢᠴᠠᠭ᠎ᠠ ᠶᠢ ᠤᠯᠠᠮ ᠴᠢᠨᠠᠭᠰᠢᠳᠠ ᠨᠢᠬᠳᠠᠷᠠᠭᠤᠯᠬᠤ ᠭᠡᠷᠡᠭᠳᠡᠢ ᠬᠡᠪᠡ᠃      ᠪᠤᠷᠤᠬᠦᠦ ᠪᠠᠰᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠪᠠᠳᠤᠳᠠᠢ  ᠠᠬᠢᠭᠤᠯᠵᠤ᠂  ᠬᠠᠤᠯᠢ ᠴᠠᠭᠠᠵᠠ ᠶᠢᠨ ᠰᠠᠯᠠᠭ᠎ᠠ ᠮᠦᠴᠢᠷ ᠨᠢ ᠦᠵᠡᠯ ᠰᠠᠨᠠᠭ᠎ᠠ ᠪᠠᠨ ᠨᠢᠬᠡᠳᠭᠡᠨ᠂  ᠬᠠᠮᠳᠤᠷᠠᠯ ᠤᠨ ᠬᠦᠴᠦᠨ ᠢᠶᠠᠨ  ᠴᠢᠩᠭᠠᠳᠬᠠᠵᠤ᠂  ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠬᠠᠷ᠎ᠠ ᠪᠦᠯᠦᠭᠳᠡᠨ ᠬᠠᠷᠬᠢᠰ ᠬᠦᠴᠦᠨ   ᠤ ︽ᠠᠷᠤ ᠲᠦᠰᠢᠭ︾ ᠢ ᠴᠢᠩᠭ᠎ᠠ  ᠪᠠᠶᠢᠴᠠᠭᠠᠨ᠂  ᠲᠤᠰᠬᠠᠢ ᠲᠡᠮᠡᠴᠡᠯ ᠤᠨ ᠨᠡᠩ ᠶᠡᠭᠡ  ᠠᠮᠵᠢᠯᠳᠠ ᠪᠦᠳᠦᠮᠵᠢ ᠤᠯᠬᠤ ᠶᠢ ᠪᠠᠳᠤᠯᠠᠬᠤ ᠭᠡᠷᠡᠭᠳᠡᠢ᠃  ᠱᠠᠰᠢᠨ ᠰᠤᠷᠳᠠᠬᠤᠨ ᠤ ᠠᠵᠢᠯ ᠤᠨ ᠡᠯ᠎ᠡ ᠲᠦᠷᠦᠯ ᠤᠨ ᠡᠬᠦᠷᠭᠡ ᠶᠢ ᠨᠢᠮᠪᠠᠢ ᠪᠡᠶᠡᠯᠡᠬᠦᠯᠵᠦ᠂  ᠱᠠᠰᠢᠨ ᠰᠢᠳᠦᠭᠴᠢ ᠤᠯᠠᠨ ᠲᠦᠮᠡᠨ ᠲᠠᠢ ᠨᠢᠬᠳᠠ ᠬᠠᠷᠢᠴᠠᠨ᠂ ᠤᠯᠤᠰ ᠲᠦᠷᠦ ᠲᠡᠭᠡᠷ᠎ᠡ ᠨᠢᠬᠳᠠᠷᠠᠨ  ᠪᠦᠯᠬᠦᠮᠳᠡᠵᠦ᠂  ᠱᠠᠰᠢᠨ ᠰᠢᠳᠦᠯᠬᠡ ᠲᠡᠭᠡᠷ᠎ᠡ ᠬᠠᠷᠢᠯᠴᠠᠨ ᠬᠦᠨᠳᠦᠳᠭᠡᠵᠦ᠂  ᠬᠦᠴᠢᠷᠳᠡᠯ ᠪᠠᠶᠢᠪᠠᠯ ᠦᠨᠡᠨ ᠰᠡᠳᠬᠢᠯ ᠢᠶᠠᠷ ᠬᠠᠪᠰᠤᠷᠤᠨ ᠰᠢᠢᠳᠪᠦᠷᠢᠯᠡᠵᠦ᠂  ᠱᠠᠰᠢᠨ ᠰᠢᠳᠦᠭᠴᠢ ᠤᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠳᠡᠭᠡᠬᠦ ᠭᠡᠷᠡᠭᠳᠡᠢ᠃  ᠨᠠᠮ ᠤᠨ ᠱᠠᠰᠢᠨ ᠰᠤᠷᠳᠠᠬᠤᠨ ᠤ ᠠᠵᠢᠯ ᠤᠨ ᠴᠢᠭᠯᠡᠯᠳᠡ ᠶᠢ ᠡᠷᠡᠰ ᠲᠤᠤᠱᠯᠠᠭᠤᠯᠵᠤ᠂  ᠢᠳᠡᠭᠡᠯ ᠢᠶᠠᠨ ᠪᠠᠳᠤᠳᠬᠠᠨ᠂  ᠵᠤᠷᠢᠭ ᠲᠠᠢ ᠤᠷᠤᠭᠰᠢᠯᠠᠵᠤ᠂ ᠪᠦᠬᠦ ᠬᠤᠰᠢᠭᠤᠨ ᠤ   ᠱᠠᠰᠢᠨ ᠰᠤᠷᠳᠠᠬᠤᠨ ᠤ ᠠᠵᠢᠯ ᠤᠨ ᠰᠢᠨ᠎ᠡ ᠬᠡᠪ ᠪᠠᠶᠢᠳᠠᠯ ᠢ ᠡᠬᠦᠳᠬᠦ ᠭᠡᠷᠡᠭᠳᠡᠢ  ᠬᠡᠵᠦ ᠱᠠᠭᠠᠷᠳᠠᠭᠰᠠᠨ ᠪᠠᠶᠢᠨ᠎ᠠ᠃      ᠬᠤᠷᠠᠯ ᠲᠡᠭᠡᠷ᠎ᠡ᠂  ᠰᠢ ᠶᠢᠨ ᠫᠢᠩ ᠶᠡᠷᠦᠩᠬᠡᠢ ᠱᠦᠵᠢ ᠶᠢᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠠᠷᠪᠠᠨ ᠲᠤᠯᠤᠳᠤᠭᠠᠷ  ᠤᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠲᠡᠭᠡᠷ᠎ᠡ ᠶᠠᠷᠢᠭᠰᠠᠨ ᠶᠠᠷᠢᠶᠠᠨ ᠤ ᠵᠤᠷᠢᠭ ᠰᠠᠨᠠᠭ᠎ᠠ᠂  ᠲᠤᠮᠳᠠᠳᠤ ᠤᠯᠤᠰ ᠤᠨ ᠡᠪ ᠬᠠᠮᠳᠤ ᠨᠠᠮ ᠤᠨ  ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ  ᠲᠦᠷᠪᠡᠳᠦᠭᠡᠷ  ᠪᠦᠬᠦᠳᠡ ᠬᠤᠷᠠᠯ ᠤᠨ ᠵᠤᠷᠢᠭ ᠰᠠᠨᠠᠭ᠎ᠠ᠂  ᠰᠢ ᠶᠢᠨ ᠫᠢᠩ ᠶᠡᠷᠦᠩᠬᠡᠢ ᠱᠦᠵᠢ ᠶᠢᠨ ᠱᠠᠰᠢᠨ ᠰᠤᠷᠳᠠᠬᠤᠨ ᠤ ᠠᠵᠢᠯ ᠤᠨ ᠲᠤᠬᠠᠢ ᠴᠢᠬᠤᠯᠠ  ᠦᠬᠦᠯᠡᠯᠳᠡ ᠵᠢᠴᠢ ᠨᠠᠮ ᠤᠨ ᠲᠡᠦᠬᠡ᠂  ᠰᠢᠨ᠎ᠡ ᠲᠤᠮᠳᠠᠳᠤ ᠤᠯᠤᠰ ᠤᠨ ᠲᠡᠦᠬᠡ ᠵᠡᠷᠭᠡ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠰᠤᠷᠤᠯᠴᠠᠭᠰᠠᠨ ᠪᠠᠶᠢᠨ᠎ᠠ᠃ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠠᠯᠪᠠᠨ ᠭᠡᠷ ᠤᠨ ᠠᠯᠪᠠᠨ ᠭᠡᠷ ᠤᠨ ᠡᠷᠬᠢᠯᠡᠭᠴᠢ᠂  ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ   ᠤᠨ ᠪᠢᠴᠢᠬᠡᠴᠢ ᠨᠡᠷ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号