ᠲᠠᠶᠢᠹᠤᠰᠧ ᠬᠤᠰᠢᠭᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ  ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-15
    ᠤᠷᠴᠢᠮᠬᠠᠨ᠂  ᠲᠠᠶᠢᠹᠤᠰᠧ ᠬᠤᠰᠢᠭᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ  ᠠᠵᠢᠯ ᠤᠨ ᠤᠳᠤᠷᠢᠳᠬᠤ ᠲᠤᠭᠤᠶᠢᠯᠠᠩ ᠤᠨ  ᠬᠤᠷᠠᠯᠳᠤᠭᠤᠯᠵᠤ᠂  ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠸᠦ ᠫᠸᠢ ᠯᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠲᠡᠳ᠋ ᠬᠤᠰᠢᠭᠤ ᠲᠠᠷᠤᠭ᠎ᠠ᠂  ᠦᠪᠡᠷᠳᠡᠭᠡᠨ ᠵᠠᠰᠠᠬᠤ ᠤᠷᠤᠨ ᠤ ᠲᠠᠶᠢᠹᠤᠰᠧ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠬᠤ ᠠᠩᠬᠢ ᠶᠢᠨ ᠲᠡᠳ᠋ ᠶᠡᠷᠦᠩᠬᠡᠢ ᠠᠩᠬᠢ ᠶᠢᠨ ᠲᠠᠷᠤᠭ᠎ᠠ ᠵᠠᠩ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠤᠬᠠᠭᠤᠯᠬᠤ ᠭᠡᠯᠳᠡᠰ ᠤᠨ ᠲᠠᠷᠤᠭ᠎ᠠ ᠯᠢ ᠴᠦᠨ ᠭᠤᠸᠠᠩ᠂ ᠲᠡᠳ᠋ ᠬᠤᠰᠢᠭᠤ ᠲᠠᠷᠤᠭ᠎ᠠ ᠶᠢᠨ ᠸᠧᠢ ᠵᠦᠩ  ᠨᠠᠷ ᠬᠤᠷᠠᠯ ᠳᠤ ᠤᠷᠤᠯᠴᠠᠪᠠ᠃  ᠪᠤᠷᠤᠬᠦᠦ ᠬᠤᠷᠠᠯ ᠡᠷᠬᠢᠯᠡᠭᠰᠡᠨ ᠪᠦᠬᠡᠳ ᠤᠳᠤᠬᠠᠨ ᠤ ᠡᠯ᠎ᠡ ᠲᠦᠷᠦᠯ ᠤᠨ ᠭᠤᠤᠯᠳᠠᠯᠭ᠎ᠠ  ᠲᠠᠢ ᠪᠠ ᠪᠤᠳᠠᠳᠠᠢ ᠠᠵᠢᠯ ᠢ ᠰᠠᠶᠢᠳᠤᠷ ᠠᠳᠬᠤᠬᠤ ᠲᠤᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃  ᠲᠤᠬᠠᠶᠢᠯᠠᠪᠠᠯ᠂ ᠨᠢᠬᠡ ᠳᠤ᠂ ᠦᠵᠡᠯ ᠰᠠᠨᠠᠭ᠎ᠠ ᠪᠠᠨ ᠤᠯᠠᠮ ᠴᠢᠩᠭᠠᠳᠬᠠᠵᠤ᠂ ᠬᠠᠷᠠᠯᠳᠠ ᠪᠠᠨ ᠤᠯᠠᠮ ᠲᠦᠪᠯᠡᠷᠡᠬᠦᠯᠦᠨ᠂  ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠤᠨ ᠴᠢᠬᠤᠯᠠ  ᠴᠢᠨᠠᠷ ᠪᠠ ᠪᠠᠴᠢᠮ ᠲᠤᠯᠭᠠᠮ᠎ᠠ ᠴᠢᠨᠠᠷ ᠢ ᠬᠦᠨᠵᠡᠬᠡᠢ ᠲᠠᠨᠢᠬᠤ ᠭᠡᠷᠡᠭᠳᠡᠢ ᠃ ᠬᠤᠶᠠᠷ ᠲᠤ᠂  ᠠᠰᠠᠭᠤᠳᠠᠯ ᠤᠨ ᠵᠢᠯᠤᠭᠤᠳᠤᠮᠵᠢ ᠶᠢ  ᠴᠢᠬᠤᠯᠠᠴᠢᠯᠠᠵᠤ᠂ ᠲᠤᠳᠠᠭᠤᠳᠠᠯ ᠢᠶᠠᠨ ᠨᠦᠬᠦᠪᠦᠷᠢᠯᠡᠬᠦ ᠶᠢ  ᠴᠢᠩᠭ᠎ᠠ ᠠᠳᠬᠤᠨ᠂  ᠰᠢᠯᠭᠠᠨ ᠪᠠᠶᠢᠴᠠᠭᠠᠯᠳᠠ ᠶᠢ ᠤᠭᠳᠤᠬᠤ ᠰᠠᠭᠤᠷᠢ ᠶᠢ  ᠪᠠᠳᠤᠳᠬᠠᠵᠤ᠂  ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠳᠡᠭᠡᠨ ᠡᠷᠭᠡᠪᠰᠢ ᠨᠡᠶᠢᠳᠡᠮ ᠬᠠᠮᠤᠷᠤᠨ᠂ ᠨᠡᠬᠦᠯᠬᠡᠨ ᠰᠢᠯᠵᠢᠬᠦᠯᠵᠦ ᠲᠦᠪᠬᠢᠨᠡᠬᠦᠯᠬᠦ ᠳᠤ ᠡᠷᠭᠡᠪᠰᠢ ᠠᠬᠢᠴᠠ ᠶᠢ ᠲᠦᠷᠭᠡᠳᠬᠡᠨ᠂  ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠡᠷᠭᠡᠪᠰᠢ ᠦᠨᠡᠨ ᠪᠤᠳᠠᠳᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠡᠷᠭᠡᠪᠰᠢ ᠪᠠᠷᠢᠮᠵᠢᠶ᠎ᠠ ᠳᠤ ᠬᠦᠷᠭᠡᠨ᠂  ᠶᠠᠳᠠᠭᠤ ᠶᠢ ᠳᠡᠳᠬᠦᠬᠦ ᠪᠡᠯᠡ  ᠮᠦᠩᠬᠦ   ᠶᠢ ᠡᠷᠭᠡᠪᠰᠢ ᠪᠦᠬᠦᠨ ᠢ ᠨᠠᠶᠢᠳᠠᠪᠤᠷᠢᠵᠢᠭᠤᠯᠬᠤ ᠭᠡᠷᠡᠭᠳᠡᠢ᠃  ᠭᠤᠷᠪᠠ ᠳᠤ᠂  ᠡᠬᠦᠷᠭᠡ ᠬᠠᠷᠢᠭᠤᠴᠠᠯᠭ᠎ᠠ ᠶᠢ ᠲᠠᠬᠢᠨᠳᠠ ᠴᠢᠩᠭᠠᠳᠬᠠᠵᠤ᠂  ᠠᠷᠭ᠎ᠠ ᠪᠤᠳᠤᠯᠭ᠎ᠠ ᠶᠢ ᠲᠠᠬᠢᠨᠳᠠ ᠨᠠᠷᠢᠯᠢᠬᠵᠢᠭᠤᠯᠵᠤ᠂ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂  ᠶᠠᠳᠠᠭᠤ ᠠᠴᠠ ᠠᠩᠬᠢᠵᠢᠷᠠᠬᠤ ᠴᠢᠨᠠᠷ ᠴᠢᠨᠰᠠᠭ᠎ᠠ   ᠶᠢ ᠴᠢᠬᠤᠯᠠᠴᠢᠯᠠᠨ᠂  ᠶᠠᠳᠠᠭᠤ ᠠᠴᠠ ᠠᠩᠬᠢᠵᠢᠷᠠᠬᠤ ᠠᠬᠢᠴᠠ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂  ᠲᠤᠭ᠎ᠠ ᠪᠠᠷᠢᠮᠳᠠ ᠰᠢᠩᠬᠡᠬᠡᠬᠦ ᠪᠡ ᠲᠠᠩᠰᠠ ᠮᠠᠲ᠋ᠧᠷᠢᠶᠠᠯ ᠡᠮᠬᠢᠳᠭᠡᠬᠦ ᠠᠵᠢᠯ ᠢ ᠨᠢᠮᠪᠠᠢ ᠰᠠᠶᠢᠨ ᠪᠡᠶᠡᠯᠡᠬᠦᠯᠵᠦ᠂  ᠱᠠᠭᠠᠷᠳᠠᠨ ᠪᠠᠶᠢᠴᠠᠭᠠᠯᠳᠠ ᠶᠢ ᠦᠨᠡᠨ ᠬᠦ᠋ ᠰᠠᠶᠢᠨ ᠠᠳᠬᠤᠬᠤ ᠭᠡᠷᠡᠭᠳᠡᠢ ᠭᠡᠪᠡ  ᠃ ᠬᠤᠷᠠᠯ ᠲᠡᠭᠡᠷ᠎ᠡ ᠪᠠᠰᠠ ᠨᠢᠬᠡ ᠪᠦᠯᠦᠭ ᠭᠤᠤᠯᠳᠠᠯᠭᠠᠳᠠᠢ ᠲᠦᠷᠦᠯ ᠵᠦᠢᠯ ᠢ ᠭᠡᠷᠡᠭᠵᠢᠬᠦᠯᠬᠦ ᠲᠤᠬᠠᠢ ᠶᠠᠷᠢᠯᠴᠠᠨ ᠰᠤᠳᠤᠯᠤᠭᠰᠠᠨ ᠪᠦᠬᠡᠳ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠵᠤ᠂ ᠤᠯᠤᠰ ᠪᠠ ᠤᠷᠤᠨ  ᠤ ᠰᠢᠯᠭᠠᠨ ᠪᠠᠶᠢᠴᠠᠭᠠᠯᠳᠠ ᠶᠢ ᠤᠭᠳᠤᠬᠤ ᠬᠠᠮᠢᠶ᠎ᠠ ᠪᠦᠬᠦᠢ ᠠᠵᠢᠯ ᠡᠬᠦᠷᠭᠡ ᠶᠢ ᠪᠠᠶᠢᠷᠢᠯᠠᠭᠤᠯᠤᠨ᠂  ᠨᠢᠳᠦᠨ ᠡᠮᠦᠨᠡᠬᠢ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠤᠬᠠᠢ ᠰᠠᠨᠠᠯ ᠰᠠᠨᠠᠭᠤᠯᠭ᠎ᠠ ᠶᠢ ᠲᠤᠷᠠᠳᠤᠭᠰᠠᠨ ᠪᠠᠶᠢᠨ᠎ᠠ᠃ ᠬᠤᠰᠢᠭᠤᠨ  ᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ  ᠠᠵᠢᠯ ᠤᠨ ᠤᠳᠤᠷᠢᠳᠬᠤ ᠲᠤᠭᠤᠶᠢᠯᠠᠩ ᠤᠨ ᠭᠡᠰᠢᠬᠦᠨ ᠨᠢᠬᠡᠴᠡ ᠶᠢᠨ ᠭᠤᠤᠯ  ᠬᠠᠷᠢᠭᠤᠴᠠᠯᠭᠠᠳᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号