ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ | ᠤᠯᠠᠮ ᠰᠠᠶᠢᠨ ᠪᠠᠳᠠᠷᠠᠭᠤᠯᠤᠨ᠂ ᠲᠤᠰ ᠬᠤᠰᠢᠭᠤᠨ ᠤ ᠪᠠᠨ ᠰᠤᠶᠤᠯ ᠤᠷᠠᠯᠢᠭ ᠤᠨ ᠡᠬᠢ ᠪᠠᠶᠠᠯᠢᠭ ᠤᠨ ᠲᠠᠪᠠᠭᠤᠯᠢᠭ | ᠢ ᠬᠦᠢᠴᠡᠳ ᠪᠠᠳᠠᠷᠠᠭᠤᠯᠵᠤ᠂ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠤᠨ ᠤᠭ | ᠴᠢᠨᠠᠷ ᠢᠶᠠᠨ ᠬᠠᠳᠠᠭᠠᠯᠠᠨ᠂ ᠪᠦᠬᠦ ᠬᠤᠰᠢᠭᠤᠨ ᠤ ᠤᠯᠠᠭᠠᠨᠮᠦ᠋ᠴᠢᠷ ᠤᠨ ᠤᠷᠠᠯᠢᠭ ᠤᠨ ᠦᠢᠯᠡᠰ ᠤᠨ ᠲᠠᠪᠰᠢᠯᠳᠠ | ᠬᠦᠭᠵᠢᠯᠳᠡ ᠶᠢ ᠲᠦᠯᠬᠢᠨ ᠠᠬᠢᠭᠤᠯᠬᠤ ᠶᠢᠨ ᠲᠦᠯᠦᠬᠡ᠂ ᠤᠷᠴᠢᠮᠬᠠᠨ ᠲᠠᠶᠢᠹᠤᠰᠧ ᠬᠤᠰᠢᠭᠤᠨ ᠤ ᠤᠯᠠᠭᠠᠨᠮᠦ᠋ᠴᠢᠷ | ᠨᠢ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠲᠡᠭᠡᠭᠰᠢᠯᠡᠬᠦᠯᠬᠦ ᠪᠤᠯᠪᠠᠰᠤᠷᠠᠯ ᠡᠷᠬᠢᠯᠡᠪᠡ᠃ | ᠡᠨᠡ ᠤᠳᠠᠭᠠᠨ ᠤ ᠪᠤᠯᠪᠠᠰᠤᠷᠠᠯ ᠳᠤ ᠠᠶᠢᠮᠠᠭ ᠤᠨ ᠤᠯᠠᠭᠠᠨᠮᠦ᠋ᠴᠢᠷ ᠠᠴᠠ ᠪᠠᠭᠰᠢ ᠵᠠᠯᠠᠵᠤ᠂ ᠲᠤᠭᠯᠠᠭᠴᠢᠳ | ᠲᠠᠭᠠᠨ ᠪᠦᠬᠦᠯᠢ ᠨᠢᠬᠡ ᠭᠠᠷᠠᠭ ᠤᠨ ᠬᠤᠭᠤᠴᠠᠭ᠎ᠠ ᠲᠠᠢ ᠤᠷ᠎ᠠ ᠮᠡᠷᠭᠡᠰᠢᠯ ᠤᠨ ᠵᠢᠯᠤᠭᠤᠳᠤᠯᠭ᠎ᠠ ᠬᠢᠯᠬᠡᠵᠦ᠂ | ᠪᠤᠯᠪᠠᠰᠤᠷᠠᠯ ᠤᠨ ᠠᠭᠤᠯᠭ᠎ᠠ ᠳᠤ᠂ ᠲᠠᠭᠤᠤ᠂ ᠪᠦᠵᠢᠭ᠂ ᠬᠦᠭᠵᠢᠮ ᠵᠡᠷᠭᠡ ᠪᠦᠬᠦ ᠲᠠᠯ᠎ᠠ ᠶᠢ ᠬᠠᠮᠤᠷᠤᠭᠰᠠᠨ ᠪᠠᠶᠢᠨ᠎ᠠ | ᠃ | 11 ᠰᠠᠷ᠎ᠠ ᠶᠢᠨ 8 ᠤ ᠡᠳᠦᠷ ᠶᠠᠪᠤᠭᠳᠠᠭᠰᠠᠨ ᠪᠤᠯᠪᠠᠰᠤᠷᠠᠯ ᠲᠡᠬᠦᠰᠬᠦ ᠬᠠᠷᠢᠭᠤ ᠮᠡᠳᠡᠬᠦᠯᠦᠯᠳᠡ ᠶᠢᠨ ᠲᠤᠭᠯᠠᠯᠳᠠ | ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ | ᠡᠷᠬᠢᠯᠡᠭᠴᠢ ᠵᠤᠤ ᠵᠢᠶᠠᠨ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ | ᠭᠡᠯᠳᠡᠰ ᠤᠨ ᠲᠠᠷᠤᠭ᠎ᠠ ᠯᠢ ᠴᠦᠨ ᠭᠤᠸᠠᠩ ᠬᠢᠭᠡᠳ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠺᠢᠨᠤ᠋ | ᠲᠧᠯᠸᠢᠰ ᠤᠨ ᠲᠤᠪᠴᠢᠶᠠᠨ ᠤ ᠬᠠᠷᠢᠭᠤᠴᠠᠯᠭᠠᠳᠠᠨ ᠤᠷᠤᠯᠴᠠᠵᠠᠢ᠃ |