ᠲᠠᠶᠢᠹᠤᠰᠧ ᠬᠤᠰᠢᠭᠤ  ︽119 ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ︾ ᠶᠢᠨ  ᠠᠵᠢᠯᠯᠠᠭ᠎ᠠ  ᠶᠢ ᠡᠬᠢᠯᠡᠬᠦᠯᠪᠡ
ᠨᠡᠶᠢᠲᠡᠯᠡᠭᠰᠡᠨ ᠴᠠᠭ᠄
2019-11-19
    ᠡᠨᠡ ᠵᠢᠯ ᠪᠤᠯ ᠰᠢ ᠶᠢᠨ ᠫᠢᠩ ᠶᠡᠷᠦᠩᠬᠡᠢ ᠱᠦᠵᠢ   ᠠᠴᠠ ᠤᠯᠤᠰ ᠤᠨ ᠶᠡᠷᠦᠩᠬᠡᠶᠢᠯᠡᠭᠰᠡᠨ ᠴᠢᠨᠠᠷᠳᠠᠢ ᠭᠠᠯ  ᠰᠡᠷᠭᠡᠶᠢᠯᠡᠯᠳᠡ ᠶᠢᠨ ᠠᠪᠤᠷᠠᠨ ᠲᠤᠰᠠᠯᠠᠬᠤ ᠠᠩᠬᠢ ᠳᠤ ᠲᠤᠭ ᠤᠯᠭᠤᠵᠤ ᠵᠢᠭᠠᠪᠤᠷᠢ ᠦᠭᠬᠦᠭᠰᠡᠨ ᠨᠢᠬᠡ ᠵᠢᠯ ᠤᠨ ᠤᠢ ᠪᠤᠯᠤᠨ᠎ᠠ᠃  ᠪᠦᠬᠦ ᠠᠷᠠᠳ ᠤᠨ ᠭᠠᠯ ᠰᠡᠷᠭᠡᠶᠢᠯᠡᠬᠦ  ᠤᠬᠠᠮᠰᠠᠷ ᠲᠠᠨᠢᠯᠳᠠ ᠪᠠ ᠬᠢᠷᠢ ᠴᠢᠳᠠᠪᠤᠷᠢ ᠶᠢ ᠲᠡᠭᠡᠭᠰᠢᠯᠡᠬᠦᠯᠵᠦ ᠂  ᠪᠦᠬᠦ ᠨᠡᠶᠢᠬᠡᠮ ᠢ ᠲᠠᠶᠢᠴᠢᠯᠠᠨ  ᠭᠠᠯ ᠰᠡᠷᠭᠡᠶᠢᠯᠡᠬᠦ ᠠᠵᠢᠯ ᠳᠤ ᠢᠳᠡᠪᠬᠢᠳᠡᠢ ᠤᠷᠤᠯᠴᠠᠭᠤᠯᠤᠨ᠂  ᠭᠠᠯ ᠰᠡᠷᠭᠡᠶᠢᠯᠡᠬᠦ ᠶᠡᠷᠦ ᠶᠢᠨ ᠮᠡᠳᠡᠯᠬᠡ ᠶᠢ  ᠲᠦᠭᠡᠮᠡᠯᠵᠢᠬᠦᠯᠵᠦ᠂  ᠠᠮᠤᠷ ᠠᠮᠤᠭᠤᠯᠠᠩ ᠡᠶ᠎ᠡ ᠵᠤᠬᠢᠴᠠᠯ ᠲᠠᠢ ᠨᠡᠶᠢᠬᠡᠮ ᠤᠨ ᠰᠠᠭᠤᠷᠢ ᠶᠢ ᠪᠠᠬᠢᠵᠢᠬᠦᠯᠬᠦ ᠶᠢᠨ ᠲᠦᠯᠦᠬᠡ᠂  ᠤᠷᠴᠢᠮᠬᠠᠨ ᠲᠠᠶᠢᠹᠤᠰᠧ ᠬᠤᠰᠢᠭᠤ   ︽119  ᠭᠠᠯ ᠰᠡᠷᠭᠡᠶᠢᠯᠡᠬᠦ ᠰᠠᠷ᠎ᠠ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭᠠᠨ ᠤ ᠡᠬᠢᠯᠡᠬᠦ ᠶᠤᠰᠤᠯᠠᠯ ᠢ ᠶᠠᠪᠤᠭᠳᠠᠭᠤᠯᠪᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂  ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠡᠬᠢᠯᠡᠬᠦ ᠶᠤᠰᠤᠯᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂  ᠡᠯ᠎ᠡ ᠱᠠᠳᠤ ᠡᠯ᠎ᠡ ᠰᠠᠯᠠᠭ᠎ᠠ ᠮᠦᠴᠢᠷ  ᠬᠢᠭᠡᠳ ᠨᠡᠶᠢᠬᠡᠮ ᠤᠨ ᠡᠯ᠎ᠡ ᠡᠳᠡᠭᠡᠳ ᠤᠨ ᠬᠢᠨ ᠡᠷᠭᠡᠪᠰᠢ ︽119  ᠭᠠᠯ ᠰᠡᠷᠭᠡᠶᠢᠯᠡᠬᠦ ᠰᠠᠷ᠎ᠠ ᠤᠬᠠᠭᠤᠯᠭ᠎ᠠ ᠶᠢᠨ ᠰᠠᠷ᠎ᠠ︾ ᠶᠢᠨ  ᠠᠵᠢᠯᠯᠠᠭ᠎ᠠ ᠪᠠᠷ  ᠲᠤᠬᠢᠶᠠᠯ ᠪᠤᠯᠭᠠᠨ᠂  ︽ ᠭᠠᠯ ᠲᠦᠢᠮᠡᠷ ᠤᠨ ᠠᠶᠤᠯ ᠲᠦᠭᠰᠢᠬᠦᠷᠢ ᠶᠢ ᠰᠡᠷᠭᠡᠶᠢᠯᠡᠵᠦ᠂  ᠦᠵᠡᠰᠬᠦᠯᠡᠩᠳᠦ ᠰᠠᠶᠢᠬᠠᠨ ᠭᠡᠷ ᠤᠷᠤᠨ ᠢ ᠪᠠᠶᠢᠭᠤᠯᠬᠤ︾ ᠭᠤᠤᠯ ᠰᠡᠳᠦᠪ   ᠤᠨ ᠲᠤᠭᠤᠷᠢᠨ ᠳᠤ᠂  ᠭᠠᠯ ᠰᠡᠷᠭᠡᠶᠢᠯᠡᠬᠦ ᠶᠡᠷᠦ ᠶᠢᠨ ᠮᠡᠳᠡᠯᠬᠡ   ᠶᠢ ᠲᠦᠬᠡᠮᠡᠯᠵᠢᠬᠦᠯᠬᠦ᠂  ᠠᠶᠤᠯ ᠠᠴᠠ ᠵᠠᠶᠢᠯᠠᠵᠤ ᠪᠡᠶ᠎ᠡ  ᠪᠠᠨ ᠠᠪᠤᠷᠠᠬᠤ  ᠬᠢᠷᠢ ᠴᠢᠳᠠᠪᠤᠷᠢ ᠶᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠤ᠂  ᠭᠠᠯ ᠤᠨ ᠠᠶᠤᠯ ᠢ ᠪᠠᠭᠠᠰᠬᠠᠬᠤ ᠪᠠᠷ ᠬᠠᠷᠠᠯᠳᠠ ᠪᠤᠯᠭᠠᠨ᠂  ᠭᠠᠯ ᠰᠡᠷᠭᠡᠶᠢᠯᠡᠬᠦ ᠤᠬᠠᠭᠤᠯᠭ᠎ᠠ ᠬᠦᠮᠦᠵᠢᠯ ᠤᠨ ᠠᠵᠢᠯ ᠢ ᠪᠦᠬᠦ ᠬᠦᠴᠦᠨ  ᠢᠶᠠᠷ ᠰᠠᠶᠢᠨ ᠬᠢᠵᠦ᠂  ᠪᠦᠬᠦ ᠬᠤᠰᠢᠭᠤᠨ ᠤ ᠭᠠᠯ ᠰᠡᠷᠭᠡᠶᠢᠯᠡᠬᠦ ᠠᠵᠢᠯ ᠤᠨ ᠬᠦᠨᠵᠡᠬᠡᠢ ᠦᠷᠨᠢᠬᠦ   ᠶᠢ ᠲᠦᠯᠬᠢᠨ  ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠡᠬᠢᠯᠡᠬᠦ ᠶᠤᠰᠤᠯᠠᠯ ᠲᠡᠭᠡᠷ᠎ᠡ  ᠂  ᠲᠠᠶᠢᠹᠤᠰᠧ ᠬᠤᠰᠢᠭᠤᠨ ᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠠᠩᠬᠢ  ᠶᠢᠨ  ︽119  ᠭᠠᠯ ᠰᠡᠷᠭᠡᠶᠢᠯᠡᠬᠦ ᠰᠠᠷ᠎ᠠ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭᠠᠨ ᠤ  ᠲᠦᠰᠦᠪ︾ ᠢ ᠤᠩᠰᠢᠨ  ᠨᠡᠶᠢᠳᠡᠯᠡᠵᠦ᠂   ᠭᠠᠯ ᠰᠡᠷᠭᠡᠶᠢᠯᠡᠬᠦ  ᠶᠡᠷᠦ ᠶᠢᠨ ᠮᠡᠳᠡᠯᠭᠡ   ᠶᠢᠨ ᠭᠠᠷ  ᠠᠪᠤᠯᠭ᠎ᠠ  ᠪᠠ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠭᠰᠠᠨ ᠪᠦᠬᠡᠳ  ᠬᠤᠰᠢᠭᠤᠨ ᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠠᠩᠬᠢ ᠠᠴᠠ ᠤᠯᠠᠨ ᠲᠦᠮᠡᠨ ᠢ ᠵᠤᠬᠢᠶᠠᠨ ᠪᠠᠶᠢᠭᠤᠯᠵᠤ  ᠭᠠᠯ ᠤᠨᠳᠠᠷᠠᠭᠠᠬᠤ ᠪᠠᠭᠠᠵᠢ ᠭᠡᠷᠡᠭᠰᠡᠯ ᠢ ᠲᠡᠯᠬᠡᠨ ᠦᠵᠡᠬᠦᠯᠵᠦ᠂  ᠭᠠᠯ ᠤᠨᠳᠠᠷᠠᠭᠠᠬᠤ ᠠᠷᠭ᠎ᠠ ᠮᠡᠷᠭᠡᠵᠢᠯ   ᠢ ᠵᠢᠭᠠᠵᠤ ᠰᠤᠷᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号