ᠤᠷᠴᠢᠮᠬᠠᠨ᠂ ᠲᠠᠶᠢᠹᠤᠰᠧ ᠬᠤᠰᠢᠭᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠠᠵᠢᠯ ᠤᠨ | ᠤᠳᠤᠷᠢᠳᠬᠤ ᠲᠤᠭᠤᠶᠢᠯᠠᠩ ᠤᠨ ᠬᠤᠷᠠᠯᠳᠤᠭᠤᠯᠵᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ | ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠵᠸᠦ ᠫᠸᠢ ᠯᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠡᠳ᠋ ᠬᠤᠰᠢᠭᠤ | ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠲᠠᠶᠢᠹᠤᠰᠧ ᠬᠤᠰᠢᠭᠤᠨ ᠳᠤ ᠰᠠᠭᠤᠭ᠎ᠠ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠬᠤ ᠠᠩᠬᠢ ᠶᠢᠨ ᠲᠡᠳ᠋ ᠶᠡᠷᠦᠩᠬᠡᠢ ᠠᠩᠬᠢ ᠶᠢᠨ ᠲᠠᠷᠤᠭ᠎ᠠ ᠵᠠᠩ | ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠭᠡᠯᠳᠡᠰ ᠤᠨ ᠲᠠᠷᠤᠭ᠎ᠠ ᠯᠢ | ᠴᠦᠨ ᠭᠤᠸᠠᠩ᠂ ᠲᠡᠳ᠋ ᠬᠤᠰᠢᠭᠤ ᠲᠠᠷᠤᠭ᠎ᠠ ᠶᠢᠨ ᠸᠧᠢ ᠵᠦᠩ ᠨᠠᠷ ᠬᠤᠷᠠᠯ ᠳᠤ ᠤᠷᠤᠯᠴᠠᠪᠠ᠃ | ᠪᠤᠷᠤᠬᠦᠦ ᠬᠤᠷᠠᠯ ᠡᠷᠬᠢᠯᠡᠭᠰᠡᠨ ᠪᠦᠬᠡᠳ ᠤᠳᠤᠬᠠᠨ ᠤ ᠡᠯ᠎ᠡ ᠲᠦᠷᠦᠯ ᠤᠨ ᠭᠤᠤᠯᠳᠠᠯᠭ᠎ᠠ ᠲᠠᠢ ᠪᠠ ᠪᠤᠳᠠᠳᠠᠢ | ᠠᠵᠢᠯ ᠢ ᠰᠠᠶᠢᠳᠤᠷ ᠠᠳᠬᠤᠬᠤ ᠲᠤᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠤᠬᠠᠶᠢᠯᠠᠪᠠᠯ᠂ ᠨᠢᠬᠡ ᠳᠤ᠂ | ᠦᠵᠡᠯ ᠰᠠᠨᠠᠭ᠎ᠠ ᠪᠠᠨ ᠤᠯᠠᠮ ᠴᠢᠩᠭᠠᠳᠬᠠᠵᠤ᠂ ᠬᠠᠷᠠᠯᠳᠠ ᠪᠠᠨ ᠤᠯᠠᠮ ᠲᠦᠪᠯᠡᠷᠡᠬᠦᠯᠦᠨ᠂ ᠰᠢᠯᠭᠠᠨ ᠪᠠᠶᠢᠴᠠᠭᠠᠯᠳᠠ | ᠶᠢ ᠤᠭᠳᠤᠬᠤ ᠠᠵᠢᠯ ᠤᠨ ᠴᠢᠬᠤᠯᠠ ᠴᠢᠨᠠᠷ ᠪᠠ ᠪᠠᠴᠢᠮ ᠲᠤᠯᠭᠠᠮ᠎ᠠ ᠴᠢᠨᠠᠷ ᠢ ᠬᠦᠨᠵᠡᠬᠡᠢ ᠲᠠᠨᠢᠬᠤ ᠭᠡᠷᠡᠭᠳᠡᠢ᠃ | ᠬᠤᠶᠠᠷ ᠲᠤ᠂ ᠠᠰᠠᠭᠤᠳᠠᠯ ᠤᠨ ᠵᠢᠯᠤᠭᠤᠳᠤᠮᠵᠢ ᠶᠢ ᠴᠢᠬᠤᠯᠠᠴᠢᠯᠠᠵᠤ᠂ ᠲᠤᠳᠠᠭᠤᠳᠠᠯ ᠢᠶᠠᠨ ᠨᠦᠬᠦᠪᠦᠷᠢᠯᠡᠬᠦ ᠶᠢ | ᠴᠢᠩᠭ᠎ᠠ ᠠᠳᠬᠤᠨ᠂ ᠰᠢᠯᠭᠠᠨ ᠪᠠᠶᠢᠴᠠᠭᠠᠯᠳᠠ ᠶᠢ ᠤᠭᠳᠤᠬᠤ ᠰᠠᠭᠤᠷᠢ ᠶᠢ ᠪᠠᠳᠤᠳᠬᠠᠵᠤ᠂ ᠠᠵᠤ ᠦᠢᠯᠡᠰ ᠢᠶᠠᠷ | ᠶᠠᠳᠠᠭᠤ ᠶᠢ ᠳᠡᠳᠬᠦᠬᠦ ᠳᠡᠭᠡᠨ ᠡᠷᠭᠡᠪᠰᠢ ᠨᠡᠶᠢᠳᠡᠮ ᠬᠠᠮᠤᠷᠤᠨ᠂ ᠨᠡᠬᠦᠯᠬᠡᠨ ᠰᠢᠯᠵᠢᠬᠦᠯᠵᠦ ᠲᠦᠪᠬᠢᠨᠡᠬᠦᠯᠬᠦ ᠳᠤ | ᠡᠷᠭᠡᠪᠰᠢ ᠠᠬᠢᠴᠠ ᠶᠢ ᠲᠦᠷᠭᠡᠳᠬᠡᠨ᠂ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠡᠷᠭᠡᠪᠰᠢ ᠦᠨᠡᠨ | ᠪᠤᠳᠠᠳᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠡᠷᠭᠡᠪᠰᠢ ᠪᠠᠷᠢᠮᠵᠢᠶ᠎ᠠ ᠳᠤ | ᠬᠦᠷᠭᠡᠨ᠂ ᠶᠠᠳᠠᠭᠤ ᠶᠢ ᠳᠡᠳᠬᠦᠬᠦ ᠪᠡᠯᠡ ᠮᠦᠩᠬᠦ ᠶᠢ ᠡᠷᠭᠡᠪᠰᠢ ᠪᠦᠬᠦᠨ ᠢ ᠨᠠᠶᠢᠳᠠᠪᠤᠷᠢᠵᠢᠭᠤᠯᠬᠤ ᠭᠡᠷᠡᠭᠳᠡᠢ᠃ | ᠭᠤᠷᠪᠠ ᠳᠤ᠂ ᠡᠬᠦᠷᠭᠡ ᠬᠠᠷᠢᠭᠤᠴᠠᠯᠭ᠎ᠠ ᠶᠢ ᠲᠠᠬᠢᠨᠳᠠ ᠴᠢᠩᠭᠠᠳᠬᠠᠵᠤ᠂ ᠠᠷᠭ᠎ᠠ ᠪᠤᠳᠤᠯᠭ᠎ᠠ ᠶᠢ ᠲᠠᠬᠢᠨᠳᠠ | ᠨᠠᠷᠢᠯᠢᠬᠵᠢᠭᠤᠯᠵᠤ᠂ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ | ᠶᠠᠳᠠᠭᠤ ᠠᠴᠠ ᠠᠩᠬᠢᠵᠢᠷᠠᠬᠤ ᠴᠢᠨᠠᠷ ᠴᠢᠨᠰᠠᠭ᠎ᠠ ᠶᠢ ᠴᠢᠬᠤᠯᠠᠴᠢᠯᠠᠨ᠂ ᠶᠠᠳᠠᠭᠤ ᠠᠴᠠ ᠠᠩᠬᠢᠵᠢᠷᠠᠬᠤ ᠠᠬᠢᠴᠠ ᠶᠢ | ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠲᠤᠭ᠎ᠠ ᠪᠠᠷᠢᠮᠳᠠ ᠰᠢᠩᠬᠡᠬᠡᠬᠦ ᠪᠡ ᠲᠠᠩᠰᠠ ᠮᠠᠲ᠋ᠧᠷᠢᠶᠠᠯ ᠡᠮᠬᠢᠳᠭᠡᠬᠦ | ᠠᠵᠢᠯ ᠢ ᠨᠢᠮᠪᠠᠢ ᠰᠠᠶᠢᠨ ᠪᠡᠶᠡᠯᠡᠬᠦᠯᠵᠦ᠂ ᠱᠠᠭᠠᠷᠳᠠᠨ ᠪᠠᠶᠢᠴᠠᠭᠠᠯᠳᠠ ᠶᠢ ᠦᠨᠡᠨ ᠬᠦ᠋ ᠰᠠᠶᠢᠨ ᠠᠳᠬᠤᠬᠤ ᠭᠡᠷᠡᠭᠳᠡᠢ | ᠭᠡᠪᠡ ᠃ | ᠬᠤᠷᠠᠯ ᠲᠡᠭᠡᠷ᠎ᠡ ᠪᠠᠰᠠ ᠨᠢᠬᠡ ᠪᠦᠯᠦᠭ ᠭᠤᠤᠯᠳᠠᠯᠭᠠᠳᠠᠢ ᠲᠦᠷᠦᠯ ᠵᠦᠢᠯ ᠢ ᠭᠡᠷᠡᠭᠵᠢᠬᠦᠯᠬᠦ ᠲᠤᠬᠠᠢ ᠶᠠᠷᠢᠯᠴᠠᠨ | ᠰᠤᠳᠤᠯᠤᠭᠰᠠᠨ ᠪᠦᠬᠡᠳ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤ | ᠲᠤᠰᠬᠠᠭᠰᠠᠨ ᠰᠠᠨᠠᠯ ᠢ ᠤᠯᠠᠮᠵᠢᠯᠠᠵᠤ᠂ ᠤᠯᠤᠰ ᠪᠠ ᠤᠷᠤᠨ ᠤ ᠰᠢᠯᠭᠠᠨ ᠪᠠᠶᠢᠴᠠᠭᠠᠯᠳᠠ ᠶᠢ ᠤᠭᠳᠤᠬᠤ ᠬᠠᠮᠢᠶ᠎ᠠ | ᠪᠦᠬᠦᠢ ᠠᠵᠢᠯ ᠡᠬᠦᠷᠭᠡ ᠶᠢ ᠪᠠᠶᠢᠷᠢᠯᠠᠭᠤᠯᠤᠨ᠂ ᠨᠢᠳᠦᠨ ᠡᠮᠦᠨᠡᠬᠢ ᠤᠷᠤᠰᠢᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠲᠤᠬᠠᠢ ᠰᠠᠨᠠᠯ ᠰᠠᠨᠠᠭᠤᠯᠭ᠎ᠠ ᠶᠢ ᠲᠤᠷᠠᠳᠤᠭᠰᠠᠨ ᠪᠠᠶᠢᠨ᠎ᠠ᠃ | ᠬᠤᠰᠢᠭᠤᠨ ᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ | ᠭᠡᠰᠢᠬᠦᠨ ᠨᠢᠬᠡᠴᠡ ᠶᠢᠨ ᠭᠤᠤᠯ ᠬᠠᠷᠢᠭᠤᠴᠠᠯᠭᠠᠳᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ | ᠤᠳᠤᠷᠢᠳᠤᠯᠭ᠎ᠠ ᠬᠤᠷᠠᠯ ᠳᠤ ᠤᠷᠤᠯᠴᠠᠪᠠ᠃ |