ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠲᠡᠭᠡᠭᠰᠢᠯᠡᠬᠦᠯᠬᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2019-11-08
         ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠴᠢᠬᠤᠯᠠ ᠵᠢᠭᠠᠪᠤᠷᠢ ᠶᠢᠨ  ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂  ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ   ᠢ ᠤᠯᠠᠮ ᠰᠠᠶᠢᠨ ᠪᠠᠳᠠᠷᠠᠭᠤᠯᠤᠨ᠂ ᠲᠤᠰ ᠬᠤᠰᠢᠭᠤᠨ ᠤ ᠪᠠᠨ ᠰᠤᠶᠤᠯ ᠤᠷᠠᠯᠢᠭ ᠤᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠤ᠂ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠤᠨ ᠤᠭ ᠴᠢᠨᠠᠷ ᠢᠶᠠᠨ ᠬᠠᠳᠠᠭᠠᠯᠠᠨ᠂  ᠪᠦᠬᠦ ᠬᠤᠰᠢᠭᠤᠨ ᠤ ᠤᠯᠠᠭᠠᠨᠮᠦ᠋ᠴᠢᠷ ᠤᠨ ᠤᠷᠠᠯᠢᠭ ᠤᠨ ᠦᠢᠯᠡᠰ ᠤᠨ ᠲᠠᠪᠰᠢᠯᠳᠠ ᠬᠦᠭᠵᠢᠯᠳᠡ ᠶᠢ ᠲᠦᠯᠬᠢᠨ ᠠᠬᠢᠭᠤᠯᠬᠤ ᠶᠢᠨ ᠲᠦᠯᠦᠬᠡ᠂ ᠤᠷᠴᠢᠮᠬᠠᠨ ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠨᠢ  ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠲᠡᠭᠡᠭᠰᠢᠯᠡᠬᠦᠯᠬᠦ ᠪᠤᠯᠪᠠᠰᠤᠷᠠᠯ ᠡᠷᠬᠢᠯᠡᠪᠡ᠃ ᠡᠨᠡ ᠤᠳᠠᠭᠠᠨ ᠤ ᠪᠤᠯᠪᠠᠰᠤᠷᠠᠯ ᠳᠤ ᠠᠶᠢᠮᠠᠭ  ᠤᠨ ᠤᠯᠠᠭᠠᠨᠮᠦ᠋ᠴᠢᠷ ᠠᠴᠠ ᠪᠠᠭᠰᠢ ᠵᠠᠯᠠᠵᠤ᠂  ᠲᠤᠭᠯᠠᠭᠴᠢᠳ ᠲᠠᠭᠠᠨ ᠪᠦᠬᠦᠯᠢ ᠨᠢᠬᠡ ᠭᠠᠷᠠᠭ ᠤᠨ ᠬᠤᠭᠤᠴᠠᠭ᠎ᠠ ᠲᠠᠢ ᠤᠷ᠎ᠠ ᠮᠡᠷᠭᠡᠰᠢᠯ ᠤᠨ ᠵᠢᠯᠤᠭᠤᠳᠤᠯᠭ᠎ᠠ  ᠬᠢᠯᠬᠡᠵᠦ᠂  ᠪᠤᠯᠪᠠᠰᠤᠷᠠᠯ ᠤᠨ ᠠᠭᠤᠯᠭ᠎ᠠ ᠳᠤ᠂ ᠲᠠᠭᠤᠤ᠂ ᠪᠦᠵᠢᠭ᠂ ᠬᠦᠭᠵᠢᠮ ᠵᠡᠷᠭᠡ ᠪᠦᠬᠦ ᠲᠠᠯ᠎ᠠ ᠶᠢ  ᠬᠠᠮᠤᠷᠤᠭᠰᠠᠨ ᠪᠠᠶᠢᠨ᠎ᠠ᠃  11 ᠰᠠᠷ᠎ᠠ ᠶᠢᠨ 8 ᠤ ᠡᠳᠦᠷ ᠶᠠᠪᠤᠭᠳᠠᠭᠰᠠᠨ ᠪᠤᠯᠪᠠᠰᠤᠷᠠᠯ ᠲᠡᠬᠦᠰᠬᠦ ᠬᠠᠷᠢᠭᠤ ᠮᠡᠳᠡᠬᠦᠯᠦᠯᠳᠡ ᠶᠢᠨ ᠲᠤᠭᠯᠠᠯᠳᠠ   ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ  ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠤᠬᠠᠭᠤᠯᠬᠤ ᠭᠡᠯᠳᠡᠰ ᠤᠨ ᠲᠠᠷᠤᠭ᠎ᠠ ᠯᠢ ᠴᠦᠨ ᠭᠤᠸᠠᠩ  ᠬᠢᠭᠡᠳ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠺᠢᠨᠤ᠋ ᠲᠧᠯᠸᠢᠰ ᠤᠨ ᠲᠤᠪᠴᠢᠶᠠᠨ ᠤ ᠬᠠᠷᠢᠭᠤᠴᠠᠯᠭᠠᠳᠠᠨ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号