ᠲᠠᠶᠢᠹᠤᠰᠧ ᠬᠤᠰᠢᠭᠤᠨ ᠤ ᠴᠠᠭᠠᠨ ᠰᠠᠷ᠎ᠠ ᠶᠢᠨ ᠬᠦᠳᠡᠯᠪᠦᠷᠢ ᠠᠵᠢᠯᠯᠠᠭᠠᠨ ᠤ ᠪᠠᠶᠢᠷᠢᠯᠠᠭᠤᠯᠤᠯᠳᠠ
ᠨᠡᠶᠢᠲᠡᠯᠡᠭᠰᠡᠨ ᠴᠠᠭ᠄
2019/12/19
    ᠪᠦᠬᠦ ᠬᠤᠰᠢᠭᠤᠨ ᠤ ᠪᠠᠨ ᠠᠷᠠᠳ ᠲᠦᠮᠡᠨ ᠢ ᠬᠦᠷ ᠪᠠᠶᠠᠷ ᠲᠠᠢ ᠰᠢᠨᠡᠯᠡᠬᠦᠯᠵᠦ᠂  ᠠᠷᠠᠳ ᠲᠦᠮᠡᠨ ᠤ  ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠶᠤᠯ ᠤᠶᠤᠨ ᠤ ᠱᠠᠭᠠᠷᠳᠠᠯᠭ᠎ᠠ ᠶᠢ  ᠬᠠᠩᠭᠠᠨ  ᠂  ᠬᠤᠰᠢᠭᠤ ᠨᠤᠳᠤᠭ ᠤᠨ ᠢᠶᠠᠨ ᠮᠠᠯᠵᠢᠬᠤ ᠲᠠᠷᠢᠶᠠᠯᠠᠬᠤ ᠰᠤᠶᠤᠯ ᠢᠷᠭᠡᠨᠰᠢᠯ  ᠎ ᠢ ᠲᠠᠶᠠᠭᠠᠷ ᠲᠤ ᠬᠠᠷᠠᠭᠤᠯᠬᠤ ᠶᠢᠨ ᠬᠠᠮᠳᠤ  ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠦ ᠢᠯᠠᠯᠳᠠ ᠶᠢ ᠤᠯᠵᠤ᠂ ᠦᠵᠡᠰᠬᠦᠯᠡᠩᠳᠦ ᠪᠤᠯᠪᠠᠰᠤᠨ ᠲᠠᠶᠢᠹᠤᠰᠧ  ᠬᠤᠰᠢᠭᠤᠨ ᠤ ᠪᠠᠶᠢᠭᠤᠯᠤᠯᠳᠠ ᠢ ᠤᠯᠠᠮ ᠴᠢᠨᠠᠭᠰᠢᠳᠠ ᠲᠦᠯᠬᠢᠨ  ᠠᠬᠢᠭᠤᠯᠬᠤ ᠵᠤᠷᠢᠯᠭ᠎ᠠ ᠪᠠᠷ᠂  ᠮᠠᠨ ᠤ ᠬᠤᠰᠢᠭᠤ ᠨᠢ  ᠴᠠᠭᠠᠨ ᠰᠠᠷ᠎ᠠ ᠶᠢᠨ ᠬᠤᠭᠤᠴᠠᠭᠠᠨ ᠳᠤ ︽2020 · ᠪᠤᠤᠴᠠᠩ ᠳᠤ ᠢᠷᠡᠵᠦ ᠰᠢᠨᠡᠯᠡᠰᠦᠬᠡᠢ︾ ᠰᠢᠷᠢᠰ   ᠬᠦᠳᠡᠯᠪᠦᠷᠢ ᠶᠢ ᠡᠷᠬᠢᠯᠡᠨ ᠶᠠᠪᠤᠭᠳᠠᠭᠤᠯᠬᠤ ᠪᠠᠷ ᠪᠠᠶᠢᠭ᠎ᠠ᠃      ᠬᠦᠳᠡᠯᠪᠦᠷᠢ ᠶᠢᠨ ᠬᠤᠭᠤᠴᠠᠭ᠎ᠠ᠄ 2020 ᠤᠨ ᠤ 1 ᠰᠠᠷ᠎ᠠ ᠶᠢᠨ 17᠎ ᠤ ᠡᠳᠦᠷ  ︵ᠬᠦᠬᠡᠬᠡ ᠰᠠᠷ᠎ᠠ ᠶᠢᠨ ᠬᠤᠷᠢᠨ ᠭᠤᠷᠪᠠᠨ︶ —2020 ᠤᠨ ᠤ 2 ᠰᠠᠷ᠎ᠠ ᠶᠢᠨ 8᠎ ᠤ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ︶      1. ᠰᠤᠨᠢᠨ ᠮᠡᠳᠡᠭᠡᠨ ᠤ ᠨᠡᠶᠢᠳᠡᠯᠡᠯ ᠤᠨ ᠬᠤᠷᠠᠯ  ᠄  2019 ᠤᠨ ᠤ 12 ᠰᠠᠷ᠎ᠠ ᠶᠢᠨ ᠰᠡᠬᠦᠯᠴᠢ  ᠂ ᠲᠠᠶᠢᠹᠤᠰᠧ ᠬᠤᠰᠢᠭᠤᠨ ᠤ ᠵᠠᠰᠠᠭ ᠵᠠᠬᠢᠷᠭᠠᠨ ᠤ ᠲᠦᠪ  ᠎ ᠲᠤ᠃      2.  ᠴᠠᠭᠠᠨ ᠰᠠᠷ᠎ᠠ ᠶᠢᠨ ᠶᠤᠰᠤ ᠵᠠᠩᠰᠢᠯ ᠢ ᠰᠡᠬᠦᠳᠡᠷᠯᠡᠨ ᠵᠢᠷᠤᠭᠯᠠᠬᠤ ᠠᠵᠢᠯᠯᠠᠭ᠎ᠠ᠄ 2020 . 1 . 17 —2020 . 2 . 8  ᠂ ᠪᠢᠶᠠᠨ ᠴᠢᠶᠠᠩ ᠲᠤᠰᠬᠤᠨ ᠳᠤ  ᠃      3.  ᠭᠠᠯ ᠤᠨ ᠲᠠᠬᠢᠯᠭ᠎ᠠ  ᠄ 2020 . 1 . 17  ᠂   ᠰᠤᠶᠤᠯ ᠤᠨ ᠠᠭᠤᠳᠠᠮ ᠲᠠᠯᠠᠪᠠᠢ ᠳᠤ᠃      4. ᠭᠠᠯ ᠪᠠᠳᠠᠷᠠᠭᠠᠬᠤ ᠶᠤᠰᠤᠯᠠᠯ  ᠄ 2020 . 1. 24  ᠂  ᠪᠢᠶᠠᠨ ᠴᠢᠶᠠᠩ ᠲᠤᠰᠬᠤᠨ ᠳᠤ  ᠃      5. ᠰᠠᠷ᠎ᠠ ᠰᠢᠨ᠎ᠡ ᠶᠢᠨ ᠠᠶᠢᠯᠴᠢᠯᠠᠯᠳᠠ᠄ 2020 . 1 . 29  ᠎ ᠤ 08:18—9:30᠂ ᠪᠢᠶᠠᠨ ᠴᠢᠶᠠᠩ ᠲᠤᠰᠬᠤᠨ ᠳᠤ  ᠃      6. ︽ᠨᠤᠳᠤᠭ ᠤᠨ ᠵᠤᠭᠤᠭ︾  ᠴᠠᠶᠢᠯᠠᠯᠠᠭ᠎ᠠ᠄  2020.1.29  ᠎ ᠤ 13:30—17:00᠂  ᠵᠧᠩ ᠪᠤᠤ ᠲᠤᠮᠤ ᠪᠠᠭᠤᠳᠠᠯ ᠳᠤ᠃      7. ︽ᠪᠠᠶᠠᠷ ᠵᠢᠷᠭᠠᠯᠳᠤ ᠴᠠᠭᠠᠨ ᠰᠠᠷ᠎ᠠ︾ ᠲᠦᠷᠪᠡᠳᠡᠬᠢ ᠤᠳᠠᠭᠠᠨ ᠤ ᠵᠠᠯᠠᠭᠤᠴᠤᠳ ᠪᠠᠭᠠᠴᠤᠳ ᠤᠨ ᠰᠢᠳᠠᠷ᠎ᠠ ᠶᠢᠨ ᠤᠷᠤᠯᠳᠤᠭᠠᠨ᠄ 2020.1.30  ᠂ ᠰᠤᠶᠤᠯ ᠤᠨ ᠠᠰᠠᠷ ᠤᠨ ᠲᠠᠮᠢᠷ ᠤᠨ ᠤᠷᠳᠤᠨ ᠳᠤ᠃      8. ︽ᠪᠠᠶᠠᠷ ᠵᠢᠷᠭᠠᠯᠳᠤ ᠴᠠᠭᠠᠨ ᠰᠠᠷ᠎ᠠ︾ ᠲᠤᠯᠤᠳᠤᠭᠠᠷ ᠤᠳᠠᠭᠠᠨ ᠤ  ᠬᠢᠳᠠᠳ ᠰᠢᠳᠠᠷ᠎ᠠ ᠶᠢᠨ ᠤᠷᠤᠯᠳᠤᠭᠠᠨ᠄ 2020.1.31᠂ ᠰᠤᠶᠤᠯ ᠤᠨ ᠠᠰᠠᠷ ᠤᠨ ᠲᠠᠮᠢᠷ ᠤᠨ ᠤᠷᠳᠤᠨ ᠳᠤ᠃      9. ︽ᠪᠠᠶᠠᠷ ᠵᠢᠷᠭᠠᠯᠳᠤ ᠴᠠᠭᠠᠨ ᠰᠠᠷ᠎ᠠ︾ ᠤᠷᠠᠨ ᠬᠤᠭᠤᠯᠠᠢ ᠶᠢᠨ ᠰᠢᠯᠭᠠᠷᠠᠭᠤᠯᠤᠯᠳᠠ᠄ 2020.2.1  ᠂   ᠰᠤᠶᠤᠯ ᠤᠨ ᠠᠰᠠᠷ ᠤᠨ ᠲᠤᠭᠯᠠᠯᠳᠠ ᠶᠢᠨ ᠲᠢᠩᠬᠢᠮ ᠳᠤ᠃      10 .︽ᠪᠠᠶᠠᠷ ᠵᠢᠷᠭᠠᠯᠳᠤ ᠴᠠᠭᠠᠨ ᠰᠠᠷ᠎ᠠ︾ ᠲᠠᠯ᠎ᠠ ᠨᠤᠳᠤᠭ ᠤᠨ ᠪᠢᠴᠢᠬᠠᠨ ᠲᠠᠭᠤᠴᠢᠳ ᠤᠨ ᠮᠦᠷᠦᠶᠢᠴᠡᠭᠡᠨ᠄ 2020.2.2  ᠂ ᠰᠤᠶᠤᠯ ᠤᠨ ᠠᠰᠠᠷ ᠤᠨ ᠲᠤᠭᠯᠠᠯᠳᠠ ᠶᠢᠨ ᠲᠢᠩᠬᠢᠮ ᠳᠤ᠃      11. ︽ᠪᠠᠶᠠᠷ ᠵᠢᠷᠭᠠᠯᠳᠤ ᠴᠠᠭᠠᠨ ᠰᠠᠷ᠎ᠠ︾ ᠦᠯᠦᠬᠡᠢ ᠨᠤᠳᠤᠭ ᠤᠨ ᠢᠶᠠᠨ ᠦᠯᠢᠬᠡᠷ ᠢ ᠶᠠᠷᠢᠬᠤ ᠤᠷᠤᠯᠳᠤᠭᠠᠨ᠄ 2020.2.3 ᠰᠤᠶᠤᠯ ᠤᠨ ᠠᠰᠠᠷ ᠤᠨ ᠲᠤᠭᠯᠠᠯᠳᠠ ᠶᠢᠨ ᠲᠢᠩᠬᠢᠮ ᠳᠤ᠃      12. ︽ᠪᠠᠶᠠᠷ ᠵᠢᠷᠭᠠᠯᠳᠤ ᠴᠠᠭᠠᠨ ᠰᠠᠷ᠎ᠠ︾ ᠨᠠᠰᠤᠳᠠᠶᠢᠴᠤᠳ ᠢᠶᠠᠨ ᠬᠠᠯᠠᠮᠵᠢᠯᠠᠬᠤ ᠬᠦᠳᠡᠯᠪᠦᠷᠢ᠄ 2020. 2.4᠂  ᠡᠤ ᠮᠢᠶᠠᠨ ᠵᠢᠩ ᠠᠰᠠᠷᠠᠮᠵᠢ ᠶᠢᠨ ᠬᠦᠷᠢᠶᠡᠯᠡᠩ᠃      13. ︽ᠪᠠᠶᠠᠷ ᠵᠢᠷᠭᠠᠯᠳᠤ ᠴᠠᠭᠠᠨ ᠰᠠᠷ᠎ᠠ︾  ᠤᠷ᠎ᠠ ᠠᠪᠢᠶᠠᠰᠳᠤ ᠭᠡᠷ ᠪᠦᠯᠢ ᠶᠢᠨ ᠨᠠᠭᠠᠳᠤᠮ᠄ 2020.2.5 ᠰᠤᠶᠤᠯ ᠤᠨ ᠠᠰᠠᠷ ᠲᠤ᠃         14. ︽ᠪᠠᠶᠠᠷ ᠵᠢᠷᠭᠠᠯᠳᠤ ᠴᠠᠭᠠᠨ ᠰᠠᠷ᠎ᠠ︾  ᠶᠠᠩᠭᠠᠷ ᠪᠦᠵᠢᠭ ᠤᠨ ᠲᠤᠭᠯᠠᠯᠳᠠ᠄ 2020.2.6—2020.2.8᠂ ᠪᠤᠤᠴᠠᠩ ᠪᠠᠯᠭᠠᠰᠤ᠂  ᠪᠢᠶᠠᠨ ᠴᠢᠶᠠᠩ ᠲᠤᠰᠬᠤᠨ ᠳᠤ᠃         15. ︽ᠪᠠᠶᠠᠷ ᠵᠢᠷᠭᠠᠯᠳᠤ ᠴᠠᠭᠠᠨ ᠰᠠᠷ᠎ᠠ︾  ᠠᠷᠪᠠᠨ ᠲᠠᠪᠤᠨ ᠤ ᠦᠳᠡᠰᠢᠯᠡᠭᠡ᠄ 2020.2.8᠎ ᠤ 15:00—17:00᠂ ᠰᠤᠶᠤᠯ ᠤᠨ ᠠᠰᠠᠷ ᠤᠨ ᠲᠤᠭᠯᠠᠯᠳᠠ ᠶᠢᠨ ᠲᠢᠩᠬᠢᠮ ᠳᠤ᠃         16. ︽ᠪᠠᠶᠠᠷ ᠵᠢᠷᠭᠠᠯᠳᠤ ᠴᠠᠭᠠᠨ ᠰᠠᠷ᠎ᠠ︾  ᠦᠩᠬᠡᠳᠦ ᠳ᠋ᠧᠩᠯᠤ ᠶᠢᠨ ᠦᠵᠡᠬᠦᠯᠦᠯᠬᠡ᠄ 2020.1.24—2020.2.8᠂  ᠪᠢᠶᠠᠨ ᠴᠢᠶᠠᠩ ᠲᠤᠰᠬᠤᠨ ᠳᠤ᠃         17. ︽ᠪᠠᠶᠠᠷ ᠵᠢᠷᠭᠠᠯᠳᠤ ᠴᠠᠭᠠᠨ ᠰᠠᠷ᠎ᠠ︾ ᠳ᠋ᠧᠩᠯᠤ  ᠎ ᠶᠢᠨ ᠤᠨᠢᠰᠤᠭ᠎ᠠ ᠲᠠᠭᠠᠬᠤ ᠨᠠᠭᠠᠳᠤᠮ  ᠄ 2020.2.8᠎ ᠤ 18:00—20:30᠂ ᠪᠢᠶᠠᠨ ᠴᠢᠶᠠᠩ ᠲᠤᠰᠬᠤᠨ ᠳᠤ᠃         18. ︽ᠪᠠᠶᠠᠷ ᠵᠢᠷᠭᠠᠯᠳᠤ ᠴᠠᠭᠠᠨ ᠰᠠᠷ᠎ᠠ︾ ᠬᠤᠸᠠᠷᠳᠤ ᠫᠤᠤᠵᠢᠩ ᠤᠨ ᠦᠳᠡᠰᠢᠯᠡᠭᠡ᠄ 2020.2.8 ᠎ ᠤ 18:00—20:30᠂ ᠪᠢᠶᠠᠨ ᠴᠢᠶᠠᠩ ᠲᠤᠰᠬᠤᠨ ᠳᠤ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号