ᠱᠠᠨ ᠰᠢ ᠵᠦᠴᠦᠭᠡ ᠪᠤᠯ ᠱᠠᠨ ᠰᠢ ᠶᠢᠨ ᠤᠷᠤᠨ ᠨᠤᠳᠤᠭ ᠤᠨ ᠲᠦᠷᠪᠡᠨ ᠲᠤᠮᠤ ᠰᠢ ᠵᠦᠴᠦᠭᠡ ᠶᠢᠨ ᠨᠢᠬᠡ | ᠪᠤᠯᠤᠨ᠎ᠠ᠃ ᠱᠠᠨ ᠰᠢ ᠶᠢᠨ ᠲᠤᠮᠳᠠ ᠭᠡᠰᠡᠭ ᠠᠴᠠ ᠡᠬᠦᠰᠦᠯ ᠲᠠᠢ ᠪᠤᠯᠬᠤᠷ ᠪᠠᠰᠠ ᠲᠤᠮᠳᠠ ᠭᠡᠰᠡᠭ ᠤᠨ ᠱᠠᠨ ᠰᠢ | ᠵᠦᠴᠦᠭᠡ ᠭᠡᠳᠡᠭ᠃ ᠭᠤᠤᠯᠳᠠᠭᠤ ᠱᠠᠨ ᠰᠢ ᠮᠤᠵᠢ ᠶᠢᠨ ᠲᠤᠮᠳᠠ ᠬᠤᠶᠢᠳᠤ ᠭᠡᠰᠡᠭ ᠵᠢᠴᠢ ᠱᠠᠨᠰᠢ ᠮᠤᠵᠢ᠂ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠾᠧᠪᠸᠢ ᠮᠤᠵᠢ ᠶᠢᠨ ᠭᠡᠰᠡᠭ ᠭᠠᠵᠠᠷ ᠤᠷᠤᠨ ᠢᠶᠠᠷ | ᠲᠡᠯᠭᠡᠷᠡᠵᠦ ᠪᠠᠶᠢᠳᠠᠭ᠃ ᠴᠢᠩ ᠣᠯᠤᠰ ᠤᠨ ᠰᠡᠬᠦᠯᠴᠢ ᠶᠢᠨ ᠦᠶ᠎ᠡ ᠪᠠᠷ ᠲᠠᠶᠢᠹᠤᠰᠧ ᠨᠤᠳᠤᠭ ᠲᠤ | ᠤᠯᠠᠮᠵᠢᠯᠠᠭᠳᠠᠵᠤ ᠢᠷᠡᠵᠡᠢ᠃ | ᠵᠠᠭᠤᠭᠠᠳ ᠵᠢᠯ ᠤᠨ ᠲᠤᠷᠰᠢ᠂ ᠱᠠᠨ ᠰᠢ ᠵᠦᠴᠦᠭᠡ ᠨᠢ ᠲᠠᠶᠢᠹᠤᠰᠧ ᠳᠤ ᠦᠶ᠎ᠡ ᠲᠠᠮᠵᠢᠨ | ᠤᠯᠠᠮᠵᠢᠯᠠᠭᠳᠠᠬᠤ ᠶᠢᠨ ᠲᠠᠭᠠᠤ᠂ ᠲᠠᠭᠤᠯᠠᠬᠤ ᠠᠷᠭ᠎ᠠ᠂ ᠵᠤᠬᠢᠶᠠᠨ ᠪᠦᠳᠦᠭᠡᠯᠬᠡ ᠵᠢᠴᠢ ᠤᠨᠴᠠᠯᠢᠭ ᠰᠢᠨᠵᠢ ᠶᠢᠨ ᠲᠠᠯ᠎ᠠ | ᠪᠠᠷ ᠪᠦᠷ ᠲᠠᠰᠤᠷᠠᠯᠳᠠ ᠦᠬᠡᠢ ᠦᠬᠡᠷᠡᠴᠢᠯᠡᠭᠳᠡᠨ ᠰᠢᠨᠡᠴᠢᠯᠡᠭᠳᠡᠵᠦ᠂ ᠦᠪᠡᠷᠮᠢᠴᠡ ᠭᠡᠪ ᠨᠠᠮᠪᠠ ᠲᠠᠢ ᠪᠤᠯᠵᠤ ᠤᠯᠠᠷᠢᠨ | ᠬᠦᠭᠵᠢᠵᠦ ᠢᠷᠡᠭᠰᠡᠨ ᠪᠠᠶᠢᠨ᠎ᠠ᠃ ᠢᠯᠠᠩᠭᠤᠶ᠎ᠠ ᠲᠡᠭᠡᠷ᠎ᠡ ᠵᠠᠭᠤᠨ ᠤ ᠲᠦᠴᠢᠭᠡᠳ ᠤᠨ ᠤ ᠡᠬᠢ ᠪᠠᠷ ᠱᠠᠨ ᠰᠢ ᠶᠢᠨ | ᠨᠡᠷᠡᠳᠦ ᠤᠷᠠᠯᠢᠭᠴᠢᠨ ᠶᠢᠨ ᠴᠢ ᠪᠢᠶᠤᠥ ᠂ ᠯᠢ ᠱᠧᠩ ᠬᠤᠸᠠ ᠵᠡᠷᠭᠡ ᠬᠦᠮᠦᠰ ᠲᠠᠶᠢᠹᠤᠰᠧ ᠳᠤ ᠢᠷᠡᠵᠦ᠂ ᠰᠢ | ᠵᠦᠴᠦᠭᠡ ᠶᠢᠨ ᠪᠠᠭ᠋ᠠᠳᠠᠳ ᠢ ᠴᠤᠭᠯᠠᠭᠤᠯᠤᠨ᠂ ᠱᠠᠨ ᠰᠢ ᠵᠦᠴᠦᠭᠡ ᠶᠢᠨ ᠪᠦᠯᠬᠦᠮ ᠢ ᠪᠠᠶᠢᠭᠤᠯᠤᠭᠰᠠᠨ ᠨᠢ | ᠲᠠᠶᠢᠹᠤᠰᠧ ᠬᠤᠰᠢᠭᠤᠨ ᠤ ᠱᠠᠨ ᠰᠢ ᠵᠦᠴᠦᠭᠡ ᠶᠢᠨ ᠬᠦᠭᠵᠢᠯᠳᠡ ᠶᠢ ᠤᠯᠠᠮ ᠢᠯᠡᠬᠦᠦ ᠴᠡᠴᠡᠭᠯᠡᠬᠦᠯᠦᠨ | ᠬᠦᠭᠵᠢᠬᠦᠯᠪᠡ᠃ ᠲᠡᠭᠡᠷ᠎ᠡ ᠵᠠᠭᠤᠨ ᠤ ᠲᠦᠴᠢᠭᠡᠳ ᠤᠨ ᠤ ᠡᠬᠢᠨ ᠠᠴᠠ ᠵᠢᠷᠠᠭᠠᠳ ᠤᠨ ᠤ ᠲᠤᠮᠳᠠᠴᠢ ᠬᠦᠷᠳᠡᠯ᠎ᠡ | ᠲᠠᠪᠠᠭᠠᠨ ᠠᠷᠤ ᠶᠢᠨ ᠭᠠᠵᠠᠷ ᠤᠷᠤᠨ ᠳᠤ ᠲᠠᠶᠢᠹᠤᠰᠧ ᠤᠨ ᠱᠠᠨ ᠰᠢ ᠵᠦᠴᠦᠭᠡ ᠭᠡᠪᠡᠯ ᠮᠡᠳᠡᠬᠦ ᠦᠬᠡᠢ ᠬᠦᠮᠦᠨ | ᠬᠡᠵᠦ ᠦᠬᠡᠢ ᠪᠠᠶᠢᠵᠠᠢ᠃ ︽ᠰᠤᠶᠤᠯ ᠤᠨ ᠶᠡᠭᠡ ᠬᠤᠪᠢᠰᠬᠠᠯ︾ ᠤᠨ ᠲᠤᠮᠳᠠ ᠨᠢᠬᠡ ᠬᠤᠭᠤᠴᠠᠭ᠎ᠠ ᠲᠤᠭᠯᠠᠯᠳᠠ | ᠵᠤᠭᠰᠤᠵᠤ ᠤᠯᠠᠮᠵᠢᠯᠠᠯ ᠲᠠᠰᠤᠷᠠᠪᠠ᠃ 1980 ᠤᠨ ᠳᠤ ᠬᠠᠭᠤᠴᠢᠨ ᠲᠤᠭᠯᠠᠭᠴᠢᠳ ᠢ ᠲᠠᠭᠤᠳᠠᠨ | ᠴᠤᠭᠯᠠᠭᠤᠯᠬᠤ ᠶᠢᠨ ᠬᠠᠮᠳᠤ᠂ 10 ᠲᠤᠭᠯᠠᠭᠴᠢ ᠰᠢᠨ᠎ᠡ ᠪᠠᠷ ᠡᠯᠰᠡᠵᠦ᠂ ᠪᠤᠤᠴᠠᠩ ᠤᠨ ᠱᠠᠨ ᠰᠢ ᠵᠦᠴᠦᠭᠡ ᠶᠢᠨ | ᠪᠦᠯᠬᠦᠮ ᠢ ᠰᠡᠷᠬᠦᠬᠡᠨ ᠪᠠᠶᠢᠭᠤᠯᠤᠭᠰᠠᠨ ᠪᠠᠶᠢᠨ᠎ᠠ᠃ ᠤᠳᠤ ᠪᠤᠯᠬᠤ ᠳᠤ᠂ ᠲᠠᠶᠢᠹᠤᠰᠧ ᠤᠨ ᠱᠠᠨ ᠰᠢ ᠵᠦᠴᠦᠭᠡ ᠨᠢ | ᠨᠢᠬᠡᠨᠳᠡ ᠬᠦᠮᠦᠨ ᠠᠷᠠᠳ ᠤᠨ ᠠᠮᠢᠳᠤᠷᠠᠯ ᠳᠤ ᠠᠭᠤᠰᠤᠯᠴᠠᠵᠤ᠂ ᠤᠶᠢᠷ᠎ᠠ ᠤᠷᠴᠢᠮ ᠤᠨ ᠬᠢᠳᠠᠳ ᠦᠨᠳᠦᠰᠦᠳᠡᠨ | ᠤ ᠤᠯᠠᠭᠠᠨ ᠴᠠᠭᠠᠨ ᠤ ᠶᠠᠪᠤᠳᠠᠯ ᠂ ᠪᠠᠶᠠᠷ ᠨᠠᠶᠢᠷ ᠤᠨ ᠶᠤᠰᠤᠯᠠᠯ ᠳᠤ ᠲᠤᠳᠠᠭᠳᠠᠵᠤ ᠪᠤᠯᠤᠰᠢ ᠦᠬᠡᠢ ᠨᠢᠬᠡ ᠵᠦᠢᠯ | ᠤᠨ ᠬᠦᠷ ᠬᠦᠭᠵᠢᠶᠡᠨ ᠨᠡᠮᠡᠷᠢᠯᠡᠬᠦ ᠠᠵᠢᠯᠯᠠᠭ᠎ᠠ ᠪᠤᠯᠵᠤ᠂ ᠬᠤᠯᠠ ᠤᠶᠢᠷ᠎ᠠ ᠳᠤ ᠨᠡᠷ᠎ᠡ ᠠᠯᠳᠠᠷᠰᠢᠭᠠᠳ᠂ ᠭᠠᠳᠠᠨ᠎ᠠ | ᠮᠤᠵᠢ ᠤᠷᠤᠨ ᠢᠶᠠᠷ ᠴᠤ ᠵᠠᠯᠠᠭᠳᠠᠨ ᠬᠦᠷᠴᠦ ᠲᠤᠭᠤᠷᠢᠨ ᠲᠤᠭᠯᠠᠳᠠᠭ ᠪᠤᠯᠪᠠ᠃ | ᠱᠠᠨ ᠰᠢ ᠵᠦᠴᠦᠭᠡ ᠳᠤ ᠡᠷᠡᠭᠳᠡᠢ᠂ ᠡᠮᠡᠭᠳᠡᠢ᠂ ᠠᠯᠠᠭ ᠴᠢᠷᠠᠶᠢᠳᠤ᠂ ᠬᠤᠳᠤᠭᠴᠢᠨ ᠵᠡᠷᠭᠡ ᠶᠢᠨ ᠲᠦᠷᠢ | ᠭᠠᠷᠳᠠᠭ᠃ ᠵᠦᠴᠦᠭᠡ ᠲᠤᠭᠯᠠᠬᠤ ᠳᠤ ᠬᠡᠩᠭᠡᠷᠭᠡ᠂ ᠴᠠᠩ ᠂ ᠬᠠᠷᠠᠩᠭ᠎ᠠ᠂ ᠲᠤᠪᠰᠢᠭᠤᠷ᠂ ᠬᠤᠭᠤᠷ᠂ ᠱᠠᠨᠵᠠ᠂ | ᠯᠢᠩᠪᠦ᠂ ᠪᠦᠷᠢᠶ᠎ᠡ᠂ ᠪᠢᠰᠬᠢᠬᠦᠷ ᠵᠡᠷᠭᠡ ᠤᠯᠠᠨ ᠵᠦᠢᠯ ᠤᠨ ᠬᠦᠭᠵᠢᠮ ᠭᠡᠷᠡᠭᠰᠡᠨ᠎ᠡ᠃ ᠲᠦᠯᠦᠭᠡᠯᠡᠭᠴᠢ ᠪᠦᠳᠦᠭᠡᠯ | ᠪᠤᠯᠬᠤ ︽ ᠬᠦᠩᠵᠦ ᠶᠢ ᠵᠤᠳᠤᠭᠰᠠᠨ ᠨᠢ︾᠂ ︽ ᠵᠢᠶᠠᠩ ᠡᠬᠡᠴᠢ︾᠂ ︽ ᠱᠠ ᠵᠢᠶᠠ ᠪᠠᠩ︾᠂ ︽ᠤᠯᠠᠭᠠᠨ | ᠳ᠋ᠧᠩ ᠤᠨ ᠲᠡᠮᠳᠡᠭᠯᠡᠯ︾ ᠵᠡᠷᠭᠡ ᠤᠯᠠᠮᠵᠢᠯᠠᠯᠳᠤ ᠵᠦᠴᠦᠭᠡ ᠨᠢ ᠠᠬᠤᠢ ᠠᠮᠢᠳᠤᠷᠠᠯ ᠬᠢᠭᠡᠳ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ᠲᠤᠮᠳᠠ ᠬᠦᠮᠦᠨ ᠠᠷᠠᠳ ᠢ ᠤᠬᠠᠭᠠᠷᠠᠭᠤᠯᠤᠨ ᠬᠦᠮᠦᠵᠢᠬᠦᠯᠬᠦ ᠴᠢᠬᠤᠯᠠ ᠦᠢᠯᠡᠳᠦᠯ | ᠪᠠᠳᠠᠷᠠᠭᠤᠯᠵᠤ᠂ ᠨᠡᠶᠢᠬᠡᠮ ᠤᠨ ᠦᠨ᠎ᠡ ᠦᠷᠳᠡᠭ ᠢᠶᠠᠷ ᠲᠤᠶᠢᠯ ᠤᠨ ᠶᠡᠭᠡ ᠪᠠᠶᠢᠳᠠᠭ ᠪᠢᠯᠡ ᠃ | ᠤᠯᠠᠮᠵᠢᠯᠠᠭᠴᠢ ᠶᠢᠨ ᠲᠤᠪᠴᠢ ᠲᠠᠨᠢᠯᠴᠠᠭᠤᠯᠭ᠎ᠠ᠄ ᠨᠢᠶᠧ ᠲᠢᠶᠠᠨ ᠷᠦᠩ᠂ ᠡᠷᠡᠭᠳᠡᠢ᠂ ᠬᠢᠳᠠᠳ | ᠦᠨᠳᠦᠰᠦᠳᠡᠨ᠂ 1946 ᠤᠨ ᠳᠤ ᠲᠦᠷᠦᠪᠡ᠃ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠤ | ᠬᠦᠮᠦᠨ᠃ 1959 ᠤᠨ ᠠᠴᠠ ᠡᠬᠢᠯᠡᠨ ᠰᠢ ᠵᠦᠴᠦᠭᠡ ᠶᠢᠨ ᠤᠷᠠᠯᠢᠭ ᠤᠨ ᠵᠠᠮ ᠢ ᠵᠠᠮᠨᠠᠵᠤ᠂ 16 ᠨᠠᠰᠤᠳᠠᠢ | ᠳᠠᠭᠠᠨ ᠪᠤᠤᠴᠠᠩ ᠤᠨ ᠰᠢ ᠵᠦᠴᠦᠭᠡ ᠶᠢᠨ ᠪᠦᠯᠬᠦᠮ ᠳᠤ ᠡᠯᠰᠡᠭᠳᠡᠨ᠂ ᠯᠢ ᠱᠧᠩ ᠬᠤᠸᠠ ᠪᠠᠭᠰᠢ ᠶᠢᠨ ᠱᠠᠪᠢ | ᠪᠤᠯᠵᠠᠢ᠃ ᠡᠬᠢᠯᠡᠭᠡᠳ ᠪᠦᠯᠬᠦᠮ ᠤᠨ ᠤᠯᠠᠨ ᠲᠠᠢ ᠪᠠᠨ ᠬᠠᠮᠳᠤ ᠾᠧᠪᠸᠢ ᠮᠤᠵᠢ᠂ ᠱᠠᠨ ᠰᠢ ᠶᠢᠨ ᠲᠤᠮᠳᠠ ᠭᠡᠰᠡᠭ᠂ | ᠲᠠᠶᠢᠶᠤᠸᠠᠨ ᠵᠡᠷᠭᠡ ᠭᠠᠵᠠᠷ ᠤᠷᠤᠨ ᠢᠶᠠᠷ ᠲᠤᠭᠯᠠᠯᠳᠠ ᠭᠠᠷᠭᠠᠵᠤ ᠪᠠᠶᠢᠭᠰᠠᠨ ᠢᠶᠠᠨ ᠰᠡᠬᠦᠯ ᠤᠨ ᠦᠶ᠎ᠡ ᠳᠤ | ᠲᠤᠭᠤᠷᠢᠨ ᠲᠤᠭᠯᠠᠬᠤ ᠬᠦᠷᠢᠶ᠎ᠡ ᠬᠡᠪᠴᠢᠶ᠎ᠡ ᠨᠢ ᠦᠷᠭᠡᠵᠢᠨ᠂ ᠱᠠᠨ ᠰᠢ᠂ ᠦᠪᠦᠷ ᠮᠤᠩᠭᠤᠯ᠂ ᠾᠧᠪᠸᠢ ᠶᠢᠨ | ᠶᠡᠬᠡᠩᠬᠢ ᠭᠠᠵᠠᠷ ᠤᠷᠤᠨ ᠵᠢᠴᠢ ᠪᠡᠭᠡᠵᠢᠩ ᠲᠢᠶᠠᠨᠵᠢᠨ ᠢᠶᠠᠷ ᠴᠤ ᠲᠤᠭᠤᠷᠢᠨ ᠲᠤᠭᠯᠠᠳᠠᠭ ᠪᠤᠯᠪᠠ᠃ ᠲᠠᠪᠢᠭᠠᠳ | ᠵᠢᠯ ᠤᠨ ᠤᠷᠠᠯᠢᠭ ᠤᠨ ᠵᠠᠮᠨᠠᠯ ᠳᠤ᠂ ᠨᠢᠶᠧ ᠲᠢᠶᠠᠨ ᠷᠦᠩ ᠱᠠᠨ ᠰᠢ ᠵᠦᠴᠦᠭᠡ ᠶᠢ ᠰᠢᠷᠭᠠᠭᠤ ᠬᠠᠳᠠᠭᠤᠵᠢᠯᠳᠠᠢ | ᠰᠤᠷᠴᠤ ᠰᠤᠳᠤᠯᠤᠨ᠂ ᠤᠯᠠᠮᠵᠢᠯᠠᠨ ᠵᠠᠯᠭᠠᠮᠵᠢᠯᠠᠬᠤ ᠶᠢᠨ ᠲᠠᠭᠠᠤ ᠦᠬᠡᠷᠡᠴᠢᠯᠡᠨ ᠬᠦᠭᠵᠢᠬᠦᠯᠵᠦ᠂ ᠲᠠᠶᠢᠹᠤᠰᠧ ᠤᠨ | ᠦᠪᠡᠷᠮᠢᠴᠡ ᠤᠨᠴᠠᠯᠢᠭ ᠲᠠᠢ ᠱᠠᠨ ᠰᠢ ᠵᠦᠴᠦᠭᠡ ᠶᠢᠨ ᠴᠡᠴᠡᠭᠯᠡᠯ ᠬᠦᠭᠵᠢᠯᠳᠡ ᠳᠤ ᠬᠤᠪᠢ ᠨᠡᠮᠡᠷᠢ ᠪᠠᠨ ᠡᠷᠬᠦᠭᠰᠡᠨ | ᠪᠠᠶᠢᠨ᠎ᠠ᠃ | 2013 ᠤᠨ ᠳᠤ ᠲᠠᠶᠢᠹᠤᠰᠧ ᠬᠤᠰᠢᠭᠤ ᠱᠠᠨ ᠰᠢ ᠵᠦᠴᠦᠭᠡ ᠶᠢ ᠤᠷᠤᠨ ᠤ ᠲᠡᠰ ᠤᠨ ᠪᠤᠳᠠᠰ ᠤᠨ | ᠪᠤᠰᠤ ᠰᠤᠶᠤᠯ ᠤᠨ ᠦᠪ ᠢᠶᠠᠷ ᠪᠦᠷᠢᠳᠭᠡᠬᠦᠯᠵᠦ᠂ 2014 ᠤᠨ ᠳᠤ ᠨᠢᠶᠧ ᠲᠢᠶᠠᠨ ᠷᠦᠩ ᠤᠷᠤᠨ ᠤ ᠲᠡᠰ | ᠤᠨ ᠦᠪᠯᠡᠨ ᠤᠯᠠᠮᠵᠢᠯᠠᠭᠴᠢ ᠪᠤᠯᠤᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠠᠶᠢᠮᠠᠭ ᠤᠨ ᠲᠡᠰ ᠤᠨ ᠦᠪᠯᠡᠨ | ᠤᠯᠠᠮᠵᠢᠯᠠᠭᠴᠢ ᠳᠤ ᠡᠤ ᠸᠧᠨ ᠳ᠋ᠧ᠂ ᠮᠧᠩ ᠬᠦᠢ ᠰᠢ ᠂ ᠸᠠᠩ ᠳ᠋ᠢᠶᠠᠨ ᠪᠢᠨ ᠵᠡᠷᠭᠡ ᠬᠦᠮᠦᠰ ᠪᠤᠢ᠃ |