ᠵᠡᠬᠦᠨ ᠵᠠᠮ ᠤᠨ  ᠬᠤᠤᠰᠯᠠᠯ ᠵᠦᠴᠦᠭᠡ
ᠨᠡᠶᠢᠲᠡᠯᠡᠭᠰᠡᠨ ᠴᠠᠭ᠄
2019/12/23
   ︽ᠵᠡᠬᠦᠨ ᠵᠠᠮ ᠤᠨ  ᠬᠤᠤᠰᠯᠠᠯ ᠵᠦᠴᠦᠭᠡ︾ ︵ᠪᠠᠰᠠ ᠬᠤᠶᠠᠷ ᠬᠦᠮᠦᠨ ᠤ ᠡᠯᠬᠦᠴᠡᠭᠡ᠂ ᠬᠤᠶᠠᠷ ᠬᠦᠮᠦᠨ ᠤ ᠲᠠᠭᠠᠷᠢᠯᠴᠠᠭ᠎ᠠ ᠭᠡᠳᠡᠭ︶  ᠪᠤᠯ  ᠡᠷᠳᠡᠨ ᠤ ᠠᠷᠠᠳ ᠤᠨ ᠠᠮᠠᠨ ᠵᠤᠬᠢᠶᠠᠯ ᠪᠠ ᠲᠤᠬᠠᠢ ᠶᠢᠨ ᠭᠠᠵᠠᠷ ᠤᠨ ᠠᠷᠠᠳ ᠤᠨ ᠲᠠᠭᠤᠤ ᠬᠦᠭᠵᠢᠮ ᠢ ᠬᠠᠷᠢᠯᠴᠠᠨ ᠠᠭᠤᠰᠤᠯᠴᠠᠭᠤᠯᠵᠤ᠂  ᠲᠡᠭᠡᠷ᠎ᠡ ᠨᠢ ᠲᠠᠶᠢᠹᠤᠰᠧ ᠤᠨ ᠨᠤᠳᠤᠭ ᠤᠨ ᠠᠶᠠᠯᠭᠤ ᠶᠢ ᠤᠷᠤᠭᠤᠯᠤᠭᠠᠳ᠂  ᠤᠷᠤᠨ ᠨᠤᠳᠤᠭ ᠤᠨ ᠤᠨᠴᠠᠯᠢᠭ ᠲᠠᠢ ᠪᠤᠯᠭᠠᠭᠰᠠᠨ ᠠᠷᠠᠳ ᠤᠨ ᠰᠢ ᠵᠦᠴᠦᠭᠡ ᠪᠤᠯᠤᠨ᠎ᠠ  ᠃      ᠴᠢᠩ ᠤᠯᠤᠰ ᠤᠨ ᠲᠡᠭᠷᠢ ᠲᠡᠳᠬᠦᠭᠴᠢ᠂ ᠰᠠᠶᠢᠰᠢᠶᠠᠯ ᠢᠷᠦᠭᠡᠯᠳᠦ ᠶᠢᠨ ᠦᠶ᠎ᠡ ᠳᠤ ᠱᠠᠨ ᠰᠢ᠂ ᠱᠠᠨᠰᠢ᠂ ᠾᠧᠪᠸᠢ᠂ ᠱᠠᠨᠳᠦ᠋ᠩ ᠵᠡᠷᠭᠡ ᠭᠠᠵᠠᠷ ᠤᠷᠤᠨ ᠠᠴᠠ ᠶᠡᠭᠡ ᠬᠡᠮᠵᠢᠶᠡᠨ ᠤ ᠨᠡᠬᠦᠳᠡᠯ  ᠢᠷᠭᠡᠳ ᠤᠳᠤᠬᠢ ᠲᠠᠶᠢᠹᠤᠰᠧ ᠨᠤᠳᠤᠭ ᠲᠤ ᠨᠡᠬᠦᠳᠡᠯᠯᠡᠨ ᠢᠷᠡᠬᠦ  ᠦᠶᠡᠰ᠂ ᠲᠤᠳᠤᠷ᠎ᠠ ᠭᠠᠵᠠᠷ ᠤᠨ  ᠰᠤᠶᠤᠯ ᠢᠷᠭᠡᠨᠰᠢᠯ  ᠴᠤ ᠲᠡᠬᠦᠨ ᠢ ᠲᠠᠭᠠᠯᠳᠤᠨ ᠢᠷᠡᠭᠡᠳ ᠮᠤᠩᠭᠤᠯ ᠠᠷᠠᠳ ᠤᠨ ᠲᠠᠭᠤᠤ ᠬᠤᠯᠪᠤᠭ᠎ᠠ ᠵᠡᠷᠭᠡ ᠲᠠᠢ ᠠᠭᠤᠰᠤᠯᠴᠠᠵᠤ᠂ ᠦᠪᠡᠷᠮᠢᠴᠡ ᠤᠨᠴᠠᠯᠢᠭ ᠲᠠᠢ ᠲᠠᠶᠢᠹᠤᠰᠧ ᠬᠤᠰᠢᠭᠤᠨ ᠤ ︽ᠵᠡᠬᠦᠨ ᠵᠠᠮ ᠤᠨ  ᠬᠤᠤᠰᠯᠠᠯ ᠵᠦᠴᠦᠭᠡ︾ ᠪᠤᠢ ᠪᠤᠯᠤᠭᠰᠠᠨ ᠪᠠᠶᠢᠨ᠎ᠠ      ᠢᠷᠭᠡᠨ ᠤᠯᠤᠰ ᠤᠨ ᠡᠬᠢᠨ ᠤ ᠤᠨ ᠵᠢᠯ ᠳᠤ ︽ᠵᠡᠬᠦᠨ ᠵᠠᠮ ᠤᠨ  ᠬᠤᠤᠰᠯᠠᠯ ᠵᠦᠴᠦᠭᠡ︾   ᠨᠢ ᠰᠢᠨ᠎ᠡ ᠬᠦᠭᠵᠢᠯᠳᠡ ᠶᠢᠨ ᠱᠠᠳᠤᠨ ᠳᠤ ᠤᠷᠤᠭᠰᠠᠨ ᠪᠠᠶᠢᠨ᠎ᠠ᠃  ᠲᠤᠬᠠᠢ ᠶᠢᠨ ᠦᠶ᠎ᠡ ᠶᠢᠨ ᠲᠠᠷᠢᠶᠠᠯᠠᠬᠤ ᠤᠷᠤᠨ ᠨᠢ ᠶᠠᠳᠠᠭᠤ ᠬᠦᠴᠢᠷᠳᠡᠢ᠂ ᠰᠤᠶᠤᠯ ᠤᠨ ᠠᠮᠢᠳᠤᠷᠠᠯ ᠬᠡᠮᠡᠷ ᠶᠠᠭᠤᠮ᠎ᠠ ᠦᠬᠡᠢ ᠪᠠᠶᠢᠵᠤ᠂ ᠵᠦᠪᠬᠡᠨ ᠵᠢᠯ ᠴᠠᠭᠠᠨ ᠰᠠᠷ᠎ᠠ  ᠬᠦᠷᠴᠦ  ᠢᠷᠡᠬᠦ ᠦᠶᠡᠰ  ᠠᠷᠠᠳ ᠤᠨ  ᠵᠢᠵᠢᠭ ᠤᠷᠠᠯᠢᠭ ᠤᠨ ᠪᠦᠯᠬᠦᠮ ᠢ ᠵᠠᠯᠠᠵᠤ᠂  ᠬᠡᠳᠦᠨ ᠲᠠᠭᠤᠤ ᠲᠠᠭᠤᠯᠠᠭᠤᠯᠵᠤ ᠵᠦᠴᠦᠭᠡ ᠲᠤᠭᠯᠠᠭᠤᠯᠤᠨ᠂ ᠪᠠᠶᠠᠷ ᠤᠨ ᠡᠳᠦᠷ ᠲᠡᠭᠡᠨ ᠬᠦᠷ ᠬᠦᠭᠵᠢᠶᠡᠨ ᠨᠡᠮᠡᠳᠡᠭ ᠪᠠᠶᠢᠵᠠᠢ᠃  ᠡᠳᠡᠭᠡᠷ ᠵᠢᠵᠢᠭ ᠵᠦᠴᠦᠭᠡ ᠶᠢᠨ ᠪᠦᠯᠬᠦᠮ ᠨᠢ ᠲᠠᠪᠤ ᠭᠤᠷᠪᠠᠨ ᠠᠷᠠᠳ ᠤᠨ ᠤᠷᠠᠯᠢᠭᠴᠢᠨ ᠢᠶᠠᠷ ᠪᠦᠷᠢᠯᠳᠦᠵᠦ᠂  ᠬᠠᠮᠢᠭ᠎ᠠ ᠬᠦᠷᠪᠡᠯ ᠲᠡᠨᠳᠡ ᠲᠠᠶᠢᠰᠠ ᠲᠠᠪᠴᠠᠩ ᠬᠡᠵᠦ  ᠪᠡᠯᠡᠳᠭᠡᠬᠦ ᠦᠬᠡᠢ   ᠪᠠᠷ  ᠲᠤᠭᠯᠠᠨ᠎ᠠ᠃ ᠲᠤᠭᠯᠠᠭᠴᠢ ᠨᠢ  ᠭᠠᠷ ᠲᠠᠭᠠᠨ ᠦᠩᠬᠡ ᠦᠩᠬᠡ   ᠶᠢᠨ ᠲᠡᠪᠢᠬᠦᠷ ᠪᠤᠶᠤ ᠠᠯᠴᠢᠭᠤᠷ  ᠠᠳᠬᠤᠭᠠᠳ ᠲᠠᠭᠤᠯᠠᠵᠤ  ᠪᠦᠵᠢᠭᠯᠡᠬᠦ ᠳᠤ ᠬᠦᠷᠢᠶᠡᠯᠡᠵᠦ ᠰᠠᠭᠤᠭᠰᠠᠨ ᠢᠷᠭᠡᠳ ᠬᠦᠭᠡᠷᠦᠨ ᠪᠠᠶᠠᠰᠴᠤ ᠰᠤᠨᠢᠷᠬᠠᠳᠠᠭ᠃  ᠰᠡᠬᠦᠯᠡᠷ ᠨᠢ ᠲᠤᠭᠯᠠᠯᠳᠠ ᠶᠢᠨ ᠲᠤᠮᠳᠠ  ᠪᠠᠨ ᠲᠦᠬᠦᠮ ᠠᠪᠰᠠᠷᠬᠠᠨ ᠦᠯᠢᠭᠡᠷ ᠤᠨ ᠶᠠᠪᠤᠴᠠ ᠤᠷᠤᠭᠤᠯᠤᠭᠰᠠᠨ ᠪᠠᠶᠢᠨ᠎ᠠ᠃     ︽ᠵᠡᠬᠦᠨ ᠵᠠᠮ ᠤᠨ  ᠬᠤᠤᠰᠯᠠᠯ ᠵᠦᠴᠦᠭᠡ︾   ᠨᠢ ᠶᠠᠫᠤᠨ ᠢ ᠡᠰᠡᠷᠬᠦᠴᠡᠬᠦ ᠲᠠᠶᠢᠨ ᠠᠴᠠ ᠡᠮᠦᠨ᠎ᠡ ᠬᠦᠷᠳᠡᠯ᠎ᠡ ᠲᠤᠰᠬᠠᠢ ᠠᠵᠢᠯ ᠤᠨ ᠵᠦᠴᠦᠭᠡ ᠶᠢᠨ ᠪᠦᠯᠬᠦᠮ ᠬᠡᠵᠦ ᠪᠠᠶᠢᠭ᠎ᠠ ᠦᠬᠡᠢ᠂ ᠵᠦᠪᠬᠡᠨ ᠲᠠᠷᠢᠶᠠᠯᠠᠩ ᠤᠨ ᠰᠤᠯᠠ  ᠰᠡᠯᠡᠬᠦᠦ ᠴᠠᠭ ᠢᠶᠠᠷ ᠠᠷᠠᠳ ᠤᠨ ᠤᠷᠠᠯᠢᠭᠴᠢᠳ ᠠᠴᠠ ᠠᠷᠠᠳ ᠤᠯᠠᠨ ᠳᠤ ᠠᠵᠢᠯ ᠤᠨ ᠴᠢᠯᠦᠬᠡᠨ ᠤ  ᠲᠤᠭᠯᠠᠯᠳᠠ ᠭᠠᠷᠭᠠᠨ ᠰᠤᠨᠢᠷᠬᠠᠭᠤᠯᠵᠤ ᠪᠠᠶᠢᠵᠠᠢ᠃  ᠶᠠᠫᠤᠨᠴᠤᠳ ᠤᠷᠤᠵᠤ ᠢᠷᠡᠭᠰᠡᠨ ᠤ ᠲᠠᠷᠠᠭ᠎ᠠ᠂ ᠵᠠᠷᠢᠮ ᠭᠠᠵᠠᠷ ᠤᠷᠤᠨ ᠳᠤ ᠮᠦᠷᠦᠢ ᠲᠠᠢ ᠲᠤᠭᠯᠠᠭᠠᠮ ᠤᠨ ᠭᠠᠵᠠᠷ  ᠡᠷᠬᠢᠯᠡᠭᠡᠳ᠂ ᠨᠠᠭᠠᠳᠤᠮᠴᠢᠳ ᠢ ᠲᠠᠳᠠᠬᠤ ᠶᠢᠨ ᠲᠦᠯᠦᠬᠡ ᠡᠳᠡᠭᠡᠷ ᠠᠷᠠᠳ  ᠤᠨ ᠤᠷᠠᠯᠢᠭᠴᠢᠳ ᠢ ᠲᠤᠭᠯᠠᠭᠠᠮ ᠤᠨ ᠭᠠᠵᠠᠷ ᠲᠠᠭᠠᠨ ᠲᠠᠭᠤᠳᠠᠵᠤ ᠠᠪᠠᠴᠢᠨ ᠲᠤᠭᠯᠠᠯᠳᠠ ᠭᠠᠷᠭᠠᠭᠤᠯᠬᠤ ᠪᠤᠯᠪᠠ᠃ ᠲᠡᠬᠡᠬᠦ ᠳᠡᠭᠡᠨ᠂  ᠲᠡᠳᠡᠨ ᠤ ᠢᠳᠡᠬᠦ ᠬᠤᠭᠤᠯᠠ ᠶᠢ ᠨᠢ  ᠬᠠᠷᠢᠭᠤᠴᠠᠬᠤ ᠪᠦᠬᠡᠳ  ᠬᠦᠯᠦᠰᠦ ᠬᠠᠷᠠᠮᠵᠢ ᠶᠢ ᠨᠢ ᠬᠡᠳᠦᠨ ᠲᠡᠰ ᠬᠤᠪᠢᠶᠠᠨ ᠤᠯᠭᠤᠵᠤ  ᠂   ᠰᠠᠶᠢᠨ ᠪᠤᠯ ᠡᠳᠦᠷ ᠤᠨ ᠬᠡᠳᠦᠨ ᠲᠦᠬᠦᠷᠢᠭ᠂  ᠮᠠᠭᠤ ᠪᠤᠯ ᠬᠡᠳᠦᠨ ᠮᠦᠩᠬᠦ ᠯᠠ ᠤᠯᠳᠠᠭ᠃ ᠡᠨᠡ  ᠮᠡᠳᠦ ᠪᠠᠷ ᠡᠳᠦᠷ ᠤᠨ ᠤᠳᠠᠭᠠᠨ ᠳᠠᠭᠠᠨ ᠵᠠᠷᠢᠮ ᠨᠢ ᠨᠡᠯᠢᠶᠡᠳ ᠤᠷᠤᠯᠭ᠎ᠠ ᠤᠯᠬᠤ  ᠪᠤᠯᠤᠭᠰᠠᠨ ᠠᠴᠠ ᠡᠨᠡᠬᠦ ᠠᠵᠢᠯ ᠢᠶᠠᠨ ᠦᠪᠡᠷ ᠤᠨ ᠠᠮᠢ ᠪᠠᠨ ᠲᠡᠵᠢᠬᠡᠬᠦ ᠠᠵᠢᠯ ᠦᠢᠯᠡᠰ ᠪᠤᠯᠭᠠᠨ ᠡᠷᠬᠢᠯᠡᠬᠦ ᠪᠤᠯᠤᠭᠠᠳ᠂  ᠠᠯᠭᠤᠷ ᠠᠭᠠᠵᠢᠮ ᠳᠠᠭᠠᠨ ᠲᠤᠰᠬᠠᠢ ᠠᠵᠢᠯ ᠤᠨ ᠴᠢᠨᠠᠷᠳᠠᠢ ᠵᠦᠴᠦᠬᠡ ᠶᠢᠨ ᠪᠦᠯᠬᠦᠮ ᠪᠤᠢ ᠪᠤᠯᠤᠭᠰᠠᠨ ᠪᠠᠶᠢᠨ᠎ᠠ᠃      ︽ᠵᠡᠬᠦᠨ ᠵᠠᠮ ᠤᠨ  ᠬᠤᠤᠰᠯᠠᠯ ᠵᠦᠴᠦᠭᠡ︾ ᠪᠤᠯ ᠠᠷᠠᠳ ᠤᠨ ᠤᠷᠠᠯᠢᠭ ᠤᠨ ᠰᠠᠭᠤᠷᠢᠨ ᠲᠡᠭᠡᠷ᠎ᠡ  ᠪᠦᠷᠢᠯᠳᠦᠵᠦ᠂  ᠦᠢ ᠤᠯᠠᠨ  ᠠᠷᠠᠳ ᠤᠨ ᠤᠷᠠᠯᠢᠭᠴᠢᠳ ᠤᠨ ᠰᠦᠪᠡᠭᠴᠢᠯᠡᠯᠳᠡ᠂ ᠰᠢᠨᠡᠴᠢᠯᠡᠯᠳᠡ ᠪᠠ ᠰᠢᠷᠭᠠᠭᠠᠯᠳᠠ ᠪᠠᠷ ᠲᠠᠮᠵᠢᠨ᠂ ᠬᠦᠭᠵᠢᠵᠦ ᠬᠤᠪᠢᠷᠠᠵᠤ ᠢᠷᠡᠭᠰᠡᠨ ᠪᠠᠶᠢᠳᠠᠭ᠃  ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠤᠤᠯ ᠤᠨ ᠨᠢᠴᠦᠬᠦᠨ ᠭᠠᠵᠠᠷ ᠲᠡᠭᠡᠷ᠎ᠡ ᠲᠤᠭᠯᠠᠳᠠᠭ ᠪᠠᠶᠢᠭᠰᠠᠨ ᠡᠨᠡᠬᠦ ᠤᠷᠠᠯᠢᠭ ᠤᠨ ᠭᠡᠯᠪᠡᠷᠢ   ᠨᠢ ᠲᠠᠶᠢᠰᠠᠨ ᠲᠡᠭᠡᠷ᠎ᠡ  ᠲᠤᠭᠯᠠᠬᠤ ᠪᠤᠯᠤᠭᠰᠠᠨ ᠪᠦᠬᠡᠳ ᠠᠭᠠᠵᠢᠮ ᠳᠠᠭᠠᠨ ᠲᠤᠭᠳᠠᠮᠠᠯ ᠲᠤᠭᠯᠠᠯᠳᠠ ᠶᠢᠨ ᠬᠡᠯᠪᠡᠷᠢ ᠪᠤᠯᠵᠤ ᠂  ᠤᠯᠠᠮᠵᠢᠯᠠᠯᠳᠤ ᠰᠤᠩᠭᠤᠳᠠᠭ ᠵᠦᠴᠦᠬᠡ ᠶᠢ ᠲᠤᠭᠯᠠᠬᠤ ᠠᠴᠠ ᠭᠠᠳᠠᠨ᠎ᠠ ᠪᠠᠰᠠ ᠠᠷᠠᠳ ᠲᠦᠮᠡᠨ ᠤ ᠠᠮᠢᠳᠤᠷᠠᠯ ᠤᠨ ᠬᠦᠰᠡᠯ ᠬᠦᠭᠡᠭᠡᠴᠡᠯᠳᠦᠯ ᠢ ᠲᠤᠰᠬᠠᠭᠰᠠᠨ ᠰᠢᠨ᠎ᠡ ᠤᠷᠠᠨ ᠪᠦᠳᠦᠭᠡᠯ ᠤᠳ  ᠵᠤᠬᠢᠶᠠᠭᠳᠠᠬᠤ ᠪᠤᠯᠵᠠᠢ᠃ ᠬᠤᠷᠢᠳᠤᠭᠠᠷ ᠵᠠᠭᠤᠨ ᠤ  ᠨᠠᠶᠠᠭᠠᠳ ᠤᠨ ᠠᠴᠠ ᠬᠤᠶᠢᠰᠢ᠂  ᠲᠤᠰᠬᠠᠢ ᠠᠵᠢᠯ ᠤᠨ ᠤᠷᠠᠯᠢᠭᠴᠢᠳ ᠪᠠ  ᠠᠷᠠᠳ ᠤᠨ ᠲᠤᠮᠳᠠᠬᠢ ᠠᠬᠠᠮᠠᠳ ᠤᠷᠠᠯᠢᠭᠴᠢᠳ ᠠᠴᠠ ︽ᠵᠡᠬᠦᠨ ᠵᠠᠮ ᠤᠨ  ᠬᠤᠤᠰᠯᠠᠯ ᠵᠦᠴᠦᠭᠡ  ︾ ᠶᠢᠨ ᠵᠤᠬᠢᠶᠠᠨ ᠪᠦᠳᠦᠭᠡᠬᠦ ᠪᠠ ᠲᠤᠭᠯᠠᠬᠤ ᠤᠷᠠᠯᠢᠭ ᠤᠨ ᠲᠠᠯᠠᠪᠠᠷ ᠲᠠᠰᠤᠷᠠᠯᠳᠠ ᠦᠬᠡᠢ ᠰᠢᠨ᠎ᠡ ᠶᠢ ᠰᠦᠪᠡᠭᠴᠢᠯᠡᠨ ᠰᠢᠨ᠎ᠡ ᠶᠢ ᠡᠬᠦᠳᠴᠦ᠂  ︽ᠵᠡᠬᠦᠨ ᠵᠠᠮ ᠤᠨ  ᠬᠤᠤᠰᠯᠠᠯ ᠵᠦᠴᠦᠭᠡ  ︾ ᠶᠢᠨ  ᠲᠠᠷᠬᠠᠵᠤ ᠲᠡᠯᠬᠡᠷᠡᠬᠦ  ᠬᠦᠷᠢᠶ᠎ᠡ ᠬᠡᠪᠴᠢᠶ᠎ᠡ   ᠶᠢ ᠦᠷᠭᠡᠳᠭᠡᠭᠰᠡᠨ  ᠢᠶᠠᠷ ᠪᠠᠷᠠᠬᠤ ᠦᠬᠡᠢ᠂ ᠪᠤᠰᠤᠳ ᠵᠦᠴᠦᠭᠡ ᠶᠢᠨ ᠲᠦᠷᠦᠯ ᠠᠴᠠ ︽ᠰᠢᠮ᠎ᠡ ᠲᠡᠵᠢᠬᠡᠯ ᠰᠢᠩᠭᠡᠭᠡᠨ ᠠᠪᠴᠤ︾᠂  ᠲᠤᠭᠯᠠᠯᠳᠠ ᠶᠢᠨ ᠠᠭᠤᠯᠭ᠎ᠠ   ᠪᠠᠨ ᠪᠠᠶᠠᠯᠢᠬᠵᠢᠭᠤᠯᠵᠤ ᠢᠷᠡᠪᠡ᠃      ᠲᠠᠶᠢᠹᠤᠰᠧ ᠬᠤᠰᠢᠭᠤᠨ ᠤ ︽ᠵᠡᠬᠦᠨ ᠵᠠᠮ ᠤᠨ  ᠬᠤᠤᠰᠯᠠᠯ ᠵᠦᠴᠦᠭᠡ︾ ᠨᠢ ᠤᠯᠠᠷᠢᠨ ᠤᠯᠠᠮᠵᠢᠯᠠᠭᠳᠠᠬᠤ ᠶᠠᠪᠤᠴᠠ ᠳᠠᠭᠠᠨ  ᠨᠡᠶᠢᠬᠡᠮ ᠤᠨ ᠤᠷᠴᠢᠨ᠂ ᠭᠠᠵᠠᠷ ᠵᠦᠢ ᠶᠢᠨ ᠤᠷᠴᠢᠨ᠂  ᠭᠠᠵᠠᠷ ᠤᠷᠤᠨ ᠤ ᠵᠠᠩ ᠵᠠᠩᠰᠢᠯ ᠵᠢᠴᠢ ᠨᠤᠳᠤᠭ ᠤᠨ ᠠᠶᠠᠯᠭᠤ  ᠵᠡᠷᠭᠡ ᠠᠴᠠ ᠨᠦᠯᠦᠭᠡᠯᠡᠭᠳᠡᠨ᠂ ᠢᠯᠡ  ᠲᠤᠳᠤ ᠤᠷᠤᠨ ᠨᠤᠳᠤᠭ ᠤᠨ ᠤᠨᠴᠠᠯᠢᠭ ᠲᠠᠢ ᠪᠤᠯᠵᠠᠢ᠃ ᠲᠤᠭᠯᠠᠬᠤ ᠦᠶᠡᠰ ᠠᠶ᠎ᠠ ᠲᠠᠭᠤᠤ ᠬᠠᠩᠬᠢᠨᠠᠮ᠎ᠠ᠂  ᠠᠶᠢᠵᠠᠮ ᠬᠦᠭ ᠴᠤᠪᠤᠭᠤᠯᠢᠭ᠂  ᠠᠭᠤᠯᠭ᠎ᠠ ᠰᠡᠳᠦᠪ  ᠪᠠᠶᠠᠯᠢᠭ᠂ ᠭᠡᠪ ᠨᠠᠮᠪᠠ ᠶᠦᠮᠦᠷᠯᠢᠭ  ᠪᠠᠶᠢᠵᠤ᠂  ᠢᠯᠡᠳᠭᠡᠬᠦ  ᠠᠭᠤᠯᠭ᠎ᠠ ᠨᠢ ᠬᠡᠵᠢᠶᠡᠳᠡ ᠲᠠᠪᠠᠭᠠᠨ ᠠᠷᠤ ᠶᠢᠨ ᠡᠯ᠎ᠡ ᠦᠨᠳᠦᠰᠦᠳᠡᠨ ᠤ ᠠᠷᠠᠳ ᠲᠦᠮᠡᠨ ᠤ ᠠᠵᠤ ᠠᠮᠢᠳᠤᠷᠠᠯ ᠯᠤᠭ᠎ᠠ ᠨᠢᠬᠳᠠ ᠬᠤᠯᠪᠤᠭᠳᠠᠨ᠂  ᠦᠨᠢᠷ ᠦᠳᠭᠡᠨ ᠤᠷᠤᠨ ᠨᠤᠳᠤᠭ ᠤᠨ ᠠᠭᠤᠷ ᠠᠮᠢᠰᠬᠤᠯ ᠲᠠᠢ ᠪᠠᠶᠢᠳᠠᠭ᠃     ︽ᠵᠡᠬᠦᠨ ᠵᠠᠮ ᠤᠨ  ᠬᠤᠤᠰᠯᠠᠯ ᠵᠦᠴᠦᠭᠡ︾   ᠨᠢ  ᠲᠠᠶᠢᠹᠤᠰᠧ ᠨᠤᠳᠤᠭ ᠲᠤ ᠤᠯᠠᠮᠵᠢᠯᠠᠭᠳᠠᠵᠤ ᠢᠷᠡᠭᠰᠡᠨ  ᠠᠴᠠ ᠪᠠᠨ ᠠᠪᠤᠭᠠᠳ ᠡᠳᠦᠭᠡ ᠪᠤᠯᠳᠠᠯ᠎ᠠ ᠪᠠᠷᠤᠭ 200 ᠭᠠᠷᠤᠢ ᠵᠢᠯ ᠤᠨ ᠨᠢᠭᠤᠷ ᠦᠵᠡᠵᠦ᠂  ᠠᠷᠠᠳ ᠤᠨ ᠲᠤᠮᠳᠠᠬᠢ ᠲᠠᠭᠤᠤ᠂ ᠪᠦᠵᠢᠭ᠂  ᠵᠦᠴᠦᠭᠡ  ᠂ ᠬᠦᠭᠵᠢᠮ ᠵᠡᠷᠭᠡ ᠤᠯᠠᠨ ᠵᠦᠢᠯ ᠤᠨ ᠤᠷᠠᠨ ᠰᠠᠶᠢᠬᠠᠨ ᠤ ᠬᠡᠯᠪᠡᠷᠢ  ᠶᠢ ᠠᠭᠤᠰᠤᠯᠴᠠᠭᠤᠯᠤᠨ ᠨᠢᠬᠡᠳᠭᠡᠭᠡᠳ᠂ ᠠᠳᠡᠬᠢ ᠬᠢᠳᠠᠳ ᠦᠨᠳᠦᠰᠦᠳᠡᠨ ᠤ ᠠᠷᠠᠳ ᠲᠦᠮᠡᠨ ᠤ ᠬᠠᠮᠤᠭ ᠠᠴᠠ  ᠪᠠᠭ᠋ᠠᠷᠬᠠᠨ ᠰᠤᠨᠢᠷᠬᠠᠳᠠᠭ ᠨᠢᠬᠡ ᠵᠦᠢᠯ ᠤᠨ ᠤᠷᠠᠯᠢᠭ ᠤᠨ ᠬᠡᠯᠪᠡᠷᠢ ᠪᠤᠯᠤᠭᠰᠠᠨ ᠶᠤᠮ᠃  ᠲᠡᠦᠬᠡ ᠶᠢᠨ ᠤᠷᠴᠢᠯ ᠪᠠ ᠨᠡᠶᠢᠬᠡᠮ ᠤᠨ ᠬᠤᠪᠢᠷᠠᠯᠳᠠ ᠲᠤᠮᠳᠠ  ᠂  ︽ᠵᠡᠬᠦᠨ ᠵᠠᠮ ᠤᠨ  ᠬᠤᠤᠰᠯᠠᠯ ᠵᠦᠴᠦᠭᠡ︾   ᠶᠢᠨ ᠬᠦᠭᠵᠢᠯᠳᠡ ᠶᠢᠨ ᠵᠠᠮ ᠳᠤ ᠴᠤ ᠬᠦᠴᠢᠷ ᠪᠡᠷᠭᠡ ᠮᠤᠩ ᠦᠬᠡᠢ ᠲᠤᠬᠢᠶᠠᠯᠳᠤᠵᠤ᠂  ᠬᠡᠳᠦ ᠬᠡᠳᠦᠨ ᠤᠳᠠᠭᠠᠨ ᠤ ᠪᠡᠷᠭᠡ ᠪᠠᠷᠳᠠᠭ᠎ᠠ ᠶᠢ  ᠲᠤᠭᠤᠯᠵᠠᠢ᠃  ᠢᠯᠠᠩᠭᠤᠶ᠎ᠠ ︽ᠰᠤᠶᠤᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ  ᠂  ᠲᠠᠶᠢᠹᠤᠰᠧ ᠬᠤᠰᠢᠭᠤᠨ ᠤ ︽ᠵᠡᠬᠦᠨ ᠵᠠᠮ ᠤᠨ  ᠬᠤᠤᠰᠯᠠᠯ ᠵᠦᠴᠦᠭᠡ︾   ᠨᠢ ᠬᠦᠨᠳᠦ ᠴᠤᠬᠢᠯᠳᠠ ᠳᠤ ᠤᠴᠠᠷᠠᠨ᠂  ᠵᠦᠴᠦᠭᠡ  ᠶᠢᠨ ᠪᠦᠯᠬᠦᠮ ᠨᠢ ᠰᠠᠷᠨᠢᠨ ᠲᠠᠷᠬᠠᠵᠤ᠂ ᠠᠷᠠᠳ ᠤᠨ ᠲᠤᠮᠳᠠ ᠴᠤ  ᠶᠠᠷᠢᠵᠤ ᠲᠠᠭᠤᠯᠠᠬᠤ ᠬᠦᠮᠦᠨ ᠦᠬᠡᠢ ᠪᠤᠯᠤᠭᠰᠠᠨ  ᠢᠶᠠᠷ ᠪᠠᠷᠤᠭ ᠤᠯᠠᠮᠵᠢᠯᠠᠯ ᠲᠠᠰᠤᠷᠠᠬᠤ ᠰᠢᠬᠠᠭᠰᠠᠨ ᠶᠤᠮ᠃  ︽ᠰᠤᠶᠤᠯ ᠤᠨ ᠶᠡᠭᠡ ᠬᠤᠪᠢᠰᠬᠠᠯ︾ ᠤᠨ ᠲᠠᠷᠠᠭ᠎ᠠ᠂  ᠵᠦᠴᠦᠭᠡ ᠶᠢᠨ ᠪᠦᠯᠬᠦᠮ ᠢ ᠰᠡᠷᠬᠦᠬᠡᠨ ᠪᠠᠶᠢᠭᠤᠯᠵᠤ᠂  ︽ᠲᠠᠶᠢᠹᠤᠰᠧ   ᠤᠨ ᠬᠤᠶᠠᠷ ᠬᠦᠮᠦᠨ ᠤ ᠡᠯᠬᠦᠴᠡᠭᠡ ᠵᠦᠴᠦᠭᠡ ᠶᠢᠨ ᠪᠦᠯᠬᠦᠮ︾ ᠬᠡᠮᠡᠨ ᠨᠡᠷᠡᠶᠢᠳᠴᠡᠢ᠃  ᠬᠤᠷᠢᠳᠤᠭᠠᠷ ᠵᠠᠭᠤᠨ ᠤ ᠨᠠᠶᠠᠭᠠᠳ ᠤᠨ ᠤ ᠰᠡᠬᠦᠯᠴᠢ ᠪᠠᠷ᠂ ᠵᠠᠬ᠎ᠠ ᠲᠡᠯᠬᠡᠬᠦᠷ ᠤᠨ ᠠᠵᠤ ᠠᠬᠤᠢ ᠶᠢᠨ ᠲᠠᠭᠠᠷᠢᠯᠳᠠ ᠬᠢᠭᠡᠳ ᠪᠤᠰᠤᠳ ᠲᠠᠯ᠎ᠠ ᠶᠢᠨ ᠤᠯᠠᠨ ᠰᠢᠯᠳᠠᠭᠠᠨ ᠠᠴᠠ ᠪᠤᠯᠵᠤ᠂   ︽ᠵᠡᠬᠦᠨ ᠵᠠᠮ ᠤᠨ  ᠬᠤᠤᠰᠯᠠᠯ ᠵᠦᠴᠦᠭᠡ︾   ᠨᠢ ᠨᠡᠯᠢᠶᠡᠳ ᠤᠳᠠᠭᠠᠨ ᠬᠦᠭᠵᠢᠯᠳᠡ ᠶᠢᠨ ᠵᠠᠮ ᠢ ᠵᠠᠮᠨᠠᠠᠭᠰᠠᠨ ᠪᠠᠶᠢᠪᠠ᠃      ᠭᠡᠪᠡᠴᠦ ︽ᠵᠡᠬᠦᠨ ᠵᠠᠮ ᠤᠨ  ᠬᠤᠤᠰᠯᠠᠯ ᠵᠦᠴᠦᠭᠡ︾ ᠨᠢ ᠲᠠᠶᠢᠹᠤᠰᠧ ᠬᠤᠰᠢᠭᠤᠨ ᠳᠤ  ᠮᠠᠰᠢ ᠰᠠᠶᠢᠨ ᠤᠯᠠᠨ ᠲᠦᠮᠡᠨᠴᠢ ᠰᠠᠭᠤᠷᠢ ᠲᠠᠢ  ᠪᠠᠶᠢᠭᠰᠠᠨ ᠪᠤᠯᠬᠤᠷ᠂ 1980 ᠤᠨ ᠤ 4 ᠰᠠᠷ᠎ᠠ ᠳᠤ ᠬᠤᠰᠢᠭᠤᠨ ᠤ ᠰᠤᠶᠤᠯ  ᠤᠨ ᠤᠷᠳᠤᠨ ᠠᠴᠠ ᠠᠵᠢᠯ ᠤᠨ ᠴᠢᠯᠦᠬᠡᠨ ᠤ   ︽ᠵᠡᠬᠦᠨ ᠵᠠᠮ ᠤᠨ  ᠬᠤᠤᠰᠯᠠᠯ ᠵᠦᠴᠦᠭᠡ ᠶᠢᠨ ᠪᠦᠯᠬᠦᠮ︾   ᠢ ᠪᠠᠶᠢᠭᠤᠯᠤᠨ᠂ ᠨᠢᠬᠡ ᠪᠦᠯᠦᠭ ᠠᠷᠠᠳ ᠤᠨ ᠤᠷᠠᠯᠢᠭᠴᠢᠳ ᠢ ᠵᠤᠬᠢᠶᠠᠨ ᠪᠠᠶᠢᠭᠤᠯᠵᠤ  ᠂ ᠲᠤᠬᠠᠢ ᠶᠢᠨ ᠭᠠᠵᠠᠷ ᠤᠨ ᠤᠯᠠᠨ ᠲᠦᠮᠡᠨ ᠤ  ᠰᠤᠨᠤᠰᠴᠤ ᠰᠤᠨᠢᠷᠬᠠᠭᠤᠰᠢᠳᠠᠢ ᠦᠯᠢᠭᠡᠷ ᠵᠦᠴᠦᠭᠡ ᠪᠠᠷ ᠭᠤᠤᠯ ᠪᠤᠯᠭᠠᠨ ᠵᠤᠬᠢᠶᠠᠨ ᠪᠦᠳᠦᠭᠡᠯᠬᠡ ᠬᠢᠵᠦ  ᠡᠬᠢᠯᠡᠭᠰᠡᠨ ᠢᠶᠠᠨ 1985 ᠤᠨ ᠳᠤ ᠵᠢᠩᠬᠢᠨᠢ ᠪᠠᠷ ᠲᠠᠶᠢᠹᠤᠰᠧ ᠬᠤᠰᠢᠭᠤᠨ ᠤ ᠬᠤᠪᠢ ᠬᠦᠮᠦᠨ ᠤ ᠬᠤᠤᠰᠯᠠᠯ ᠵᠦᠴᠦᠭᠡ ᠶᠢᠨ ᠪᠦᠯᠬᠦᠮ ᠪᠤᠯᠭᠠᠵᠤ  ᠪᠠᠶᠢᠭᠤᠯᠵᠠᠢ᠃ 1986 ᠤᠨ ᠳᠤ ᠬᠤᠤᠰᠯᠠᠯ ᠵᠦᠴᠦᠭᠡ ︽ ᠪᠠᠷᠢ ᠭᠤᠶᠤᠭᠰᠠᠨ︾ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠴᠢ ᠤᠳᠠᠭᠠᠨ ᠤ ᠠᠵᠢᠯ  ᠤᠨ ᠴᠢᠯᠦᠬᠡᠨ ᠤ ᠲᠠᠭᠤᠤ ᠪᠦᠵᠢᠭ ᠵᠦᠴᠦᠭᠡ ᠶᠢᠨ ᠤᠷᠤᠯᠳᠤᠭᠠᠨ ᠳᠤ ᠰᠢᠯᠢᠳᠡᠭ ᠪᠦᠳᠦᠭᠡᠯ ᠤᠨ ᠱᠠᠩᠨᠠᠯ ᠪᠠ ᠲᠤᠭᠯᠠᠯᠳᠠ ᠶᠢᠨ ᠱᠠᠩᠨᠠᠯ ᠲᠤᠰᠤᠭᠰᠠᠨ ᠪᠠᠶᠢᠨ᠎ᠠ᠃ 1999 ᠤᠨ ᠪᠤᠯᠬᠤ ᠳᠤ  ᠵᠦᠴᠦᠭᠡ ᠶᠢᠨ ᠪᠦᠯᠬᠦᠮ ᠨᠢ 28 ᠲᠤᠭᠯᠠᠭᠴᠢ ᠲᠠᠢ ᠪᠤᠯᠵᠤ  ᠬᠦᠭᠵᠢᠨ ᠪᠤᠵᠠᠭᠠᠶᠢᠷᠠᠵᠠᠢ᠃     ᠲᠠᠶᠢᠹᠤᠰᠧ ᠬᠤᠰᠢᠭᠤᠨ ᠤ ᠤᠷᠠᠨ ᠪᠦᠳᠦᠭᠡᠯᠴᠢᠳ ᠤᠨ ᠵᠤᠬᠢᠶᠠᠵᠤ ᠪᠦᠳᠦᠭᠡᠭᠰᠡᠨ  ︽ᠵᠡᠬᠦᠨ ᠵᠠᠮ ᠤᠨ  ᠬᠤᠤᠰᠯᠠᠯ ᠵᠦᠴᠦᠭᠡ︾ ᠳᠤ ᠤᠯᠠᠮᠵᠢᠯᠠᠯᠳᠤ ᠪᠦᠳᠦᠬᠡᠯ  ︽ᠠᠶᠠᠭ᠎ᠠ ᠬᠤᠳᠠᠯᠳᠤᠭᠰᠠᠨ ᠨᠢ︾᠂ ︽ᠴᠤᠭᠤᠷᠤᠬᠠᠢ ᠴᠢᠬᠢᠷᠰᠦ︾ ᠵᠡᠷᠭᠡ   ᠠᠴᠠ ᠭᠠᠳᠠᠨ᠎ᠠ ᠰᠢᠨ᠎ᠡ ᠪᠦᠳᠦᠬᠡᠯ ︽ᠪᠠᠶᠠᠨ ᠬᠠᠩᠭᠠᠢ︾᠂ ︽ᠪᠠᠶᠠᠷᠳᠤ ᠠᠭᠤᠯᠵᠠᠯᠳᠠ︾ ᠵᠡᠷᠭᠡ 100 ᠭᠠᠷᠤᠢ ᠵᠦᠴᠦᠭᠡ ᠪᠤᠢ᠃     ᠤᠯᠠᠮᠵᠢᠯᠠᠭᠴᠢ ᠶᠢᠨ ᠲᠤᠪᠴᠢ  ᠲᠠᠨᠢᠯᠴᠠᠭᠤᠯᠭ᠎ᠠ᠄  ᠯᠢ ᠼᠦᠢ ᠫᠢᠩ᠂  ᠡᠮᠡᠭᠳᠡᠢ᠂  ᠬᠢᠳᠠᠳ ᠦᠨᠳᠦᠰᠦᠳᠡᠨ ᠂ 1963 ᠤᠨ ᠳᠤ ᠲᠦᠷᠦᠪᠡ᠃  ᠲᠠᠶᠢᠹᠤᠰᠧ ᠬᠤᠰᠢᠭᠤᠨ ᠤ  ᠬᠦᠮᠦᠨ᠃ 1982 ᠤᠨ ᠠᠴᠠ ᠾᠧᠪᠸᠢ ᠮᠤᠵᠢ  ᠶᠢᠨ  ︽ᠵᠡᠬᠦᠨ ᠵᠠᠮ ᠤᠨ  ᠬᠤᠤᠰᠯᠠᠯ ᠵᠦᠴᠦᠭᠡ︾ ᠶᠢᠨ  ᠦᠪᠯᠡᠨ ᠤᠯᠠᠮᠵᠢᠯᠠᠭᠴᠢ ᠵᠠᠩ ᠶᠦᠸᠧ ᠯᠠᠨ ᠪᠠᠭᠰᠢ ᠶᠢ ᠲᠠᠭᠠᠵᠤ ᠬᠤᠤᠰᠯᠠᠯ ᠵᠦᠴᠦᠭᠡ ᠰᠤᠷᠤᠭᠠᠳ᠂ 1984 ᠤᠨ ᠳᠤ ᠺᠠᠩ ᠪᠤᠤ  ᠰᠢᠶᠠᠨ ᠤ ᠨᠡᠬᠦᠷᠡᠰᠦᠨ ᠠᠭᠤᠷᠬᠠᠢ  ᠶᠢᠨ ᠤᠷᠠᠨ ᠰᠠᠶᠢᠬᠠᠨ ᠤ ᠪᠦᠯᠬᠦᠮ ᠳᠤ ᠰᠢᠯᠭᠠᠨ ᠤᠷᠤᠵᠤ᠂ 1985 ᠤᠨ ᠳᠤ  ᠪᠠᠶᠢᠭᠤᠯᠭ᠎ᠠ ᠶᠢᠨ ᠶᠢᠨ ᠲᠤᠮᠢᠯᠠᠯᠳᠠ ᠪᠠᠷ ᠲᠠᠶᠢᠹᠤᠰᠧ ᠬᠤᠰᠢᠭᠤᠨ ᠳᠤ ᠢᠷᠡᠵᠦ  ᠮᠡᠷᠭᠡᠵᠢᠯ ᠢᠶᠠᠨ ᠪᠠᠳᠤᠳᠬᠠᠵᠠᠢ᠃ 2006 ᠤᠨ ᠳᠤ ᠲᠠᠶᠢᠹᠤᠰᠧ ᠬᠤᠰᠢᠭᠤᠨ ᠤ  ︽ᠵᠡᠬᠦᠨ ᠵᠠᠮ ᠤᠨ  ᠬᠤᠤᠰᠯᠠᠯ ᠵᠦᠴᠦᠭᠡ︾ ᠶᠢᠨ  ᠪᠦᠯᠬᠦᠮ ᠳᠤ ᠤᠳᠤᠷᠢᠳᠤᠭᠠᠴᠢ  ᠪᠠᠷ ᠠᠵᠢᠯᠯᠠᠪᠠ᠃  1990 ᠤᠨ ᠳᠤ ᠴᠢᠭᠤᠯᠤᠯᠳᠤ ᠬᠠᠭᠠᠯᠭ᠎ᠠ ᠶᠢᠨ ᠦᠢᠯᠡᠳᠪᠦᠷᠢ ᠠᠭᠤᠷᠬᠠᠢ ᠶᠢᠨ ᠠᠵᠢᠯᠴᠢᠨ ᠤ ᠲᠠᠭᠤᠤ ᠪᠦᠵᠢᠭ ᠤᠨ ᠤᠷᠤᠯᠳᠤᠭᠠᠨ ᠳᠤ  ᠨᠢᠬᠡᠳᠦᠭᠡᠷ ᠲᠡᠰ ᠤᠨ ᠱᠠᠩᠨᠠᠯ ᠤᠯᠵᠤ᠂ 1992 ᠤᠨ ᠳᠤ ᠾᠧᠪᠸᠢ ᠮᠤᠵᠢ ᠶᠢᠨ ᠪᠦᠳᠦᠬᠡᠨ ᠪᠠᠶᠢᠭᠤᠯᠤᠯᠳᠠ ᠶᠢᠨ ᠰᠢᠰᠲ᠋ᠧᠮ ᠤᠨ ᠤᠷᠠᠨ ᠰᠠᠶᠢᠬᠠᠨ ᠤ ᠲᠤᠭᠯᠠᠯᠳᠠ᠂ ᠾᠧᠪᠸᠢ ᠮᠤᠵᠢ  ᠶᠢᠨ ᠴᠠᠭᠠᠨ ᠰᠠᠷ᠎ᠠ ᠶᠢᠨ ᠦᠳᠡᠰᠢᠯᠡᠭᠡ  ᠵᠡᠷᠭᠡ ᠳᠤ ᠤᠷᠤᠯᠴᠠᠨ᠂ ᠪᠡᠭᠡᠵᠢᠩ ᠰᠢ ᠶᠢᠨ ᠶᠡᠭᠡ ᠪᠠᠭᠰᠢ ᠱᠠᠩ ᠴᠠᠩ ᠷᠦᠩ᠂ ᠱᠤᠭ ᠵᠦᠴᠦᠭᠡ ᠶᠢᠨ ᠨᠡᠷᠡᠳᠦ ᠤᠷᠠᠯᠢᠭᠴᠢᠨ ᠾᠸᠦ ᠶᠤᠤ ᠬᠤᠸᠠ ᠵᠡᠷᠭᠡ ᠬᠦᠮᠦᠰ ᠲᠠᠢ  ᠲᠠᠶᠢᠰᠠᠨ ᠳᠤ ᠬᠠᠮᠳᠤ ᠲᠤᠭᠯᠠᠵᠤ ᠦᠩᠭᠡᠷᠡᠪᠡ᠃ 2004 ᠤᠨ ᠳᠤ ᠱᠠᠨ ᠰᠢ᠂ ᠱᠠᠨᠰᠢ᠂ ᠦᠪᠦᠷ ᠮᠤᠩᠭᠤᠯ᠂ ᠾᠧᠪᠸᠢ ᠲᠦᠷᠪᠡᠨ ᠮᠤᠵᠢ ᠤᠷᠤᠨ ᠤ ᠬᠤᠤᠰᠯᠠᠯ ᠵᠦᠴᠦᠭᠡ ᠶᠢᠨ ᠲᠧᠯᠸᠢᠰ ᠱᠠᠩᠨᠠᠯᠳᠤ ᠤᠷᠤᠯᠳᠤᠭᠠᠨ ᠳᠤ  ᠤᠷᠤᠯᠴᠠᠭᠠᠳ ᠭᠤᠷᠪᠠᠳᠤᠭᠠᠷ ᠲᠡᠰ ᠤᠨ ᠱᠠᠩᠨᠠᠯ ᠬᠦᠷᠳᠡᠵᠦ᠂ 2012 ᠤᠨ ᠳᠤ ᠪᠦᠬᠦ ᠠᠶᠢᠮᠠᠭ ᠤᠨ ᠠᠵᠢᠯ ᠤᠨ ᠴᠢᠯᠦᠬᠡᠨ ᠤ ᠤᠯᠠᠭᠠᠨᠮᠦ᠋ᠴᠢᠷ ᠤᠨ ᠴᠢᠭᠤᠯᠭᠠᠨ ᠳᠤ ᠮᠦᠩᠬᠦᠨ  ᠮᠧᠲ᠋ᠠᠯ ᠲᠤᠰᠴᠠᠢ᠃          2015 ᠤᠨ ᠳᠤ ᠲᠠᠶᠢᠹᠤᠰᠧ ᠬᠤᠰᠢᠭᠤ ᠨᠢ ︽ᠵᠡᠬᠦᠨ ᠵᠠᠮ ᠤᠨ  ᠬᠤᠤᠰᠯᠠᠯ ᠵᠦᠴᠦᠭᠡ︾ ᠶᠢ  ᠤᠷᠤᠨ  ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠪᠦᠷᠢᠳᠭᠡᠬᠦᠯᠵᠦ᠂  2016 ᠤᠨ ᠳᠤ ᠯᠢ ᠼᠦᠢ ᠫᠢᠩ ᠤᠷᠤᠨ ᠤ ᠲᠡᠰ ᠤᠨ ᠦᠪᠯᠡᠨ ᠤᠯᠠᠮᠵᠢᠯᠠᠭᠴᠢ ᠪᠤᠯᠤᠭᠰᠠᠨ ᠪᠠᠶᠢᠨ᠎ᠠ᠃  ᠡᠬᠦᠨ ᠠᠴᠠ ᠭᠠᠳᠠᠨ᠎ᠠ᠂  ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠳᠤ  ᠬᠤᠤ ᠵᠢᠶᠦ᠋ᠨ᠂ ᠬᠤᠤ  ᠺᠤᠸᠠᠨ  ᠂ ᠯᠢᠦ ᠭᠤᠸᠠᠩ ᠶᠢᠨ᠂ ᠸᠠᠩ ᠯᠢᠨ ᠱᠠᠨ᠂ ᠬᠠᠨ ᠬᠠᠢ ᠴᠢᠩ  ᠵᠡᠷᠭᠡ ᠬᠦᠮᠦᠰ ᠪᠠᠶᠢᠭ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号