︽ᠰᠢᠨ᠎ᠡ ᠤᠨ ᠢᠶᠠᠨ ᠤᠭᠳᠤᠬᠤ ᠴᠠᠰᠤ ᠮᠦᠰᠦᠨ ᠤ ᠰᠤᠨᠢᠷᠬᠠᠯᠳᠤ ᠨᠠᠭᠠᠳᠤᠮ︾  ᠢ ᠡᠷᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019/12/30
ᠡᠯ᠎ᠡ ᠰᠤᠮᠤ ᠰᠢᠶᠠᠩ ᠪᠠᠯᠭᠠᠰᠤ᠂  ᠪᠠᠶᠢᠭᠤᠯᠭ᠎ᠠ ᠨᠢᠬᠡᠴᠡ᠂  ᠠᠵᠤ ᠠᠬᠤᠶᠢᠯᠠᠯ᠂ ᠨᠡᠶᠢᠬᠡᠮ ᠤᠨ ᠪᠦᠯᠬᠦᠮ ᠳᠤ᠄      ᠬᠠᠭᠤᠴᠢᠨ ᠤᠨ ᠢᠶᠠᠨ ᠦᠳᠡᠵᠦ᠂ ᠰᠢᠨ᠎ᠡ ᠤᠨ ᠢᠶᠠᠨ ᠤᠭᠳᠤᠬᠤ ᠦᠯᠵᠡᠢ ᠪᠡᠯᠬᠡᠳᠦ ᠮᠦᠴᠡ ᠶᠢ ᠲᠤᠬᠢᠶᠠᠯᠳᠤᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ᠂  ᠪᠦᠬᠦ ᠠᠷᠠᠳ ᠢᠶᠠᠷ ᠢᠶᠠᠨ ᠴᠢᠬᠢᠷᠠᠭᠵᠢᠬᠤ  ᠪᠡᠶ᠎ᠡ ᠶᠢᠨ ᠲᠠᠮᠢᠷ ᠤᠨ ᠬᠦᠳᠡᠯᠬᠡᠬᠡᠨ ᠢ ᠦᠷᠭᠡᠨ ᠲᠡᠯᠬᠡᠷ ᠦᠷᠨᠢᠬᠦᠯᠵᠦ᠂  ᠰᠢ ᠶᠢᠨ ᠫᠢᠩ ᠶᠡᠷᠦᠩᠬᠡᠢ ᠱᠦᠵᠢ ᠶᠢᠨ ︽3 ᠳ᠋ᠦᠩᠰᠢᠭᠤᠷ ᠬᠦᠮᠦᠨ ᠢ ᠲᠠᠶᠢᠴᠢᠯᠠᠨ  ᠡᠪᠦᠯ ᠤᠨ ᠤᠯᠠᠷᠢᠯ ᠤᠨ ᠲᠠᠮᠢᠷ ᠤᠨ ᠬᠦᠳᠡᠯᠬᠡᠬᠡᠨ   ᠳᠤ ᠤᠷᠤᠯᠴᠠᠭᠤᠯᠬᠤ︾ ᠴᠢᠬᠤᠯᠠ  ᠵᠢᠭᠠᠪᠤᠷᠢ ᠶᠢ ᠨᠠᠶᠢᠳᠠᠪᠤᠷᠢᠵᠢᠭᠤᠯᠤᠨ᠂  ᠮᠠᠨ ᠤ ᠬᠤᠰᠢᠭᠤᠨ ᠤ ᠪᠠᠨ  ᠡᠪᠦᠯ ᠤᠨ ᠤᠯᠠᠷᠢᠯ ᠤᠨ ᠲᠠᠮᠢᠷ ᠤᠨ ᠬᠦᠳᠡᠯᠬᠡᠬᠡᠨ   ᠤ ᠲᠦᠭᠡᠮᠡᠯᠵᠢᠨ ᠲᠡᠯᠭᠡᠷᠡᠬᠦ ᠶᠢ  ᠠᠬᠢᠭᠤᠯᠵᠤ᠂ ᠤᠯᠠᠨ ᠲᠦᠮᠡᠨ ᠤ ᠤᠯᠠᠨ ᠶᠠᠩᠵᠤ ᠶᠢᠨ  ᠲᠠᠮᠢᠷ ᠤᠨ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠱᠠᠭᠠᠷᠳᠠᠯᠭ᠎ᠠ ᠶᠢ  ᠬᠠᠩᠭᠠᠬᠤ  ᠵᠤᠷᠢᠯᠭ᠎ᠠ ᠪᠠᠷ  ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ   ᠨᠢ ︽ᠰᠢᠨ᠎ᠡ ᠤᠨ ᠢᠶᠠᠨ ᠤᠭᠳᠤᠬᠤ ᠴᠠᠰᠤ ᠮᠦᠰᠦᠨ ᠲᠡᠭᠡᠷᠡᠬᠢ ᠰᠤᠨᠢᠷᠬᠠᠯᠳᠤ ᠲᠤᠭᠯᠠᠭᠠᠮ︾   ᠢ ᠡᠷᠬᠢᠯᠡᠨ  ᠶᠠᠪᠤᠭᠳᠠᠭᠤᠯᠬᠤ ᠪᠠᠷ  ᠪᠤᠯᠤᠭᠰᠠᠨ᠎ᠠ᠂  ᠪᠦᠬᠦ ᠬᠤᠰᠢᠭᠤᠨ ᠤ ᠡᠯ᠎ᠡ  ᠪᠠᠶᠢᠭᠤᠯᠭ᠎ᠠ ᠨᠢᠬᠡᠴᠡ ᠶᠢᠨ ᠬᠢᠨ ᠤ ᠺᠠᠳᠠᠷ ᠠᠵᠢᠯᠳᠠᠨ ᠢᠶᠠᠨ ᠢᠳᠡᠪᠬᠢᠳᠡᠢ ᠵᠤᠬᠢᠶᠠᠨ ᠪᠠᠶᠢᠭᠤᠯᠵᠤ  ᠤᠷᠤᠯᠴᠠᠬᠤ ᠶᠢ ᠤᠷᠢᠶᠠᠯᠠᠵᠤ ᠪᠠᠶᠢᠬᠤ ᠶᠢᠨ ᠬᠠᠮᠳᠤ᠂  ᠬᠤᠯᠪᠤᠭᠳᠠᠬᠤ ᠤᠴᠢᠷ ᠢ  ᠲᠤᠤᠷᠠᠬᠢ ᠮᠡᠳᠦ ᠠᠩᠬᠠᠷᠤᠭᠤᠯᠤᠨ ᠮᠡᠳᠡᠭᠳᠡᠵᠦ ᠪᠠᠶᠢᠨ᠎ᠠ᠃   ᠬᠦᠳᠡᠯᠬᠡᠬᠡᠨ ᠤ ᠨᠡᠷ᠎ᠡ᠄  2019 ᠰᠢᠨ᠎ᠡ ᠤᠨ ᠢᠶᠠᠨ ᠤᠭᠳᠤᠬᠤ ᠴᠠᠰᠤ ᠮᠦᠰᠦᠨ ᠲᠡᠭᠡᠷᠡᠬᠢ ᠰᠤᠨᠢᠷᠬᠠᠯᠳᠤ ᠲᠤᠭᠯᠠᠭᠠᠮ   ᠬᠦᠳᠡᠯᠬᠡᠬᠡᠨ ᠤ ᠭᠤᠤᠯ ᠰᠡᠳᠦᠪ  ᠄  ᠲᠠᠮᠢᠷ ᠤᠨ ᠬᠦᠳᠡᠯᠬᠡᠬᠡᠨ ᠢ ᠬᠠᠮᠢᠭ᠎ᠠ ᠭᠠᠵᠠᠷ ᠠᠯᠢ ᠴᠠᠭ ᠲᠤ ᠴᠤ ᠦᠷᠨᠢᠬᠦᠯᠵᠦ᠂   ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ ᠪᠡᠶ᠎ᠡ ᠶᠢᠨ ᠴᠢᠬᠢᠷᠠᠭᠵᠢᠯ ᠢ ᠠᠬᠢᠭᠤᠯᠤᠨ᠎ᠠ   ᠭᠤᠤᠯᠯᠠᠨ ᠡᠷᠬᠢᠯᠡᠭᠰᠡᠨ ᠨᠢᠬᠡᠴᠡ᠄ ᠲᠠᠶᠢᠹᠤᠰᠧ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ   ᠴᠠᠭ᠄  2019 ᠤᠨ ᠤ 12 ᠰᠠᠷ᠎ᠠ ᠶᠢᠨ 31 ᠤ ᠡᠳᠦᠷ ᠤᠨ 9:30   ᠲᠤ ᠡᠬᠢᠯᠡᠨ᠎ᠡ᠃   ᠭᠠᠵᠠᠷ  ᠄ ᠪᠤᠤᠴᠠᠩ ᠪᠠᠯᠭᠠᠰᠤᠨ ᠤ ᠪᠢᠶᠠᠨ ᠴᠢᠶᠠᠩ ᠲᠤᠰᠬᠤᠨ ᠤ ᠴᠠᠰᠤ ᠮᠦᠰᠦᠨ ᠤ ᠴᠡᠩᠬᠡᠯ ᠤᠨ ᠬᠦᠷᠢᠶᠡᠯᠡᠩ   ᠠᠭᠤᠯᠭ᠎ᠠ᠄  ᠬᠠᠮᠳᠤ   ᠶᠢᠨ ᠤᠷᠤᠯᠳᠤᠭᠠᠨ ᠳᠤ  ᠭᠤᠯᠭᠤᠭᠤᠷ ᠲᠡᠷᠭᠡ ᠶᠢᠨ ᠪᠤᠤᠬᠢᠶ᠎ᠠ ᠤᠷᠤᠯᠳᠤᠭᠠᠨ᠂  ᠴᠠᠰᠤᠨ ᠲᠡᠭᠡᠷ᠎ᠡ ᠲᠡᠭᠡᠰᠦ ᠲᠠᠳᠠᠬᠤ ᠤᠷᠤᠯᠳᠤᠭᠠᠨ ᠤ ᠲᠦᠷᠦᠯ ᠪᠠᠶᠢᠵᠤ᠂  ᠬᠤᠪᠢ ᠬᠦᠮᠦᠨ ᠤ ᠲᠤᠭᠯᠠᠭᠠᠮ ᠳᠤ ᠴᠠᠭᠠᠷᠢᠭ  ᠲᠤ ᠰᠠᠭᠤᠵᠤ ᠭᠤᠯᠭᠤᠬᠤ᠂  ᠴᠠᠰᠤᠨ ᠲᠡᠭᠡᠷ᠎ᠡ ᠲᠠᠩᠺ ᠵᠢᠯᠤᠭᠤᠳᠬᠤ᠂ ᠮᠦᠰᠦᠨ ᠲᠡᠭᠡᠷ᠎ᠡ ᠲᠤᠭᠤᠢ ᠲᠡᠷᠭᠡ ᠤᠨᠤᠬᠤ᠂  ᠮᠦᠰᠦᠨ ᠲᠡᠭᠡᠷ᠎ᠡ ᠤᠩᠭᠤᠴᠠ ᠰᠡᠯᠢᠬᠦ  ᠵᠡᠷᠭᠡ ᠨᠠᠭᠠᠳᠤᠮ ᠤᠨ ᠵᠦᠢᠯᠡᠰ ᠪᠠᠭᠳᠠᠨ᠎ᠠ᠃   ᠱᠠᠩᠨᠠᠨ ᠵᠤᠷᠢᠬᠵᠢᠭᠤᠯᠬᠤ ᠠᠷᠭ᠎ᠠ᠄  ᠬᠠᠮᠳᠤ ᠶᠢᠨ ᠤᠷᠤᠯᠳᠤᠭᠠᠨ ᠤ ᠨᠢᠬᠡᠳᠦᠭᠡᠷ ᠨᠡᠷ᠎ᠡ ᠳᠤ  1000  ᠲᠦᠬᠦᠷᠢᠭ᠂ ᠨᠢᠬᠡᠳᠦᠭᠡᠷ ᠨᠡᠷ᠎ᠡ ᠳᠤ  800  ᠲᠦᠬᠦᠷᠢᠭ᠂ ᠨᠢᠬᠡᠳᠦᠭᠡᠷ ᠨᠡᠷ᠎ᠡ ᠳᠤ 500 ᠲᠦᠬᠦᠷᠢᠭ ᠱᠠᠩᠨᠠᠨ᠎ᠠ᠃   ᠨᠡᠷ᠎ᠡ ᠮᠡᠳᠡᠬᠦᠯᠬᠦ ᠠᠷᠭ᠎ᠠ᠄  ᠨᠢᠬᠡᠴᠡ ᠪᠠᠷ ᠢᠶᠠᠨ ᠨᠡᠷ᠎ᠡ ᠮᠡᠳᠡᠬᠦᠯᠦᠨ᠎ᠡ  ᠃  ᠭᠤᠯᠭᠤᠭᠤᠷ ᠲᠡᠷᠭᠡ ᠶᠢᠨ ᠪᠤᠤᠬᠢᠶ᠎ᠠ ᠤᠷᠤᠯᠳᠤᠭᠠᠨ ᠤ ᠲᠠᠭᠠᠭᠤᠯᠤᠭᠴᠢ 1 ᠬᠦᠮᠦᠨ᠂  ᠡᠷᠡᠭᠳᠡᠢ ᠡᠮᠡᠭᠳᠡᠢ  ᠲᠠᠮᠢᠷᠴᠢᠨ ᠲᠤᠰᠪᠤᠷᠢ 4 ᠬᠦᠮᠦᠨ᠃ ᠲᠡᠭᠡᠰᠦ ᠲᠠᠳᠠᠬᠤ ᠤᠷᠤᠯᠳᠤᠭᠠᠨ ᠤ ᠲᠠᠭᠠᠭᠤᠯᠤᠭᠴᠢ 1 ᠬᠦᠮᠦᠨ᠂  ᠲᠠᠮᠢᠷᠴᠢᠨ 10 ᠬᠦᠮᠦᠨ᠂  ᠡᠬᠦᠨ ᠳᠤ  ᠡᠮᠡᠭᠳᠡᠢ  ᠲᠠᠮᠢᠷᠴᠢᠨ ᠠᠳᠠᠭ ᠲᠠᠭᠠᠨ 4 ᠬᠦᠮᠦᠨ  ᠪᠠᠶᠢᠬᠤ ᠭᠡᠷᠡᠭᠳᠡᠢ᠃  ᠤᠷᠤᠯᠳᠤᠭᠠᠨ ᠤ ᠲᠦᠷᠢᠮ ᠢ ᠲᠤᠬᠠᠢ ᠶᠢᠨ ᠴᠠᠭ  ᠲᠤ ᠨᠠᠷᠢᠨ ᠲᠠᠶᠢᠯᠪᠤᠷᠢᠯᠠᠨ᠎ᠠ᠃   ᠨᠡᠷ᠎ᠡ ᠮᠡᠳᠡᠬᠦᠯᠬᠦ ᠭᠠᠵᠠᠷ᠄   ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠺᠢᠨᠤ᠋ ᠲᠧᠯᠸᠢᠰ ᠤᠨ ᠲᠤᠪᠴᠢᠶᠠᠨ ᠤ ᠠᠯᠪᠠᠨ ᠠᠰᠠᠷ ᠤᠨ  ᠲᠦᠷᠪᠡᠳᠦᠬᠡᠷ ᠲᠠᠪᠬᠤᠷᠭ᠎ᠠ᠃   ᠬᠠᠷᠢᠯᠴᠠᠬᠤ ᠬᠦᠮᠦᠨ᠄  ᠶᠢᠨ ᠪᠦᠸᠧ    ᠤᠳᠠᠰᠤ᠄ 13754192652     ᠢᠮᠧᠯ᠄  849016880@qq.com   ᠨᠡᠷ᠎ᠡ ᠮᠡᠳᠡᠬᠦᠯᠬᠦ ᠬᠤᠭᠤᠴᠠᠭ᠎ᠠ  ᠄ 2019.12.25 — 2019.12.29   ᠤᠨᠴᠠᠯᠠᠨ ᠱᠠᠭᠠᠷᠳᠠᠬᠤ ᠵᠦᠢᠯ᠄  ᠤᠷᠤᠯᠳᠤᠭᠠᠨ ᠳᠤ ᠤᠷᠤᠯᠴᠠᠭᠰᠠᠳ ᠡᠷᠭᠡᠪᠰᠢ ᠡᠷᠡᠬᠦᠯ ᠴᠢᠬᠢᠷᠠᠭ  ᠬᠦᠮᠦᠨ ᠪᠠᠶᠢᠬᠤ ᠭᠡᠷᠡᠭᠳᠡᠢ  ᠃ ᠤᠷᠤᠯᠳᠤᠭᠠᠨ ᠨᠠᠭᠠᠳᠤᠮ ᠤᠨ ᠶᠠᠪᠤᠴᠠ ᠳᠤ ᠶᠠᠮᠠᠷᠪᠠ ᠤᠰᠤᠯ ᠠᠳᠡᠯ ᠭᠠᠷᠪᠠᠯ᠂ ᠭᠤᠤᠯᠯᠠᠨ ᠡᠷᠬᠢᠯᠡᠭᠰᠡᠨ ᠨᠢᠬᠡᠴᠡ  ᠶᠠᠮᠠᠷᠴᠤ ᠬᠠᠷᠢᠭᠤᠴᠠᠯᠭ᠎ᠠ ᠡᠬᠦᠷᠭᠡᠯᠡᠬᠦ ᠦᠬᠡᠢ᠃  ᠨᠡᠷ᠎ᠡ ᠮᠡᠳᠡᠬᠦᠯᠦᠭᠰᠡᠨ  ᠯᠠ ᠪᠤᠯ ᠲᠤᠰ ᠱᠠᠭᠠᠷᠳᠠᠯᠭ᠎ᠠ   ᠶᠢ ᠮᠡᠳᠡᠷᠡᠭᠰᠡᠨ ᠳᠤ ᠲᠤᠭᠠᠴᠠᠭᠳᠠᠨ᠎ᠠ  ᠃                                           ᠲᠠᠶᠢᠹᠤᠰᠧ  ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠺᠢᠨᠤ᠋ ᠲᠧᠯᠸᠢᠰ ᠤᠨ ᠲᠤᠪᠴᠢᠶ᠎ᠠ                                                         2019 ᠤᠨ ᠤ 12 ᠰᠠᠷ᠎ᠠ ᠶᠢᠨ 25  ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号