ᠲᠠᠶᠢᠹᠤᠰᠧ ᠬᠤᠰᠢᠭᠤ ᠴᠠᠭᠠᠨ ᠰᠠᠷ᠎ᠠ ᠶᠢᠨ ᠬᠤᠭᠤᠴᠠᠭᠠᠨ ᠤ ᠭᠠᠯ ᠲᠦᠢᠮᠡᠷ ᠰᠡᠷᠭᠡᠶᠢᠯᠡᠬᠦ ᠠᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2019-02-11
   ᠦᠩᠭᠡᠷᠡᠬᠦ ᠡᠪᠦᠯ  ᠲᠠᠶᠢᠹᠤᠰᠧ ᠬᠤᠰᠢᠭᠤᠨ ᠳᠤ ᠴᠠᠰᠤ ᠪᠠᠭ᠎ᠠ ᠲᠡᠭᠷᠢ ᠲᠤᠯᠠᠭᠠᠨ  ᠪᠤᠯᠬᠤᠷ ᠡᠨᠡ ᠬᠠᠪᠤᠷ  ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠶᠡᠭᠡ ᠪᠤᠯᠬᠤ ᠨᠢ ᠲᠠᠮᠵᠢᠭ ᠦᠬᠡᠢ᠃  ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠤ ᠫᠤᠤᠵᠢᠩ ᠲᠠᠯᠪᠢᠬᠤ  ᠪᠤᠶᠤ ᠡᠯ᠎ᠡ ᠵᠦᠢᠯ ᠤᠨ ᠲᠠᠬᠢᠯᠭ᠎ᠠ ᠲᠠᠶᠢᠯᠭ᠎ᠠ ᠬᠢᠬᠦ ᠵᠠᠩ ᠦᠢᠯᠡ ᠶᠠᠪᠤᠭᠳᠠᠬᠤ ᠶᠢ ᠲᠠᠭᠠᠯᠳᠤᠭᠠᠳ᠂ ᠭᠠᠯ  ᠰᠡᠷᠭᠡᠶᠢᠯᠡᠬᠦ ᠠᠵᠢᠯ ᠡᠬᠦᠷᠭᠡ ᠨᠡᠩ  ᠬᠦᠨᠳᠦᠷᠡᠭᠰᠡᠨ ᠪᠠᠶᠢᠨ᠎ᠠ᠃ ᠴᠠᠭᠠᠨ ᠰᠠᠷ᠎ᠠ ᠶᠢᠨ ᠬᠤᠭᠤᠴᠠᠭᠠᠨ  ᠳᠤ ᠪᠦᠬᠦ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ   ᠤᠨ ᠡᠬᠢ ᠪᠠᠶᠠᠯᠢᠭ ᠬᠢᠭᠡᠳ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ  ᠬᠠᠮᠠᠭᠠᠯᠠᠬᠤ ᠶᠢᠨ ᠲᠦᠯᠦᠬᠡ᠂ ᠲᠠᠶᠢᠹᠤᠰᠧ ᠬᠤᠰᠢᠭᠤ ᠭᠠᠯ ᠲᠦᠢᠮᠡᠷ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ  ᠪᠠᠶᠢᠨ᠎ᠠ᠃
      ᠬᠤᠰᠢᠭᠤᠨ ᠤ ᠭᠠᠯ ᠰᠡᠷᠭᠡᠶᠢᠯᠡᠬᠦ ᠠᠯᠪᠠᠨ ᠭᠡᠷ ᠤᠨ ᠬᠢᠨ ᠬᠤᠶᠠᠷ ᠰᠠᠯᠠᠭ᠎ᠠ ᠭᠠᠯ ᠰᠡᠷᠭᠡᠶᠢᠯᠡᠨ ᠤᠨᠳᠠᠷᠠᠭᠠᠬᠤ ᠠᠩᠬᠢ  ᠶᠢ ᠲᠤᠮᠢᠯᠠᠵᠤ᠂ ᠪᠦᠬᠦ ᠬᠤᠰᠢᠭᠤᠨ ᠤ ᠬᠡᠪᠴᠢᠶᠡᠨ   ᠳᠤ ᠱᠠᠭᠠᠷᠳᠠᠨ ᠪᠠᠶᠢᠴᠠᠭᠠᠬᠤ ᠠᠵᠢᠯ  ᠦᠷᠨᠢᠬᠦᠯᠵᠦ ᠪᠤᠢ᠃  ᠨᠢᠬᠡ ᠲᠠᠯᠠᠪᠠᠷ᠂ ᠡᠯ᠎ᠡ ᠰᠤᠮᠤ ᠰᠢᠶᠠᠩ  ᠪᠠᠯᠭᠠᠰᠤᠨ ᠤ  ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠶᠠᠪᠤᠭᠳᠠᠭᠤᠯᠵᠤ ᠪᠠᠶᠢᠭ᠎ᠠ ᠪᠠᠶᠢᠳᠠᠯ᠂  ᠴᠠᠭᠠᠨ ᠰᠠᠷ᠎ᠠ ᠶᠢᠨ ᠬᠤᠭᠤᠴᠠᠭᠠᠨ ᠤ ᠭᠠᠯ ᠰᠡᠷᠭᠡᠶᠢᠯᠡᠬᠦ ᠤᠬᠠᠭᠤᠯᠭ᠎ᠠ᠂  ᠭᠠᠯ ᠤᠨᠳᠠᠷᠠᠭᠠᠬᠤ  ᠪᠡᠯᠡᠳᠭᠡᠯ ᠠᠵᠢᠯ᠂ ᠭᠤᠤᠯᠳᠠᠯᠭᠠᠳᠠᠢ ᠭᠠᠵᠠᠷ ᠤᠷᠤᠨ ᠤ ᠲᠤᠭᠤᠷᠢᠨ ᠪᠠᠶᠢᠴᠠᠭᠠᠯᠳᠠ᠂  ᠵᠢᠵᠢᠬᠦᠷᠯᠡᠭᠡ ᠶᠢᠨ ᠪᠠᠶᠢᠳᠠᠯ  ᠵᠢᠴᠢ  ᠤᠢ ᠰᠢᠭᠤᠢ ᠬᠠᠮᠠᠭᠠᠯᠠᠭᠴᠢ ᠶᠢᠨ  ᠠᠵᠢᠯ ᠡᠬᠦᠷᠭᠡ ᠪᠠᠨ ᠪᠡᠶᠡᠯᠡᠬᠦᠯᠦᠭᠰᠡᠨ ᠪᠠᠶᠢᠳᠠᠯ   ᠢ ᠱᠠᠭᠠᠷᠳᠠᠨ ᠪᠠᠶᠢᠴᠠᠭᠠᠵᠤ᠂   ᠨᠦᠬᠦᠬᠡ ᠲᠠᠯᠠᠪᠠᠷ᠂ ᠪᠢᠳᠡᠬᠦᠮᠵᠢᠯᠡᠭᠰᠡᠨ ᠪᠡᠯᠴᠢᠭᠡᠷ ᠬᠠᠳᠤᠯᠠᠩ  ᠂ ᠲᠠᠷᠢᠶᠠᠯᠠᠬᠤ ᠶᠢ   ᠴᠠᠭᠠᠵᠠᠯᠠᠵᠤ ᠠᠮᠢ ᠠᠬᠤᠢ ᠶᠢ ᠰᠡᠷᠬᠦᠭᠡᠬᠦ ᠤᠷᠤᠨ᠂  ᠨᠡᠶᠢᠳᠡ ᠶᠢᠨ ᠠᠰᠠᠷᠠᠮᠵᠢ ᠶᠢᠨ ᠤᠢ ᠰᠢᠭᠤᠢ᠂ ᠭᠤᠤᠯᠳᠠᠯᠭᠠᠳᠠᠢ ᠨᠤᠭᠤᠭᠠᠷᠠᠭᠤᠯᠤᠭᠰᠠᠨ ᠭᠠᠵᠠᠷ ᠤᠷᠤᠨ  ᠂ ᠨᠡᠶᠢᠳᠡ ᠶᠢᠨ ᠤᠩᠭᠤᠨ ᠤ ᠭᠠᠵᠠᠷ᠂ ᠭᠤᠤᠯ ᠪᠤᠯᠬᠤ ᠵᠠᠮ ᠱᠤᠭᠤᠮ ᠵᠡᠷᠭᠡ ᠭᠤᠤᠯᠳᠠᠯᠭ᠎ᠠ ᠲᠠᠢ ᠭᠠᠵᠠᠷ ᠤᠷᠤᠨ  ᠢᠶᠠᠷ  ᠴᠠᠭᠳᠠᠨ ᠪᠠᠶᠢᠴᠠᠭᠠᠵᠤ᠂  ᠭᠠᠯ ᠤᠨ ᠠᠶᠤᠯ ᠤᠨ ᠲᠠᠯᠳᠠ ᠭᠡᠮ ᠢ  ᠪᠠᠶᠢᠴᠠᠭᠠᠵᠤ ᠢᠯᠡᠷᠡᠬᠦᠯᠦᠨ᠂ ᠭᠠᠯ ᠤᠨ ᠡᠬᠢ ᠰᠤᠷᠪᠤᠯᠵᠢ ᠤᠢ ᠰᠢᠭᠤᠢ ᠨᠤᠳᠤᠭ ᠪᠡᠯᠴᠢᠭᠡᠷ ᠲᠤ ᠤᠷᠤᠬᠤ ᠶᠢ ᠰᠡᠷᠭᠡᠶᠢᠯᠡᠨ ᠬᠤᠷᠢᠭᠯᠠᠵᠤ ᠪᠤᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号