ᠴᠢᠶᠤᠤ ᠵᠢᠶᠠᠨ ᠴᠢᠶᠠᠩ ᠨᠦᠬᠦᠷ ᠶᠠᠳᠠᠭᠤ ᠶᠢ ᠳᠡᠳᠬᠦᠬᠦ ᠠᠵᠤ ᠦᠢᠯᠡᠰ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2019-02-18
      ᠤᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠴᠢᠶᠤᠤ ᠵᠢᠶᠠᠨ ᠴᠢᠶᠠᠩ ᠪᠤᠤᠴᠠᠩ ᠪᠠᠯᠭᠠᠰᠤᠨ  ᠤ ᠡᠤ ᠵᠢᠩ ᠲᠤᠰᠬᠤᠨ ᠳᠤ ᠬᠦᠨᠵᠡᠬᠡᠶᠢᠷᠡᠵᠦ᠂ ᠶᠠᠳᠠᠭᠤ ᠶᠢ ᠳᠡᠳᠬᠦᠬᠦ ᠠᠵᠤ ᠦᠢᠯᠡᠰ ᠤᠨ ᠪᠠᠶᠢᠳᠠᠯ᠂ ᠶᠠᠳᠠᠭᠤ ᠬᠦᠴᠢᠷᠳᠡᠯᠳᠡᠢ ᠡᠷᠦᠬᠡ ᠶᠢᠨ ᠠᠵᠢᠯ ᠤᠯᠤᠭᠰᠠᠨ ᠪᠠᠶᠢᠳᠠᠯ ᠵᠡᠷᠭᠡ ᠢᠶᠠᠷ ᠪᠠᠶᠢᠴᠠᠭᠠᠨ ᠰᠤᠳᠤᠯᠤᠯᠳᠠ ᠪᠠ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃       ᠴᠢᠶᠤᠤ ᠵᠢᠶᠠᠨ ᠴᠢᠶᠠᠩ  ᠲᠤᠰᠬᠤᠨ ᠤ ᠦᠢᠯᠡᠳᠪᠦᠷᠢᠯᠡᠯ ᠤᠨ ᠲᠠᠰᠤᠭ ᠲᠤ ᠬᠦᠷᠴᠦ᠂   ᠠᠵᠢᠯᠯᠠᠬᠤ ᠤᠷᠴᠢᠨ ᠲᠤᠭᠤᠷᠢᠨ᠂  ᠭᠡᠷᠡᠭᠯᠡᠬᠦ ᠪᠠᠭᠠᠵᠢ ᠲᠦᠬᠦᠭᠡᠷᠦᠮᠵᠢ ᠵᠡᠷᠭᠡ ᠶᠢ  ᠨᠠᠷᠢᠨ ᠨᠢᠮᠪᠠᠢ ᠪᠠᠶᠢᠴᠠᠭᠠᠨ ᠦᠵᠡᠵᠦ᠂ ᠠᠵᠢᠯᠳᠠᠨ ᠤ ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠲᠠᠷᠠᠭ᠎ᠠ᠂  ᠡᠤ ᠵᠢᠩ ᠲᠤᠰᠬᠤᠨ ᠤ ᠶᠠᠳᠠᠭᠤ ᠶᠢ ᠳᠡᠳᠬᠦᠬᠦ ᠠᠵᠤ ᠦᠢᠯᠡᠰ ᠤᠨ ᠪᠦᠳᠦᠭᠡᠨ ᠪᠠᠶᠢᠭᠤᠯᠤᠯᠳᠠ ᠳᠤ ᠰᠠᠶᠢᠨ ᠦᠨᠡᠯᠡᠯᠳᠡ  ᠦᠭᠬᠦᠭᠰᠡᠨ ᠤ ᠬᠠᠮᠳᠤ  ᠂  ᠠᠶᠤᠯᠬᠦᠢ ᠦᠢᠯᠡᠳᠪᠦᠷᠢᠯᠡᠯ ᠪᠠ ᠮᠡᠷᠭᠡᠵᠢᠯ  ᠤᠨ ᠪᠤᠯᠪᠠᠰᠤᠷᠠᠯ ᠢ ᠡᠷᠭᠡᠪᠰᠢ ᠰᠠᠶᠢᠨ ᠬᠢᠵᠦ᠂ ᠠᠰᠠᠭᠤᠳᠠᠯ ᠲᠤᠬᠢᠶᠠᠯᠳᠤᠪᠠᠯ ᠴᠠᠭ ᠲᠤᠬᠠᠢ ᠳᠤᠨᠢ ᠰᠢᠢᠳᠪᠦᠷᠢᠯᠡᠨ᠂  ᠬᠠᠮᠢᠶᠠᠷᠤᠯᠳᠠ ᠪᠠ ᠡᠵᠡᠩᠨᠡᠯᠳᠡ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠲᠦᠷᠢᠮᠵᠢᠬᠦᠯᠦᠨ ᠲᠡᠭᠡᠭᠰᠢᠯᠡᠬᠦᠯᠵᠦ᠂ ᠦᠢᠯᠡᠳᠪᠦᠷᠢᠯᠡᠯ ᠤᠨ ᠲᠠᠰᠤᠭ ᠢᠶᠠᠨ  ᠦᠷ᠎ᠡ ᠪᠦᠳᠦᠮᠵᠢ ᠲᠠᠢ  ᠶᠠᠳᠠᠭᠤ ᠶᠢ ᠳᠡᠳᠬᠦᠬᠦ ᠬᠡᠪ ᠵᠠᠭᠪᠤᠷ  ᠪᠤᠯᠭᠠᠵᠤ ᠪᠠᠶᠢᠭᠤᠯᠤᠨ ᠂  ᠠᠵᠤ ᠦᠢᠯᠡᠰ ᠤᠨ ᠲᠠᠶᠢᠴᠢᠯᠠᠬᠤ ᠦᠢᠯᠡᠳᠦᠯ ᠢ ᠰᠠᠶᠢᠳᠤᠷ ᠪᠠᠳᠠᠷᠠᠭᠤᠯᠵᠤ᠂ ᠨᠡᠩ ᠤᠯᠠᠨ ᠶᠠᠳᠠᠭᠤ ᠬᠦᠴᠢᠷᠳᠡᠯᠳᠡᠢ ᠡᠷᠦᠬᠡ ᠶᠢ ᠲᠠᠳᠠᠨ ᠤᠷᠤᠯᠴᠠᠭᠤᠯᠵᠤ᠂ ᠲᠡᠳᠡᠨ ᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠵᠤ  ᠤᠷᠤᠯᠭ᠎ᠠ   ᠶᠢ ᠨᠢ ᠨᠡᠮᠡᠭᠳᠡᠬᠦᠯᠦᠨ᠂  ᠶᠠᠳᠠᠭᠤ ᠶᠢ ᠳᠡᠳᠬᠦᠬᠦ ᠠᠵᠢᠯ ᠤᠨ ᠦᠷ᠎ᠡ ᠠᠮᠵᠢᠯᠳᠠ ᠶᠢ ᠪᠠᠳᠤᠯᠠᠬᠤ ᠭᠡᠷᠡᠭᠳᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃
      ᠤᠶᠢᠯᠠᠭᠠᠭᠰᠠᠨ ᠢᠶᠠᠷ᠂  ᠡᠤ ᠵᠢᠩ ᠲᠤᠰᠬᠤᠨ ᠳᠤ ᠰᠠᠭᠤᠭ᠎ᠠ ᠶᠠᠳᠠᠭᠤ ᠶᠢ ᠳᠡᠳᠬᠦᠬᠦ ᠠᠵᠢᠯᠯᠠᠬᠤ ᠠᠩᠬᠢ ᠨᠢ ᠵᠢᠯ ᠭᠠᠷᠤᠢ ᠶᠢᠨ ᠶᠠᠳᠠᠭᠤ ᠶᠢ ᠳᠡᠳᠬᠦᠬᠦ ᠠᠵᠢᠯ ᠢᠶᠠᠷ ᠲᠠᠮᠵᠢᠭᠠᠳ᠂ ᠲᠤᠰᠬᠤᠨ ᠳᠠᠭᠠᠨ ᠪᠠᠶᠢᠭ᠎ᠠ ᠶᠠᠳᠠᠭᠤ ᠬᠦᠴᠢᠷᠳᠡᠯᠳᠡᠢ ᠡᠷᠦᠬᠡ ᠶᠢᠨ ᠤᠯᠠᠩᠬᠢ ᠨᠢ ᠨᠠᠰᠤ  ᠠᠬᠢᠵᠤ᠂  ᠬᠦᠳᠡᠯᠮᠦᠷᠢ ᠶᠢᠨ ᠮᠡᠷᠭᠡᠵᠢᠯ ᠴᠢᠳᠠᠪᠤᠷᠢ ᠦᠬᠡᠢ᠂ ᠢᠯᠠᠩᠭᠤᠶ᠎ᠠ ᠲᠠᠷᠢᠶᠠᠯᠠᠩ  ᠤᠨ ᠰᠡᠯᠡᠬᠦᠦ ᠤᠯᠠᠷᠢᠯ ᠳᠤ ᠤᠷᠤᠯᠭ᠎ᠠ ᠭᠡᠮᠡᠷ ᠶᠠᠭᠤᠮ᠎ᠠ ᠦᠬᠡᠢ ᠪᠠᠶᠢᠳᠠᠭ ᠢ ᠤᠶᠢᠯᠠᠭᠠᠵᠤ ᠮᠡᠳᠡᠭᠰᠡᠨ ᠤ ᠲᠠᠷᠠᠭ᠎ᠠ᠂   ᠬᠤᠰᠢᠭᠤᠨ ᠤ  ᠵᠤᠬᠢᠶᠠᠨ ᠪᠠᠶᠢᠭᠤᠯᠬᠤ ᠬᠡᠯᠳᠡᠰ᠂ ᠪᠤᠤᠴᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠭᠡᠳ  ᠬᠤᠰᠢᠭᠤ ᠠᠵᠤ ᠠᠬᠤᠢ ᠪᠡ ᠮᠡᠳᠡᠭᠡ  ᠵᠠᠩᠭᠢᠵᠢᠭᠤᠯᠤᠯᠳᠠ ᠶᠢᠨ ᠲᠤᠪᠴᠢᠶᠠᠨ ᠤ ᠨᠠᠮ ᠤᠨ ᠡᠬᠦᠷ ᠤᠨ ᠬᠠᠮᠳᠤ ᠶᠢᠨ ᠴᠢᠷᠮᠠᠶᠢᠯᠭ᠎ᠠ ᠪᠠᠷ ᠬᠤᠯᠪᠤᠭᠠᠳᠤ ᠨᠠᠮ ᠤᠨ ᠡᠬᠦᠷ ᠢ ᠪᠠᠶᠢᠭᠤᠯᠵᠤ᠂  ᠡᠤ ᠵᠢᠩ ᠲᠤᠰᠬᠤᠨ ᠤ ᠶᠠᠳᠠᠭᠤ ᠬᠦᠴᠢᠷᠳᠡᠯᠳᠡᠢ ᠡᠷᠦᠬᠡ  ᠶᠢᠨ ᠠᠵᠢᠯ  ᠤᠯᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃
      ᠡᠤ ᠵᠢᠩ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠲᠠᠷᠤᠭ᠎ᠠ ᠯᠢᠤᠢ ᠸᠠᠨ ᠮᠢᠩ᠄ ︽  ᠬᠤᠯᠪᠤᠭᠠᠳᠤ ᠨᠠᠮ ᠤᠨ ᠡᠬᠦᠷ ᠢᠶᠠᠷ ᠲᠠᠮᠵᠢᠭᠠᠳ᠂ ᠪᠢᠳᠡ ᠲᠤᠰ ᠲᠤᠰᠬᠤᠨ ᠤ 13  ᠶᠠᠳᠠᠭᠤ ᠬᠦᠴᠢᠷᠳᠡᠯᠳᠡᠢ ᠡᠷᠦᠬᠡ   ᠶᠢ ᠵᠤᠬᠢᠶᠠᠨ ᠪᠠᠶᠢᠭᠤᠯᠵᠤ᠂  ᠬᠤᠭᠤᠯᠠᠨ ᠭᠡᠷ ᠲᠤ ᠭᠡᠷᠡᠭᠯᠡᠬᠦ ᠠᠶᠠᠭ᠎ᠠ  ᠫᠢᠯᠠ ᠶᠢ ᠤᠬᠢᠶᠠᠵᠤ ᠰᠠᠪᠠᠯᠠᠬᠤ ᠦᠢᠯᠡᠳᠪᠦᠷᠢᠯᠡᠯ ᠤᠨ ᠲᠠᠰᠤᠭ ᠢ ᠪᠠᠶᠢᠭᠤᠯᠤᠭᠰᠠᠨ ᠢᠶᠠᠷ ᠤᠯᠠᠩᠬᠢ  ᠶᠠᠳᠠᠭᠤ ᠬᠦᠴᠢᠷᠳᠡᠯᠳᠡᠢ ᠡᠷᠦᠬᠡ   ᠨᠢ ᠡᠳᠦᠷ ᠲᠤ 70 — 100 ᠲᠦᠬᠦᠷᠢᠭ ᠤᠨ ᠤᠷᠤᠯᠭ᠎ᠠ ᠤᠯᠵᠤ ᠪᠠᠶᠢᠨ᠎ᠠ  ᠃  ᠡᠨᠡ   ᠨᠢ ᠲᠠᠷᠢᠶᠠᠯᠠᠩ ᠤᠨ ᠰᠡᠯᠡᠬᠦᠦ ᠤᠯᠠᠷᠢᠯ ᠳᠤ  ᠬᠢᠳᠡᠯ ᠠᠯᠳᠠᠵᠤ ᠤᠷᠤᠯᠭ᠎ᠠ ᠪᠠᠭᠠᠰᠬᠤ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂  ᠶᠠᠳᠠᠭᠤ ᠬᠦᠴᠢᠷᠳᠡᠯᠳᠡᠢ ᠡᠷᠦᠬᠡ   ᠶᠢᠨ ᠠᠰᠢᠭ ᠤᠷᠤᠯᠭ᠎ᠠ   ᠢ  ᠨᠡᠮᠡᠭᠳᠡᠬᠦᠯᠦᠨ᠂ ᠠᠮᠢᠳᠤᠷᠠᠯ ᠤᠨ ᠭᠡᠷᠡᠭᠴᠡᠭᠡ ᠶᠢ ᠬᠠᠩᠭᠠᠭᠰᠠᠨ ᠪᠠᠶᠢᠨ᠎ᠠ︾᠃       ᠴᠠᠯᠢᠩ  ᠲᠠᠯᠪᠢᠬᠤ ᠠᠬᠤᠢ ᠲᠠᠯᠠᠪᠤᠷ ᠲᠤ᠂  ᠲᠤᠰᠬᠤᠨ ᠤ ᠲᠠᠷᠢᠶᠠᠴᠢᠨ ᠶᠤᠸᠠᠨ ᠰᠢᠦ ᠶᠢᠩ ᠰᠠᠷ᠎ᠠ ᠶᠢᠨ ᠴᠠᠯᠢᠩ  ᠢᠶᠠᠨ ᠭᠠᠷᠳᠠᠵᠤ ᠠᠪᠤᠭᠠᠳ᠄ ︽ᠮᠠᠨ ᠤ ᠲᠤᠰᠬᠤᠨ ᠳᠤ ᠨᠢᠬᠡ ᠰᠠᠶᠢᠨ ᠱᠦᠵᠢ ᠢᠷᠡᠭᠡᠳ᠂ ᠪᠢᠳᠡᠨ ᠳᠤ ᠠᠵᠢᠯ ᠤᠯᠭᠤᠵᠤ᠂ ᠤᠷᠤᠯᠭ᠎ᠠ ᠶᠢ ᠨᠡᠮᠡᠭᠳᠡᠬᠦᠯᠵᠡᠢ᠃ ᠤᠷᠢᠳᠤ ᠳᠠᠭᠠᠨ ᠪᠢᠳᠡ ᠡᠪᠦᠯ ᠪᠤᠯᠪᠠᠯ ᠬᠢᠳᠡᠯ  ᠦᠬᠡᠶᠢᠳᠡᠨ᠎ᠡ᠂  ᠨᠠᠰᠤ  ᠶᠠᠪᠤᠭᠰᠠᠨ ᠪᠤᠯᠬᠤᠷ ᠬᠦᠨᠳᠦ ᠬᠦᠳᠡᠯᠮᠦᠷᠢ ᠬᠢᠵᠦ ᠲᠡᠶᠢᠯᠬᠦ ᠦᠬᠡᠢ᠂ ᠤᠳᠤ ᠶᠢᠨ ᠡᠨᠡ ᠠᠶᠠᠭ᠎ᠠ ᠫᠢᠯᠠ ᠰᠠᠪᠠᠯᠠᠬᠤ ᠠᠵᠢᠯ ᠪᠢᠳᠡᠨ ᠳᠤ ᠶᠠᠭ ᠲᠤᠬᠢᠷᠠᠵᠤ ᠪᠠᠶᠢᠨ᠎ᠠ  ᠃   ᠠᠵᠢᠯ ᠤᠯᠵᠤ ᠤᠷᠤᠯᠭ᠎ᠠ  ᠨᠡᠮᠡᠭᠳᠡᠭᠰᠡᠨ   ᠢᠶᠠᠷ ᠦᠷ᠎ᠡ ᠬᠡᠦᠬᠡᠳ ᠤᠨ ᠢᠶᠠᠨ ᠲᠠᠷᠤᠭᠠᠰᠤ ᠶᠢ ᠴᠤ ᠵᠤᠬᠢᠬᠤ ᠬᠡᠮᠵᠢᠶ᠎ᠡ ᠪᠠᠷ ᠬᠦᠩᠭᠡᠷᠡᠬᠦᠯᠦᠭᠰᠡᠨ᠃  ᠨᠠᠮ ᠵᠠᠰᠠᠭ ᠤᠨ ᠢᠶᠠᠨ ᠤᠳᠤᠷᠢᠳᠤᠯᠭ᠎ᠠ ᠲᠤᠤᠷ᠎ᠠ ᠮᠠᠨ ᠤ ᠠᠮᠢᠳᠤᠷᠠᠯ ᠤᠯᠠᠮ ᠠᠴᠠ ᠤᠯᠠᠮ ᠰᠠᠶᠢᠨ ᠪᠤᠯᠤᠨ᠎ᠡ ᠭᠡᠳᠡᠭ ᠲᠤ ᠢᠳᠡᠭᠡᠵᠦ ᠪᠠᠶᠢᠨ᠎ᠠ︾ ᠬᠡᠵᠦ  ᠪᠠᠶᠠᠷᠯᠠᠨ ᠶᠠᠷᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号