ᠲᠠᠶᠢᠹᠤᠰᠧ ᠬᠤᠰᠢᠭᠤ ᠠᠶᠤᠯᠬᠦᠢ ᠦᠢᠯᠡᠳᠪᠦᠷᠢᠯᠡᠯ ᠤᠨ ᠲᠠᠯᠳᠠ ᠭᠡᠮ ᠤᠨ ᠪᠠᠶᠢᠴᠠᠭᠠᠨ ᠴᠡᠭᠴᠡᠯᠡᠯᠳᠡ ᠶᠢ ᠪᠠᠶᠢᠷᠢᠯᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2019-02-27
    ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠵᠠᠬᠢᠷᠭ᠎ᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠤᠷᠠᠯ   ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠬᠦᠨ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠬᠤᠰᠢᠭᠤᠨ ᠤ  ᠪᠠᠨ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠤᠳᠤᠯᠵᠤ᠂ ᠠᠵᠢᠯ ᠡᠬᠦᠷᠭᠡ ᠶᠢᠨ ᠭᠤᠤᠯᠳᠠᠯᠭ᠎ᠠ ᠶᠢ ᠲᠤᠳᠤᠷᠬᠠᠶᠢᠯᠠᠨ᠂ ᠪᠦᠬᠦ ᠬᠤᠰᠢᠭᠤᠨ ᠤ  ᠡᠯ᠎ᠡ ᠬᠦᠷᠢᠶ᠎ᠡ ᠴᠠᠷ᠎ᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠬᠤ ᠶᠢᠨ ᠲᠦᠯᠦᠬᠡ᠂ 2 ᠰᠠᠷ᠎ᠠ ᠶᠢᠨ 27 ᠤ ᠡᠳᠦᠷ ᠲᠠᠶᠢᠹᠤᠰᠧ ᠬᠤᠰᠢᠭᠤ ᠠᠶᠤᠯᠬᠦᠢ ᠦᠢᠯᠡᠳᠪᠦᠷᠢᠯᠡᠯ ᠤᠨ ᠲᠠᠯᠳᠠ ᠭᠡᠮ ᠤᠨ ᠪᠠᠶᠢᠴᠠᠭᠠᠨ ᠴᠡᠭᠴᠡᠯᠡᠯᠳᠡ ᠶᠢ ᠪᠠᠶᠢᠷᠢᠯᠠᠭᠤᠯᠬᠤ ᠬᠤᠷᠠᠯ ᠬᠢᠪᠡ᠃
      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠬᠤ᠋ ᠴᠧᠩ ᠳ᠋ᠦᠩ  ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠶᠢᠨ ᠮᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠴᠢᠶᠤᠤ ᠵᠢᠶᠠᠨ ᠴᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠬᠠᠨ ᠵᠢᠦ᠋ᠨ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ  ᠭᠤᠤ ᠯᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ  ᠤᠨ ᠱᠦᠵᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂  ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠸᠦ ᠫᠸᠢ ᠯᠦᠩ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠵᠡᠪᠰᠡᠭᠳᠦ ᠬᠦᠴᠦᠨ ᠤ ᠭᠡᠯᠳᠡᠰ ᠤᠨ ᠲᠠᠷᠤᠭ᠎ᠠ ᠯᠢᠦ ᠰᠢᠨ ᠹᠧᠩ ᠵᠡᠷᠭᠡ ᠤᠳᠤᠷᠢᠳᠤᠯᠭ᠎ᠠ ᠬᠤᠷᠠᠯ ᠳᠤ ᠤᠷᠤᠯᠴᠠᠵᠠᠢ᠃      ᠬᠤ᠋ ᠴᠧᠩ ᠳ᠋ᠦᠩ ᠬᠤᠷᠠᠯ ᠲᠡᠭᠡᠷ᠎ᠡ  ᠂ ᠲᠠᠨᠢᠯᠳᠠ ᠪᠠᠨ ᠤᠯᠠᠮ ᠨᠢᠬᠡ  ᠠᠯᠬᠤᠮ ᠲᠡᠭᠡᠭᠰᠢᠯᠡᠬᠦᠯᠵᠦ᠂  ᠠᠶᠤᠯᠬᠦᠢ ᠦᠢᠯᠡᠳᠪᠦᠷᠢᠯᠡᠯ ᠤᠨ ᠠᠵᠢᠯ ᠢ ᠤᠳᠤᠬᠠᠨ ᠤ ᠲᠡᠷᠢᠬᠦᠨ ᠴᠢᠬᠤᠯᠠ ᠠᠵᠢᠯ  ᠪᠤᠯᠭᠠᠨ ᠴᠢᠩᠭ᠎ᠠ  ᠠᠳᠬᠤᠵᠤ ᠪᠤᠳᠠᠳᠠᠢ ᠠᠳᠬᠤᠬᠤ ᠭᠡᠷᠡᠭᠳᠡᠢ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠶᠤᠯᠬᠦᠢ  ᠬᠦᠭᠵᠢᠯᠳᠡ ᠶᠢᠨ ᠤᠶᠢᠯᠠᠭᠠᠭᠳᠠᠬᠤᠨ ᠢ ᠤᠯᠠᠮ ᠨᠢᠬᠡ ᠠᠯᠬᠤᠮ  ᠨᠡᠮᠡᠭᠳᠡᠬᠦᠯᠵᠦ᠂  ᠬᠠᠷᠢᠭᠤᠴᠠᠯᠭᠠᠳᠤ ᠰᠡᠳᠬᠢᠯᠬᠡ᠂ ᠲᠤᠯᠭᠠᠮ᠎ᠠ ᠰᠡᠳᠬᠢᠯᠬᠡ  ᠪᠠᠨ ᠦᠨᠡᠨᠬᠦ ᠴᠢᠩᠭᠠᠷᠠᠭᠤᠯᠤᠨ᠂ ᠵᠦᠪ ᠤᠨᠤᠪᠴᠢᠳᠠᠢ ᠠᠶᠤᠯᠬᠦᠢ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂  ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠬᠦᠨᠳᠦ ᠶᠡᠭᠡ  ᠬᠠᠷᠠᠰᠠᠯᠳᠤ ᠭᠡᠷᠡᠭ ᠠᠴᠠ ᠰᠤᠷᠭᠠᠮᠵᠢ ᠠᠪᠴᠤ᠂  ᠠᠷᠭ᠎ᠠ ᠠᠪᠴᠢᠯ ᠢᠶᠠᠨ ᠡᠷᠴᠢᠮᠵᠢᠬᠦᠯᠦᠨ᠂ ᠡᠯ᠎ᠡ ᠲᠦᠷᠦᠯ ᠤᠨ ᠠᠳᠡᠯ  ᠡᠬᠦᠰᠬᠦ   ᠶᠢ  ᠴᠢᠩᠭ᠎ᠠ ᠰᠡᠷᠭᠡᠶᠢᠯᠡᠬᠦ ᠭᠡᠷᠡᠭᠳᠡᠢ᠃ ᠬᠠᠷᠢᠭᠤᠴᠠᠯᠭ᠎ᠠ ᠡᠬᠦᠷᠭᠡᠯᠡᠬᠦ ᠪᠠᠨ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠲᠦᠷᠢᠮ ᠲᠤᠭᠳᠠᠭᠠᠯ ᠢ ᠪᠤᠳᠠᠳᠠᠶᠢᠵᠢᠭᠤᠯᠤᠨ  ᠨᠠᠶᠢᠳᠠᠪᠤᠷᠢᠵᠢᠭᠤᠯᠬᠤ ᠭᠡᠷᠡᠭᠳᠡᠢ᠃᠂  ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ   ᠤᠨ ᠭᠤᠤᠯ  ᠬᠠᠷᠢᠭᠤᠴᠠᠯᠭᠠᠳᠠᠳ ᠠᠶᠤᠯᠬᠦᠢ ᠦᠢᠯᠡᠳᠪᠦᠷᠢᠯᠡᠯ ᠤᠨ ᠨᠢᠬᠡᠳᠦᠭᠡᠷ ᠬᠠᠷᠢᠭᠤᠴᠠᠯᠭᠠᠳᠠᠨ  ᠤ  ᠬᠠᠷᠢᠭᠤᠴᠠᠯᠭ᠎ᠠ ᠪᠠᠨ ᠬᠦᠢᠴᠡᠳᠭᠡᠵᠦ᠂   ᠠᠶᠤᠯᠬᠦᠢ ᠦᠢᠯᠡᠳᠪᠦᠷᠢᠯᠡᠯ   ᠢ ᠴᠠᠭ ᠢᠮᠠᠭᠳᠠ  ᠭᠠᠷ ᠲᠠᠭᠠᠨ ᠠᠳᠬᠤᠨ ᠰᠡᠳᠬᠢᠯ ᠳᠡᠭᠡᠨ ᠲᠠᠯᠪᠢᠵᠤ᠂ ᠲᠤᠰ ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠢᠶᠠᠨ ᠠᠶᠤᠯᠬᠦᠢ ᠦᠢᠯᠡᠳᠪᠦᠷᠢᠯᠡᠯ ᠳᠤ ᠬᠠᠷᠢᠭᠤᠴᠠᠯᠭ᠎ᠠ ᠡᠬᠦᠷᠭᠡᠯᠡᠨ᠂ ᠡᠯ᠎ᠡ ᠲᠦᠷᠦᠯ ᠤᠨ ᠲᠠᠯᠳᠠ ᠭᠡᠮ ᠢ ᠠᠷᠢᠯᠭᠠᠬᠤ ᠭᠡᠷᠡᠭᠳᠡᠢ᠃  ᠠᠶᠤᠯᠬᠦᠢ ᠦᠢᠯᠡᠳᠪᠦᠷᠢᠯᠡᠯ  ᠤᠨ ᠲᠠᠯᠳᠠ ᠭᠡᠮ ᠤᠨ ᠪᠠᠶᠢᠴᠠᠭᠠᠨ ᠴᠡᠭᠴᠡᠯᠡᠯᠳᠡ ᠶᠢ ᠴᠢᠩᠭ᠎ᠠ ᠨᠢᠮᠪᠠᠢ ᠵᠤᠬᠢᠶᠠᠨ ᠪᠠᠶᠢᠭᠤᠯᠵᠤ ᠦᠷᠨᠢᠬᠦᠯᠦᠨ᠂  ᠨᠠᠷᠢᠨ ᠪᠠᠶᠢᠴᠠᠭᠠᠵᠤ᠂ ᠴᠢᠩᠭ᠎ᠠ ᠰᠢᠳᠭᠡᠨ᠂  ᠲᠠᠯᠳᠠ ᠭᠡᠮ ᠢ ᠪᠦᠬᠦ ᠲᠠᠯᠠᠪᠠᠷ ᠲᠤᠶᠢᠯᠪᠤᠷᠢᠳᠠᠢ ᠴᠡᠪᠡᠷᠯᠡᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
     ᠬᠠᠨ ᠵᠢᠦ᠋ᠨ ᠮᠢᠨ  ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ︽2.23︾ ᠭᠡᠷᠡᠭ ᠨᠢ  ᠪᠢᠳᠡᠨ ᠳᠤ ᠪᠠᠰᠠ ᠨᠢᠬᠡ ᠤᠳᠠᠭ᠎ᠠ ᠰᠡᠷᠡᠮᠵᠢ ᠶᠢᠨ ᠬᠤᠩᠬᠤ ᠶᠢ  ᠲᠤᠤᠨᠢᠭᠤᠯᠵᠤ᠂ ᠠᠶᠤᠯᠬᠦᠢ ᠦᠢᠯᠡᠳᠪᠦᠷᠢᠯᠡᠯ ᠤᠨ ᠠᠵᠢᠯ  ᠶᠢ ᠨᠢᠬᠡ ᠮᠦᠴᠡ ᠴᠤ ᠰᠤᠯᠠᠷᠠᠭᠤᠯᠵᠤ᠂ ᠦᠴᠦᠭᠡᠨ ᠲᠡᠳᠦᠢ ᠴᠤ ᠤᠮᠳᠤᠭᠠᠶᠢᠯᠠᠵᠤ ᠪᠤᠯᠬᠤ ᠦᠬᠡᠢ ᠬᠡᠵᠦ ᠪᠢᠳᠡᠨ ᠳᠤ ᠰᠡᠷᠡᠮᠵᠢᠯᠡᠬᠦᠯᠦᠭᠰᠡᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ  ᠮᠦᠴᠢᠷ ᠨᠢ ᠡᠷᠭᠡᠪᠰᠢ ᠰᠤᠷᠭᠠᠮᠵᠢ ᠠᠪᠴᠤ᠂ ᠤᠷᠤᠨ᠂ ᠠᠶᠢᠮᠠᠭ ᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠬᠢᠭᠡᠳ  ᠬᠤ᠋ ᠴᠧᠩ ᠳ᠋ᠦᠩ ᠬᠤᠰᠢᠭᠤ ᠲᠠᠷᠤᠭ᠎ᠠ ᠶᠢᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂  ᠤᠬᠠᠮᠰᠠᠷ ᠲᠠᠨᠢᠯᠳᠠ ᠪᠠᠨ ᠤᠯᠠᠮ ᠨᠢᠬᠡ ᠠᠯᠬᠤᠮ ᠲᠡᠭᠡᠭᠰᠢᠯᠡᠬᠦᠯᠵᠦ᠂  ᠠᠶᠤᠯᠬᠦᠢ ᠦᠢᠯᠡᠳᠪᠦᠷᠢᠯᠡᠯ ᠤᠨ ᠠᠵᠢᠯ ᠢ ᠲᠡᠷᠢᠬᠦᠨ ᠴᠢᠬᠤᠯᠠ ᠶᠠᠪᠤᠳᠠᠯ ᠪᠤᠯᠭᠠᠨ ᠴᠢᠩᠭ᠎ᠠ ᠠᠳᠬᠤᠵᠤ᠂   ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠨ ᠴᠡᠭᠴᠡᠯᠡᠯᠳᠡ ᠶᠢ ᠰᠠᠶᠢᠳᠤᠷ ᠵᠤᠬᠢᠶᠠᠨ ᠪᠠᠶᠢᠭᠤᠯᠵᠤ  ᠶᠠᠪᠤᠭᠳᠠᠭᠤᠯᠬᠤ ᠭᠡᠷᠡᠭᠳᠡᠢ ᠬᠡᠵᠦ ᠵᠢᠭᠠᠵᠣ ᠭᠠᠷᠭᠠᠪᠠ᠃
   ᠬᠠᠨ ᠵᠢᠦ᠋ᠨ ᠮᠢᠨ ᠪᠠᠰᠠ  ᠡᠯ᠎ᠡ ᠰᠤᠮᠤ ᠰᠢᠶᠠᠩ ᠪᠠᠯᠭᠠᠰᠤ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ︽ᠪᠦᠬᠦ ᠬᠤᠰᠢᠭᠤᠨ ᠤ  ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠨ ᠴᠡᠭᠴᠡᠯᠡᠯᠳᠡ   ᠶᠢᠨ ᠭᠡᠷᠡᠭᠵᠢᠬᠦᠯᠬᠦ ᠲᠦᠰᠦᠪ︾   ᠤᠨ ᠱᠠᠭᠠᠷᠳᠠᠯᠭ᠎ᠠ ᠶᠤᠰᠤᠭᠠᠷ᠂ ᠲᠤᠰᠬᠠᠢ ᠬᠦᠴᠦᠨ ᠢ ᠵᠤᠬᠢᠶᠠᠨ ᠪᠠᠶᠢᠭᠤᠯᠵᠤ᠂ ᠠᠵᠤ ᠠᠬᠤᠶᠢᠯᠠᠯ  ᠂ ᠦᠢᠯᠡᠳᠪᠦᠷᠢ ᠠᠭᠤᠷᠬᠠᠢ  ᠳᠤ ᠬᠦᠨᠵᠡᠬᠡᠶᠢᠷᠡᠨ᠂ ᠲᠠᠯᠳᠠ ᠭᠡᠮ ᠢ ᠪᠠᠶᠢᠴᠠᠭᠠᠵᠤ᠂ ᠠᠰᠠᠭᠤᠳᠠᠯ ᠢ ᠰᠢᠢᠳᠪᠦᠷᠢᠯᠡᠬᠦ ᠭᠡᠷᠡᠭᠳᠡᠢ᠃ ᠬᠢᠨᠠᠨ ᠬᠠᠮᠢᠶᠠᠷᠬᠤ ᠨᠢᠬᠡᠴᠡ ᠨᠢ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠵᠦ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠲᠤᠭᠳᠠᠭᠠᠯ ᠢ ᠴᠢᠩᠭᠠᠳᠬᠠᠬᠤ ᠭᠡᠷᠡᠭᠳᠡᠢ᠃  ᠪᠠᠶᠢᠴᠠᠭᠠᠨ ᠢᠯᠡᠷᠡᠬᠦᠯᠦᠭᠰᠡᠨ ᠠᠰᠠᠭᠤᠳᠠᠯ ᠭᠡᠮ ᠢ ︽ ᠦᠴᠦᠬᠡᠨ ᠴᠤ ᠢᠯᠳᠠᠷ ᠬᠠᠶᠠᠬᠤ ᠦᠬᠡᠢ︾   ᠪᠠᠷ ᠰᠢᠢᠳᠪᠦᠷᠢᠯᠡᠵᠦ᠂ ᠴᠢᠩᠭ᠎ᠠ ᠪᠠᠶᠢᠴᠠᠭᠠᠯᠳᠠ ᠴᠢᠩᠭ᠎ᠠ ᠵᠠᠯᠬᠠᠭᠠᠯᠳᠠ ᠪᠠᠷ ᠲᠠᠮᠵᠢᠨ᠂ ᠬᠠᠷᠢᠭᠤᠴᠠᠯᠭ᠎ᠠ ᠨᠡᠬᠡᠮᠵᠢᠯᠡᠵᠦ ᠲᠠᠷᠤᠯᠳᠠ ᠦᠵᠡᠬᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠷᠠᠯ ᠲᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ  ᠪᠦᠬᠦ ᠬᠤᠰᠢᠭᠤᠨ ᠤ  2018 ᠤᠨ ᠤ  ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠨᠠᠷᠢᠨ ᠲᠤᠳᠤᠷᠬᠠᠢ ᠬᠠᠷᠢᠭᠤ ᠮᠡᠳᠡᠬᠦᠯᠦᠯᠳᠡ ᠬᠢᠪᠡ᠃  ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠵᠢᠴᠢ  ᠭᠤᠤᠯᠳᠠᠯᠭᠠᠳᠠᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ  ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号