ᠪᠦᠬᠦ ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ | ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠡᠷᠡᠭ ᠭᠠᠷᠬᠤ ᠠᠴᠠ ᠴᠢᠩᠭ᠎ᠠ ᠰᠡᠷᠭᠡᠶᠢᠯᠡᠬᠦ ᠶᠢᠨ ᠲᠦᠯᠦᠬᠡ᠂ 2 ᠰᠠᠷ᠎ᠠ ᠶᠢᠨ | 26 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠬᠤ᠋ | ᠴᠧᠩ ᠳ᠋ᠦᠩ ᠨᠠᠷ ᠭᠤᠤᠯᠳᠠᠯᠭᠠᠳᠠᠢ ᠠᠭᠤᠷᠬᠠᠢ ᠶᠢᠨ ᠠᠵᠤ ᠠᠬᠤᠶᠢᠯᠠᠯ ᠳᠤ ᠬᠦᠨᠵᠡᠬᠡᠶᠢᠷᠡᠨ᠂ ᠠᠶᠤᠯᠬᠦᠢ ᠦᠢᠯᠡᠳᠪᠦᠷᠢᠯᠡᠯ | ᠤᠨ ᠪᠠᠶᠢᠴᠠᠭᠠᠯᠳᠠ ᠬᠢᠪᠡ᠃ | | | ᠬᠤ᠋ ᠴᠧᠩ ᠳ᠋ᠦᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ | ᠬᠤᠰᠢᠭᠤ ᠲᠠᠷᠤᠭ᠎ᠠ ᠬᠠᠨ ᠵᠢᠦ᠋ᠨ ᠮᠢᠨ᠂ ᠲᠡᠳ᠋ ᠬᠤᠰᠢᠭᠤ ᠲᠠᠷᠤᠭ᠎ᠠ ᠰᠢᠤᠢ ᠢᠩ ᠵᠢᠶᠠᠨ ᠤ ᠪᠠᠷ᠎ᠠ ᠪᠤᠯᠤᠯᠭ᠎ᠠ ᠲᠠᠢ ᠪᠠᠷ | ᠤᠷᠢᠳ ᠬᠤᠵᠢᠳ ᠴᠢᠶᠠᠨ ᠶᠢᠨ ᠭᠸᠦ ᠪᠠᠯᠭᠠᠰᠤᠨ ᠤ ᠴᠢ ᠬᠤᠤ ᠲᠤᠰᠬᠤᠨ ᠤ ᠬᠤᠤ ᠬᠤᠸᠠ ᠴᠠᠩ ᠵᠢᠶᠠᠩ ᠠᠭᠤᠷᠬᠠᠢ | ᠶᠢᠨ ᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠰᠢᠶᠠᠩ ᠮᠠ ᠭᠸᠦ ᠲᠤᠰᠬᠤᠨ ᠤ ᠬᠤᠩ ᠶᠧ ᠠᠭᠤᠷᠬᠠᠢ ᠶᠢᠨ | ᠦᠢᠯᠡᠰ ᠤᠨ ᠬᠢᠵᠠᠭᠠᠷᠳᠤ ᠺᠤᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ | ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠬᠠᠮᠳᠤ᠂ ᠭᠡᠷ ᠪᠠᠷᠢᠯᠭ᠎ᠠ᠂ ᠮᠠᠰᠢᠨ ᠲᠦᠬᠦᠭᠡᠷᠦᠮᠵᠢ ᠶᠢᠨ ᠪᠠᠶᠢᠳᠠᠯ ᠢ | ᠠᠬᠤᠢ ᠲᠠᠯᠠᠪᠠᠢ ᠳᠤ ᠪᠠᠶᠢᠴᠠᠭᠠᠨ ᠦᠵᠡᠵᠦ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠲᠠᠯᠳᠠ ᠭᠡᠮ ᠢ ᠦᠪᠡᠷᠳᠡᠭᠡᠨ ᠪᠠᠶᠢᠴᠠᠭᠠᠵᠤ ᠦᠪᠡᠷᠳᠡᠭᠡᠨ ᠬᠠᠯᠠᠨ | ᠰᠠᠶᠢᠵᠢᠷᠠᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠳᠠ ᠬᠢᠭᠰᠡᠨ ᠪᠠᠶᠢᠨ᠎ᠠ᠃ | | | ᠬᠤ᠋ ᠴᠧᠩ ᠳ᠋ᠦᠩ ᠠᠶᠤᠯᠬᠦᠢ ᠦᠢᠯᠡᠳᠪᠦᠷᠢᠯᠡᠯ ᠪᠤᠯ ᠬᠦᠮᠦᠨ ᠤ ᠠᠮᠢ ᠨᠠᠰᠤᠨ ᠳᠤ ᠬᠤᠯᠪᠤᠭᠳᠠᠭᠰᠠᠨ ᠶᠡᠭᠡ | ᠶᠠᠪᠤᠳᠠᠯ᠂ ᠶᠠᠮᠠᠷᠪᠠ ᠦᠶ᠎ᠡ ᠳᠤ ᠴᠤ ᠴᠠᠯᠠᠭᠠᠶᠢᠳᠠᠵᠤ᠂ ᠤᠮᠳᠤᠭᠠᠶᠢᠯᠠᠵᠤ ᠪᠤᠯᠬᠤ ᠦᠬᠡᠢ ᠃ ᠠᠵᠤ ᠠᠬᠤᠶᠢᠯᠠᠯ ᠨᠢ | ᠡᠷᠭᠡᠪᠰᠢ ᠠᠰᠠᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠨ᠂ ᠡᠯ᠎ᠡ ᠲᠦᠷᠦᠯ ᠤᠨ ᠠᠶᠤᠯᠬᠦᠢ ᠦᠢᠯᠡᠳᠪᠦᠷᠢᠯᠡᠯ | ᠤᠨ ᠠᠷᠭ᠎ᠠ ᠠᠪᠴᠢᠯ ᠢ ᠡᠷᠡᠰ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠳᠡᠯ ᠡᠬᠦᠰᠬᠦ ᠠᠴᠠ ᠴᠢᠩᠭ᠎ᠠ ᠰᠡᠷᠭᠡᠶᠢᠯᠡᠬᠦ | ᠭᠡᠷᠡᠭᠳᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠭᠡᠳ ᠠᠵᠤ ᠠᠬᠤᠶᠢᠯᠠᠯ ᠨᠢ ᠡᠷᠭᠡᠪᠰᠢ ᠦᠵᠡᠯᠳᠡ ᠲᠠᠨᠢᠯᠳᠠ ᠂ | ᠡᠬᠦᠷᠭᠡ ᠬᠠᠷᠢᠭᠤᠴᠠᠯᠭ᠎ᠠ ᠂ ᠠᠷᠭ᠎ᠠ ᠠᠪᠴᠢᠯ ᠢ ᠤᠷᠤᠨ ᠪᠠᠶᠢᠷᠢ ᠳᠤᠨᠢ ᠬᠦᠷᠭᠡᠵᠦ᠂ ᠤᠷᠴᠢᠮᠬᠠᠨ ᠡᠯ᠎ᠡ ᠭᠠᠵᠠᠷ ᠤᠷᠤᠨ | ᠳᠤ ᠡᠬᠦᠰᠴᠦ ᠪᠠᠶᠢᠭ᠎ᠠ ᠡᠯ᠎ᠡ ᠲᠦᠷᠦᠯ ᠤᠨ ᠭᠡᠷᠡᠭ ᠠᠴᠠ ᠰᠤᠷᠭᠠᠮᠵᠢ ᠠᠪᠴᠤ᠂ ᠠᠶᠤᠯ ᠤᠨ ᠲᠠᠯᠳᠠ ᠭᠡᠮ ᠪᠠ | ᠠᠰᠠᠭᠤᠳᠠᠯ ᠢ ᠪᠦᠬᠦ ᠲᠠᠯᠠᠪᠠᠷ ᠲᠤᠶᠢᠯᠪᠤᠷᠢᠳᠠᠢ ᠪᠠᠶᠢᠴᠠᠭᠠᠨ ᠢᠯᠡᠷᠡᠬᠦᠯᠬᠦ ᠪᠠ ᠴᠡᠭᠴᠡᠯᠡᠨ ᠠᠷᠢᠯᠭᠠᠵᠤ᠂ ᠠᠶᠤᠯᠬᠦᠢ | ᠦᠢᠯᠡᠳᠪᠦᠷᠢᠯᠡᠯ ᠤᠨ ᠠᠵᠢᠯ ᠤᠨ ᠰᠠᠨᠠᠭᠠᠴᠢᠯᠠᠭᠠᠳᠤ ᠡᠷᠭᠡ ᠶᠢ ᠪᠠᠳᠤ ᠡᠵᠡᠮᠳᠡᠨ᠂ ᠮᠠᠨ ᠤ ᠬᠤᠰᠢᠭᠤᠨ ᠤ ᠪᠠᠨ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠢ ᠦᠷᠬᠦᠯᠵᠢᠯᠡᠨ ᠲᠤᠭᠳᠠᠭᠤᠨ ᠪᠠᠶᠢᠯᠭᠠᠬᠤ ᠭᠡᠷᠡᠭᠳᠡᠢ ᠬᠡᠵᠦ ᠵᠢᠭᠠᠵᠤ ᠭᠠᠷᠭᠠᠵᠠᠢ᠃ | ᠬᠤ᠋ ᠴᠧᠩ ᠳ᠋ᠦᠩ ᠪᠠᠰᠠ ᠤᠳᠤᠬᠠᠨ ᠤ ᠦᠢᠯᠡᠳᠪᠦᠷᠢ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠳᠤ ᠲᠤᠯᠭᠠᠷᠠᠵᠤ | ᠪᠠᠶᠢᠭ᠎ᠠ ᠬᠦᠨᠳᠦ ᠨᠤᠴᠢᠳᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠨ | ᠴᠡᠭᠴᠡᠯᠡᠯᠳᠡ ᠶᠢ ᠤᠳᠤᠬᠠᠨ ᠤ ᠦᠢᠯᠡᠳᠪᠦᠷᠢ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠤᠨ ᠲᠡᠷᠢᠬᠦᠨ ᠴᠢᠬᠤᠯᠠ | ᠡᠬᠦᠷᠭᠡ ᠪᠤᠯᠭᠠᠨ᠂ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠯᠳᠠ ᠶᠢ ᠨᠢᠬᠡ ᠲᠦᠷᠦᠯ ᠤᠨ ᠪᠠᠶᠢᠩᠭᠤ ᠶᠢᠨ ᠠᠵᠢᠯ | ᠪᠤᠯᠭᠠᠵᠤ᠂ ᠨᠢᠮᠪᠠᠢ ᠤᠪᠤᠷ ᠴᠢᠩᠭ᠎ᠠ ᠪᠠᠷᠢᠮᠵᠢᠶ᠎ᠠ ᠪᠠᠷ ᠠᠶᠤᠯᠬᠦᠢ ᠦᠢᠯᠡᠳᠪᠦᠷᠢᠯᠡᠯ ᠤᠨ ᠠᠵᠢᠯ ᠢ ᠡᠷᠴᠢᠮᠳᠡᠢ ᠰᠠᠶᠢᠨ | ᠠᠳᠬᠤᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ |