2 ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ | ᠲᠡᠷᠢᠬᠦᠯᠡᠭᠴᠢ ᠵᠠᠩ ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ | ᠲᠡᠳ᠋ ᠡᠷᠬᠢᠯᠡᠭᠴᠢ ᠵᠠᠩ ᠷᠦᠢ ᠬᠤᠸᠠᠢ ᠠᠶᠢᠮᠠᠭ ᠤᠨ ᠲᠡᠳ᠋ ᠲᠠᠷᠤᠭ᠎ᠠ ᠡᠤ᠂ ᠴᠤᠭ᠂ ᠬᠤᠰᠢᠭᠤ ᠨᠠᠮ ᠤᠨ ᠬᠤᠷᠢᠶᠠᠨ ᠤ | ᠲᠡᠳ᠋ ᠱᠦᠵᠢ ᠂ ᠬᠤᠰᠢᠭᠤ ᠲᠠᠷᠤᠭ᠎ᠠ ᠬᠤ᠋ ᠴᠧᠩ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ | ᠂ ᠲᠡᠳ᠋ ᠬᠤᠰᠢᠭᠤ ᠲᠠᠷᠤᠭ᠎ᠠ ᠬᠠᠨ ᠵᠢᠦ᠋ᠨ ᠮᠢᠨ᠂ ᠲᠡᠳ᠋ ᠬᠤᠰᠢᠭᠤ ᠲᠠᠷᠤᠭ᠎ᠠ ᠰᠢᠤᠢ ᠢᠩ ᠵᠢᠶᠠᠨ ᠨᠠᠷ ᠤᠨ ᠪᠠᠷ᠎ᠠ | ᠪᠤᠯᠤᠯᠭ᠎ᠠ ᠲᠠᠢ ᠪᠠᠷ ᠮᠠᠨ ᠤ ᠬᠤᠰᠢᠭᠤᠨ ᠤ ᠭᠤᠤᠯᠳᠠᠯᠭᠠᠳᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠵᠢᠴᠢ | ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠃ | | ᠵᠠᠩ ᠱᠤᠤ ᠴᠦᠨ ᠵᠡᠷᠭᠡ ᠤᠳᠤᠷᠢᠳᠤᠯᠭ᠎ᠠ ᠤᠷᠢᠳ ᠬᠤᠵᠢᠳ ︽ᠲᠠᠯ᠎ᠠ ᠨᠤᠳᠤᠭ︾ ᠠᠷᠢᠬᠢᠨ ᠦᠢᠯᠡᠳᠪᠦᠷᠢ᠂ | ᠱᠧᠩ ᠲᠠᠢ ᠡᠯ ᠰᠢᠨᠵᠢᠯᠡᠭᠡ ᠮᠡᠷᠭᠡᠵᠢᠯ ᠤᠨ ᠺᠤᠮᠫᠠᠨᠢ᠂ ᠬᠤᠩ ᠵᠢᠩ ᠶᠤᠸᠠᠨ ᠲᠤᠰᠤᠨ ᠤ ᠦᠢᠯᠡᠳᠪᠦᠷᠢ ᠳᠤ | ᠬᠦᠨᠵᠡᠭᠡᠶᠢᠷᠡᠵᠦ᠂ ᠦᠢᠯᠡᠳᠪᠦᠷᠢᠯᠡᠯ ᠤᠨ ᠲᠠᠰᠤᠭ ᠢᠶᠠᠷ ᠲᠤᠭᠤᠷᠢᠨ ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠳᠡ ᠶᠢᠨ ᠪᠠᠶᠢᠳᠠᠯ ᠪᠠ ᠠᠶᠤᠯᠬᠦᠢ ᠦᠢᠯᠡᠳᠪᠦᠷᠢᠯᠡᠯ ᠤᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠢ ᠨᠠᠷᠢᠨ | ᠤᠶᠢᠯᠠᠭᠠᠭᠰᠠᠨ ᠤ ᠬᠠᠮᠳᠤ᠂ ᠠᠵᠤ ᠠᠬᠤᠶᠢᠯᠠᠯ ᠤᠨ ᠬᠦᠭᠵᠢᠯᠳᠡ ᠳᠤ ᠵᠢᠯᠤᠭᠤᠳᠤᠯᠭ᠎ᠠ ᠶᠢᠨ ᠴᠢᠨᠠᠷᠳᠠᠢ ᠰᠠᠨᠠᠯ ᠢ | ᠲᠤᠷᠠᠳᠤᠭᠰᠠᠨ ᠪᠠᠶᠢᠨ᠎ᠠ᠃ | | ᠵᠠᠩ ᠱᠤᠤ ᠴᠦᠨ ᠠᠴᠠ ᠲᠠᠶᠢᠹᠤᠰᠧ ᠬᠤᠰᠢᠭᠤᠨ ᠤ ᠠᠵᠤ ᠠᠬᠤᠢ ᠶᠢᠨ ᠬᠦᠭᠵᠢᠯᠳᠡ ᠳᠤ ᠲᠠᠯᠳᠠ ᠬᠦᠴᠦᠨ | ᠲᠠᠪᠠᠭᠤᠯᠢᠭ ᠲᠠᠯ᠎ᠠ ᠪᠠᠶᠢᠭ᠎ᠠ ᠶᠤᠮ᠂ ᠡᠷᠭᠡᠪᠰᠢ ᠡᠯ᠎ᠡ ᠵᠦᠢᠯ ᠤᠨ ᠠᠵᠠ ᠲᠤᠬᠢᠶᠠᠯ ᠢ ᠴᠢᠩᠭ᠎ᠠ ᠡᠵᠡᠮᠳᠡᠵᠦ᠂ ᠬᠡᠯᠪᠡᠷᠢ ᠶᠢ | ᠬᠤᠪᠢᠷᠠᠭᠤᠯᠬᠤ᠂ ᠬᠦᠭᠵᠢᠯᠳᠡ ᠶᠢ ᠰᠡᠳᠬᠢᠬᠦ ᠡᠷᠴᠢ ᠬᠦᠴᠦᠨ ᠪᠠ ᠵᠤᠷᠢᠭ ᠰᠠᠨᠠᠭ᠎ᠠ ᠪᠠᠨ ᠬᠠᠳᠠᠭᠠᠯᠠᠵᠤ᠂ ᠲᠤᠬᠠᠢ ᠶᠢᠨ | ᠭᠠᠵᠠᠷ ᠤᠨ ᠢᠶᠠᠨ ᠲᠠᠪᠠᠭᠤᠯᠢᠭ ᠬᠢᠭᠡᠳ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠤᠭᠳᠠᠭᠠᠯᠳᠠ ᠶᠢ ᠤᠨᠤᠪᠴᠢᠳᠠᠢ ᠡᠷᠢᠵᠦ᠂ ᠰᠢᠨᠵᠢᠯᠡᠭᠡ ᠮᠡᠷᠭᠡᠵᠢᠯ ᠤᠨ ᠰᠤᠳᠤᠯᠤᠨ ᠬᠦᠭᠵᠢᠬᠦᠯᠬᠦ ᠡᠷᠴᠢᠮ ᠢ | ᠴᠢᠩᠭᠠᠷᠠᠭᠤᠯᠤᠨ᠂ ᠠᠵᠤ ᠠᠬᠤᠶᠢᠯᠠᠯ ᠤᠨ ᠬᠦᠭᠵᠢᠯᠳᠡ ᠶᠢᠨ ᠨᠦᠬᠡᠴᠡ ᠬᠦᠴᠦᠨ ᠢ ᠨᠡᠮᠡᠭᠳᠡᠬᠦᠯᠵᠦ᠂ ᠠᠵᠤ ᠠᠬᠤᠶᠢᠯᠠᠯ ᠢ | ᠲᠡᠬᠦᠰ ᠪᠠᠳᠠᠷᠠᠭᠤᠨ ᠠᠮᠢᠯᠠᠯ ᠤᠨ ᠬᠦᠴᠦᠨ ᠲᠠᠢ ᠪᠠᠶᠢᠯᠠᠭᠠᠵᠤ᠂ ᠲᠠᠶᠢᠹᠤᠰᠧ ᠬᠤᠰᠢᠭᠤᠨ ᠤ ᠠᠵᠤ ᠠᠬᠤᠢ | ᠵᠢᠨᠦᠷᠬᠦᠯᠵᠢᠯᠡᠨ ᠲᠤᠭᠳᠠᠭᠤᠨ ᠢᠶᠠᠷ ᠬᠦᠭᠵᠢᠬᠦ ᠶᠢ ᠠᠬᠢᠭᠤᠯᠬᠤ ᠭᠡᠷᠡᠭᠳᠡᠢ ᠭᠡᠵᠦ ᠵᠢᠭᠠᠵᠤ ᠭᠠᠷᠭᠠᠪᠠ᠃ | ᠵᠠᠩ ᠱᠤᠤ ᠴᠦᠨ ᠪᠠᠰᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠠᠵᠤ ᠠᠬᠤᠶᠢᠯᠠᠯ ᠨᠢ ᠡᠷᠭᠡᠪᠰᠢ ᠠᠶᠤᠯᠬᠦᠢ | ᠦᠢᠯᠡᠳᠪᠦᠷᠢᠯᠡᠯ ᠤᠨ ᠠᠵᠢᠯ ᠢ ᠲᠡᠭᠳᠦ ᠬᠡᠮᠵᠢᠶ᠎ᠡ ᠪᠠᠷ ᠬᠦᠨᠳᠦᠳᠬᠡᠨ ᠴᠢᠬᠤᠯᠠᠴᠢᠯᠠᠵᠤ᠂ ᠬᠠᠷᠢᠭᠤᠴᠠᠬᠤ ᠴᠤᠭᠴᠠ ᠶᠢ | ᠲᠤᠳᠤᠷᠬᠠᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠤᠯᠠᠮ ᠨᠢᠬᠡ ᠠᠯᠬᠤᠮ | ᠴᠢᠩᠭᠠᠳᠬᠠᠵᠤ᠂ ᠬᠠᠤᠯᠢ ᠭᠡᠷᠡᠭᠵᠢᠬᠦᠯᠬᠦ ᠠᠵᠢᠯ ᠢ ᠪᠦᠬᠦ ᠲᠠᠯᠠᠪᠠᠷ ᠲᠦᠷᠢᠮᠵᠢᠬᠦᠯᠦᠨ᠂ ᠠᠵᠤ ᠠᠬᠤᠶᠢᠯᠠᠯ ᠤᠨ ᠠᠶᠤᠯᠬᠦᠢ | ᠦᠢᠯᠡᠳᠪᠦᠷᠢᠯᠡᠯ ᠢ ᠪᠦᠳᠦᠮᠵᠢᠳᠡᠢ ᠰᠠᠶᠢᠨ ᠵᠢᠯᠤᠭᠤᠳᠴᠤ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠢᠷᠢ ᠲᠦᠪᠰᠢᠨ | ᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃ ᠡᠬᠦᠨ ᠤ ᠬᠠᠮᠳᠤ᠂ ᠬᠤᠰᠢᠭᠤ ᠵᠠᠰᠠᠭ ᠤᠨ ᠤᠷᠳᠤᠨ ᠠᠴᠠ ᠠᠵᠤ | ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠲᠠᠰᠤᠷᠠᠯᠳᠠ ᠦᠬᠡᠢ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠶᠠᠰᠤ ᠴᠢᠨᠠᠷ ᠢ ᠰᠠᠶᠢᠵᠢᠷᠠᠭᠤᠯᠤᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠤᠷᠴᠢᠨ ᠲᠤᠭᠤᠷᠢᠨ ᠢ | ᠰᠢᠯᠢᠳᠡᠭᠵᠢᠬᠦᠯᠵᠦ᠂ ᠲᠤᠮᠤ ᠲᠦᠷᠦᠯ ᠵᠦᠢᠯ ᠢ ᠪᠤᠶᠢᠵᠢᠭᠤᠯᠬᠤ ᠭᠡᠷᠡᠭᠳᠡᠢ᠃ ᠠᠵᠤ ᠠᠬᠤᠶᠢᠯᠠᠯ ᠨᠢ ᠠᠵᠠ ᠲᠤᠬᠢᠶᠠᠯ ᠢ ᠪᠠᠳᠤ | ᠡᠵᠡᠮᠳᠡᠨ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠦᠢᠯᠡᠳᠪᠦᠷᠢᠯᠡᠯ ᠤᠨ | ᠰᠠᠶᠢᠨ ᠪᠠᠶᠢᠳᠠᠯ ᠢᠶᠠᠨ ᠦᠷᠬᠦᠯᠵᠢᠯᠡᠨ ᠬᠠᠳᠠᠭᠠᠯᠠᠬᠤ ᠭᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠵᠠᠰᠠᠭ ᠤᠨ ᠤᠷᠳᠤᠨ᠂ ᠠᠶᠤᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠤᠪᠴᠢᠶ᠎ᠠ᠂ ᠠᠵᠤ ᠠᠬᠤᠢ | ᠪᠠ ᠮᠡᠳᠡᠭᠡ ᠵᠠᠩᠬᠢᠵᠢᠭᠤᠯᠤᠯᠳᠠ ᠶᠢᠨ ᠲᠤᠪᠴᠢᠶ᠎ᠠ ᠶᠢᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠡ᠃ | |