ᠾᠦᠸᠧ ᠵᠤᠤ ᠯᠢᠶᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2019-03-12
     3 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂  ᠠᠶᠢᠮᠠᠭ ᠤᠨ ᠲᠠᠷᠤᠭ᠎ᠠ  ᠾᠦᠸᠧ ᠵᠤᠤ ᠯᠢᠶᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠲᠤᠰ ᠬᠤᠰᠢᠭᠤᠨ ᠤ ᠠᠶᠤᠯᠬᠦᠢ ᠦᠢᠯᠡᠳᠪᠦᠷᠢᠯᠡᠯ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠪᠠᠶᠢᠴᠠᠭᠠᠯᠳᠠ ᠬᠢᠵᠦ ᠵᠢᠭᠠᠨ ᠵᠢᠯᠤᠭᠤᠳᠤᠭᠰᠠᠨ ᠪᠠᠶᠢᠨ᠎ᠠ᠃
   
     ᠬᠤᠩ ᠶᠧ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠳᠤ ᠪᠠᠶᠢᠴᠠᠭᠠᠯᠳᠠ ᠬᠢᠬᠦ ᠳᠡᠭᠡᠨ  ᠂  ᠾᠦᠸᠧ ᠵᠤᠤ ᠯᠢᠶᠠᠩ ᠠᠶᠤᠯᠬᠦᠢ ᠦᠢᠯᠡᠳᠪᠦᠷᠢᠯᠡᠯ ᠪᠤᠯ ᠠᠵᠤ ᠠᠬᠤᠶᠢᠯᠠᠯ ᠤᠨ ᠬᠦᠭᠵᠢᠯᠳᠡ ᠶᠢᠨ  ᠠᠮᠢᠨ ᠰᠤᠳᠠᠰᠤ ᠮᠦᠨ᠂ ᠠᠵᠤ ᠠᠬᠤᠶᠢᠯᠠᠯ ᠨᠢ ᠡᠷᠭᠡᠪᠰᠢ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠶᠢᠨ ︽2.23︾ ᠭᠡᠷᠡᠭ ᠠᠴᠠ ᠬᠦᠨ ᠰᠤᠷᠭᠠᠮᠵᠢ ᠠᠪᠴᠤ᠂   ᠠᠶᠤᠯᠬᠦᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠠᠯᠠᠭᠠᠶᠢᠳᠠᠵᠤ ᠮᠢᠨᠴᠦᠬᠦᠷᠡᠬᠦ  ᠦᠵᠡᠯ ᠰᠠᠨᠠᠭ᠎ᠠ ᠪᠠ ᠠᠵᠠ ᠲᠤᠬᠢᠶᠠᠯᠳᠤᠯ ᠤᠨ ᠪᠤᠳᠤᠯ ᠰᠡᠳᠬᠢᠯ ᠢᠶᠠᠨ ᠡᠷᠡᠰ ᠲᠠᠶᠠᠭᠳᠠᠵᠤ᠂  ᠬᠠᠷᠢᠭᠤᠴᠠᠯᠭ᠎ᠠ ᠪᠠ ᠠᠷᠭ᠎ᠠ ᠠᠪᠴᠢᠯ ᠢ  ᠦᠪ ᠦᠨᠡᠨ ᠬᠦ᠋  ᠪᠤᠳᠠᠳᠠᠶᠢᠵᠢᠭᠤᠯᠵᠤ  ᠨᠠᠶᠢᠳᠠᠪᠤᠷᠢᠵᠢᠭᠤᠯᠤᠨ᠂ ᠠᠶᠤᠯ ᠤᠨ ᠲᠡᠯᠳᠠ ᠬᠡᠮ ᠢ ᠪᠦᠬᠦ ᠲᠠᠯᠠᠪᠠᠷ ᠲᠤᠶᠢᠯᠪᠤᠷᠢᠳᠠᠢ ᠠᠷᠢᠯᠭᠠᠬᠤ  ᠭᠡᠷᠡᠭᠳᠡᠢ᠂ ᠠᠶᠤᠯᠬᠦᠢ ᠦᠢᠯᠡᠳᠪᠦᠷᠢᠯᠡᠯ ᠢ ᠦᠷᠡᠭᠳᠡᠬᠦᠯᠵᠦ ᠪᠠᠶᠢᠭᠠᠳ ᠬᠦᠭᠵᠢᠯᠳᠡ ᠶᠢᠨ ᠦᠷ᠎ᠡ ᠳ᠋ᠦᠩ ᠪᠠ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢ ᠪᠡᠶᠡᠯᠡᠬᠦᠯᠵᠦ ᠶᠠᠭᠠᠬᠢᠭᠰᠠᠨ ᠴᠤ ᠪᠤᠯᠬᠤ ᠦᠬᠡᠢ ᠬᠡᠵᠦ  ᠴᠢᠬᠤᠯᠠᠴᠢᠯᠠᠭᠰᠠᠨ ᠪᠠᠶᠢᠨ᠎ᠠ᠃
     
     ᠲᠠᠶᠢᠹᠤᠰᠧ ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠳᠡ ᠶᠢᠨ ᠦᠢᠯᠡᠴᠢᠯᠡᠬᠡᠨ ᠤ ᠲᠦᠪ  ᠲᠤ ᠪᠠᠶᠢᠴᠠᠭᠠᠨ  ᠰᠤᠳᠤᠯᠤᠯᠳᠠ ᠬᠢᠬᠦ ᠳᠡᠭᠡᠨ᠂ ᠾᠦᠸᠧ ᠵᠤᠤ ᠯᠢᠶᠠᠩ  ᠵᠠᠬ᠎ᠠ ᠲᠡᠯᠬᠡᠬᠦᠷ   ᠲᠤ ᠤᠨᠤᠪᠴᠢᠳᠠᠢ ᠴᠢᠭᠯᠡᠵᠦ᠂  ᠪᠠᠶᠢᠷᠢ ᠲᠤᠭᠳᠠᠭᠠᠯᠳᠠ ᠪᠠᠨ ᠵᠦᠪ ᠲᠤᠭᠳᠠᠭᠠᠨ᠂  ᠰᠦᠯᠵᠢᠶ᠎ᠡ ᠪᠠᠨ ᠲᠡᠬᠦᠯᠳᠡᠷᠵᠢᠬᠦᠯᠵᠦ᠂ ᠰᠢᠨᠵᠢᠯᠡᠬᠦ ᠤᠬᠠᠭᠠᠨᠴᠢ ᠪᠠᠷ ᠡᠵᠡᠩᠨᠡᠨ᠂  ᠤᠳᠤ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠪᠠ ᠡᠵᠡᠩᠨᠡᠯᠳᠡ ᠪᠤᠷᠤᠯᠠᠭᠤᠯᠭ᠎ᠠ ᠶᠢᠨ ᠠᠷᠭ᠎ᠠ ᠪᠠᠷᠢᠯ ᠢ ᠭᠡᠷᠡᠭᠯᠡᠵᠦ᠂ ᠪᠤᠬᠢᠷᠳᠤᠯ ᠦᠬᠡᠢ  ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠳᠠ᠂ ᠦᠨᠳᠦᠰᠦᠳᠡᠨ ᠤ ᠭᠠᠷ ᠤᠷᠠᠯᠠᠯ  ᠤᠨ ᠪᠦᠳᠦᠭᠡᠭᠳᠡᠬᠦᠨ ᠤ ᠵᠠᠬ᠎ᠠ ᠵᠡᠬᠡᠯᠢ ᠶᠢᠨ ᠨᠡᠬᠡᠬᠡᠯᠳᠡ ᠪᠠ ᠨᠡᠷᠡᠳᠦ ᠲᠡᠮᠳᠡᠭ ᠤᠨ ᠪᠤᠶᠢᠵᠢᠭᠤᠯᠤᠯᠳᠠ ᠶᠢ ᠰᠠᠶᠢᠨ ᠬᠢᠵᠦ᠂ ᠶᠠᠳᠠᠭᠤ ᠬᠦᠴᠢᠷᠳᠡᠢ ᠮᠠᠯᠴᠢᠨ ᠲᠠᠷᠢᠶᠠᠴᠢᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠵᠦ  ᠴᠢᠨᠡᠭᠡᠯᠢᠭᠵᠢᠬᠦᠯᠬᠦ ᠭᠡᠷᠡᠭᠳᠡᠢ ᠭᠡᠵᠦ ᠠᠵᠤ ᠠᠬᠤᠶᠢᠯᠠᠯ ᠢ ᠵᠤᠷᠢᠭᠵᠢᠭᠤᠯᠤᠭᠰᠠᠨ ᠪᠠᠶᠢᠯ᠎ᠠ᠃
      ᠾᠦᠸᠧ ᠵᠤᠤ ᠯᠢᠶᠠᠩ ᠠᠶᠢᠮᠠᠭ ᠤᠨ ᠠᠶᠤᠯᠬᠦᠢ ᠦᠢᠯᠡᠳᠪᠦᠷᠢᠯᠡᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯᠯᠠᠭᠠᠨ ᠤ ᠬᠤᠶᠠᠳᠤᠭᠠᠷ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠲᠡᠳ᠋ ᠲᠠᠷᠤᠭ᠎ᠠ ᠸᠠᠩ ᠶᠠᠨ ᠬᠦᠩ ᠤᠨ ᠤᠳᠤᠬᠠᠨ  ᠤ ᠱᠠᠭᠠᠷᠳᠠᠨ ᠪᠠᠶᠢᠴᠠᠭᠠᠬᠤ ᠭᠤᠤᠯ ᠠᠰᠠᠭᠤᠳᠠᠯ ᠤᠨ ᠲᠤᠬᠠᠢ ᠬᠠᠷᠢᠭᠤ ᠮᠡᠳᠡᠬᠦᠯᠦᠯᠳᠡ ᠪᠤᠯᠤᠨ ᠲᠠᠶᠢᠹᠤᠰᠧ ᠬᠤᠰᠢᠭᠤᠨ ᠤ ᠨᠠᠮ ᠵᠠᠰᠠᠭ ᠤᠨ ᠠᠵᠢᠯ ᠤᠨ ᠮᠡᠳᠡᠬᠦᠯᠦᠯᠳᠡ ᠶᠢ ᠰᠤᠨᠤᠰᠤᠭᠰᠠᠨ ᠤ ᠲᠠᠷᠠᠭ᠎ᠠ᠂ ᠪᠦᠬᠦ ᠤᠯᠤᠰ ᠤᠨ ︽ᠬᠤᠶᠠᠷ ᠬᠤᠷᠠᠯ︾ ᠤᠳᠤᠬᠠᠨ ᠬᠤᠷᠠᠯᠳᠤᠬᠤ ᠪᠠᠷ ᠪᠠᠶᠢᠨ᠎ᠠ᠂ ᠠᠮᠤᠷ ᠲᠤᠭᠳᠠᠭᠤᠨ ᠤ ᠠᠵᠢᠯ ᠢ ᠰᠠᠶᠢᠨ ᠬᠢᠬᠦ ᠨᠢ ᠠᠴᠢ ᠬᠤᠯᠪᠤᠭᠳᠠᠯ   ᠢᠶᠠᠷ ᠴᠢᠬᠤᠯᠠ  ᠪᠠᠶᠢᠭ᠎ᠠ ᠶᠤᠮ᠂  ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠡᠷᠭᠡᠪᠰᠢ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠨ ᠴᠡᠭᠴᠡᠯᠡᠯᠳᠡ ᠶᠢ ᠬᠦᠨᠵᠡᠬᠡᠢ ᠦᠷᠨᠢᠬᠦᠯᠵᠦ᠂ ᠭᠤᠤᠯᠳᠠᠯᠭᠠᠳᠠᠢ ᠠᠵᠢᠯ ᠲᠦᠷᠦᠯ ᠤᠨ ᠬᠦᠷᠢᠶ᠎ᠡ ᠴᠠᠷ᠎ᠠ ᠳᠠᠬᠢ ᠲᠠᠯᠳᠠ ᠭᠡᠮ ᠤᠨ ᠪᠠᠶᠢᠴᠠᠭᠠᠯᠳᠠ ᠪᠠ ᠲᠤᠰᠬᠠᠢ ᠴᠡᠭᠴᠡᠯᠡᠯᠳᠡ ᠶᠢ ᠲᠤᠪᠤᠶᠢᠮ᠎ᠠ ᠰᠠᠶᠢᠨ ᠠᠳᠬᠤᠵᠤ᠂  ᠢᠯᠠᠩᠭᠤᠶ᠎ᠠ  ᠦᠢᠯᠡᠳᠪᠦᠷᠢᠯᠡᠯ ᠤᠨ ᠮᠡᠷᠭᠡᠵᠢᠯ ᠪᠤᠳᠤᠯᠢᠶᠠᠨ ᠲᠠᠢ᠂   ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠭᠤᠤᠯᠳᠠᠯᠭᠠᠳᠠᠢ ᠠᠵᠤ ᠠᠬᠤᠶᠢᠯᠠᠯ   ᠢ ᠪᠠᠶᠢᠴᠠᠭᠠᠨ ᠴᠡᠭᠴᠡᠯᠡᠬᠦ ᠳᠡᠭᠡᠨ ᠬᠢᠷᠢ ᠬᠡᠮ ᠲᠠᠢ ᠲᠤᠰᠬᠠᠢ ᠪᠠᠶᠢᠭᠤᠯᠤᠮᠵᠢ ᠶᠢ ᠤᠷᠢᠵᠤ ᠬᠠᠮᠳᠤᠷᠠᠭᠰᠠᠨ ᠡᠮᠴᠢᠯᠡᠬᠡᠨ ᠤ ᠬᠡᠯᠪᠡᠷᠢ ᠶᠢᠨ᠂ ᠰᠤᠳᠠᠯ ᠪᠠᠷᠢᠬᠤ ᠬᠡᠯᠪᠡᠷᠢ ᠶᠢᠨ ᠨᠠᠷᠢᠯᠢᠭ ᠤᠨᠤᠪᠴᠢᠳᠠᠢ ᠪᠠᠶᠢᠴᠠᠭᠠᠯᠳᠠ ᠬᠢᠵᠦ᠂ ᠲᠠᠯᠳᠠ ᠬᠡᠮ  ᠢ ᠪᠦᠬᠦ ᠲᠠᠯᠠᠪᠠᠷ ᠲᠤᠶᠢᠯᠪᠤᠷᠢᠳᠠᠢ ᠠᠷᠢᠯᠭᠠᠨ᠂  ᠲᠠᠯᠳᠠ ᠭᠡᠮ ᠤᠷᠤᠰᠢᠵᠤ ᠪᠠᠶᠢᠭ᠎ᠠ ᠠᠵᠤ ᠠᠬᠤᠶᠢᠯᠠᠯ ᠢ  ᠰᠢᠳᠭᠡᠬᠦ ᠶᠤᠰᠤᠳᠠᠢ ᠪᠤᠯ ᠰᠢᠳᠭᠡᠵᠦ᠂ ᠵᠤᠭᠰᠤᠭᠠᠬᠤ ᠶᠤᠰᠤᠳᠠᠢ ᠪᠤᠯ ᠵᠤᠭᠰᠤᠭᠠᠨ᠂ ᠠᠶᠤᠯᠬᠦᠢ ᠦᠢᠯᠡᠳᠪᠦᠷᠢᠯᠡᠯ ᠤᠨ ᠭᠡᠷᠡᠭ ᠭᠠᠷᠬᠤ  ᠶᠢ ᠡᠷᠡᠰ ᠰᠡᠷᠭᠡᠶᠢᠯᠡᠨ ᠬᠤᠷᠢᠭᠯᠠᠬᠤ ᠭᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠾᠦᠸᠧ ᠵᠤᠤ ᠯᠢᠶᠠᠩ  ᠪᠠᠰᠠ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠳᠤ ᠲᠤᠰᠬᠠᠭᠰᠠᠨ ᠰᠠᠨᠠᠯ ᠶᠤᠰᠤᠭᠠᠷ ᠠᠰᠠᠭᠤᠳᠠᠯ ᠢᠶᠠᠨ ᠰᠠᠶᠢᠳᠤᠷ ᠴᠡᠭᠴᠡᠯᠡᠨ ᠰᠠᠶᠢᠵᠢᠷᠠᠭᠤᠯᠬᠤ ᠶᠢ ᠤᠳᠤᠬᠠᠨ ᠤ ᠪᠠᠴᠢᠮ ᠴᠢᠬᠤᠯᠠ  ᠤᠯᠤᠰ ᠲᠦᠷᠦ ᠶᠢᠨ ᠡᠬᠦᠷᠭᠡ ᠪᠤᠯᠭᠠᠵᠤ᠂ ᠴᠡᠭᠴᠡᠯᠡᠨ ᠰᠠᠶᠢᠵᠢᠷᠠᠭᠤᠯᠬᠤ ᠡᠬᠦᠷᠭᠡ ᠬᠠᠷᠠᠯᠳᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ  ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠳᠤ ᠲᠠᠷᠠᠭᠠᠯᠠᠨ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠭᠡ ᠶᠢ ᠲᠤᠭᠳᠠᠭᠰᠠᠨ ᠬᠤᠭᠤᠴᠠᠭᠠᠨ  ᠳᠤ ᠴᠢᠨᠠᠷ ᠰᠠᠶᠢᠳᠠᠢ ᠪᠡᠶᠡᠯᠡᠬᠦᠯᠬᠦ ᠭᠡᠷᠡᠭᠳᠡᠢ ᠬᠡᠵᠦ ᠴᠢᠬᠤᠯᠠᠴᠢᠯᠠᠪᠠ᠃   ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠤ᠂  ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠲᠠᠷᠤᠭ᠎ᠠ ᠰᠢᠯᠢᠨᠪᠠᠭᠠᠳᠤᠷ  ᠂ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ ᠴᠢᠶᠤᠤ ᠵᠢᠶᠠᠨ ᠴᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠡᠳ᠋ ᠬᠤᠰᠢᠭᠤ ᠲᠠᠷᠤᠭ᠎ᠠ ᠬᠠᠨ ᠵᠢᠦ᠋ᠨ ᠮᠢᠨ ᠨᠠᠷ ᠪᠠᠷ᠎ᠠ ᠪᠤᠯᠵᠤ ᠱᠠᠭᠠᠷᠳᠠᠨ ᠪᠠᠶᠢᠴᠠᠭᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号