ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠦᠪᠡᠳᠡᠭᠰᠢ ᠬᠤᠷᠠᠯᠳᠤᠪᠠ
ᠨᠡᠶᠢᠲᠡᠯᠡᠭᠰᠡᠨ ᠴᠠᠭ᠄
2019-03-12
      3 ᠰᠠᠷ᠎ᠠ ᠶᠢᠨ 7 ᠤᠨ ᠡᠳᠦᠷ ᠤᠨ ᠦᠳᠡ ᠶᠢᠨ ᠡᠮᠦᠨ᠎ᠡ ᠶᠢᠨ 9 ᠴᠠᠭ ᠲᠤ᠂  ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ  ᠬᠤᠰᠢᠭᠤᠨ ᠤ ᠰᠤᠶᠤᠯ ᠤᠨ ᠲᠤᠮᠤ ᠠᠰᠠᠷ   ᠤᠨ ᠮᠡᠳᠡᠬᠦᠯᠦᠯᠳᠡ ᠶᠢᠨ ᠲᠢᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃
     ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠪᠤᠷᠤᠬᠦᠤ᠂ ᠶᠠᠩ ᠶᠢᠨ ᠮᠢᠩ᠂  ᠬᠡᠤ ᠴᠧᠩ ᠳ᠋ᠦᠩ᠂ ᠶᠤᠸᠠᠨ ᠱᠦᠨ ᠴᠢᠤᠸᠠᠨ᠂  ᠦᠯᠵᠡᠶᠢᠪᠠᠶᠠᠷ᠂  ᠵᠢᠢ ᠰᠢᠨ ᠬᠤᠸᠠ  ᠂ ᠸᠧᠨ ᠴᠠᠩ ᠵᠢᠤᠢ ᠬᠤᠷᠠᠯ  ᠳᠤ ᠤᠷᠤᠯᠴᠠᠵᠤ᠂ ᠲᠡᠷᠢᠬᠦᠯᠡᠭᠴᠢᠳ ᠤᠨ ᠲᠠᠶᠢᠰᠠᠨ ᠤ ᠡᠮᠦᠨ᠎ᠡ ᠮᠦᠷ ᠲᠤ ᠰᠠᠭᠠᠳᠠᠨ᠂ ᠣᠯᠣᠰ ᠲᠥᠷᠤ ᠶᠢᠨ ᠵᠥᠪᠯᠡᠯᠭᠡᠨ   ᠤ ᠲᠡᠷᠢᠬᠦᠯᠡᠭᠴᠢ ᠡᠤ ᠭᠧᠨ ᠸᠠ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ  ᠂ ᠦᠪᠡᠷᠳᠡᠭᠡᠨ ᠵᠠᠰᠠᠬᠤ ᠤᠷᠤᠨ ᠤ ᠲᠠᠶᠢᠹᠤᠰᠧ ᠬᠤᠰᠢᠭᠤᠨ ᠳᠤ ᠰᠠᠭᠤᠭ᠎ᠠ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠡᠷᠦᠩᠬᠡᠢ ᠠᠵᠢᠯᠯᠠᠬᠤ ᠠᠩᠬᠢ ᠶᠢᠨ ᠲᠠᠷᠤᠭ᠎ᠠ  ᠶᠢᠨ ᠳ᠋ᠧ᠂  ᠠᠶᠢᠮᠠᠭ ᠤᠨ  ᠲᠠᠶᠢᠹᠤᠰᠧ ᠬᠤᠰᠢᠭᠤᠨ ᠳᠤ  ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠠᠵᠢᠯ ᠤᠨ ᠬᠢᠨᠠᠨ ᠵᠢᠯᠤᠭᠤᠳᠬᠤ ᠲᠤᠭᠤᠶᠢᠯᠠᠩ ᠤᠨ  ᠲᠡᠳ᠋ ᠲᠠᠷᠤᠭ᠎ᠠ  ᠵᠧᠩ ᠬᠦᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠵᠸᠦ ᠵᠢᠶᠦ᠋ᠨ ᠲᠡᠷᠢᠬᠦᠯᠡᠭᠴᠢᠳ ᠤᠨ ᠲᠠᠶᠢᠰᠠᠨ ᠳᠤ ᠤᠷᠢᠯᠭ᠎ᠠ ᠪᠠᠷ ᠰᠠᠭᠠᠳᠠᠵᠤ᠂  ᠬᠤᠰᠢᠭᠤᠨ ᠤ ᠤᠳᠤᠷᠢᠳᠤᠯᠭ᠎ᠠ ᠵᠸᠦ ᠫᠸᠢ ᠯᠦᠩ  ᠂ ᠸᠠᠩ  ᠸᠧᠢ ᠵᠢᠶᠦ᠋ᠨ᠂  ᠬᠠᠨ ᠵᠢᠦ᠋ᠨ ᠮᠢᠨ  ᠂ ᠸᠠᠩ ᠸᠧᠢ ᠬᠤᠩ᠂  ᠵᠤᠤ ᠵᠢᠶᠠᠨ ᠳ᠋ᠦᠩ᠂  ᠵᠠᠩ ᠸᠧᠢ᠂  ᠬᠦᠸᠧ ᠢᠤᠢ ᠺᠦᠨ᠂   ᠶᠢᠨ ᠸᠧᠢ ᠵᠦᠩ᠂ ᠸᠠᠩ ᠵᠢᠤᠢ ᠰᠢ᠂  ᠴᠧᠨ ᠪᠧᠨ ᠴᠢ  ᠂ ᠲᠦᠩ ᠢᠤᠢ ᠴᠢᠨ᠂   ᠸᠠᠩ ᠵᠢᠶᠠᠨ ᠵᠢᠶᠦ᠋ᠨ᠂ ᠲᠡᠬᠦᠰ᠂ ᠬᠤᠪᠢᠰᠬᠠᠯᠳᠤ ᠬᠢᠭᠡᠳ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠭᠡᠰᠢᠬᠦᠳ ᠬᠤᠷᠠᠯ ᠳᠤ ᠤᠷᠤᠯᠴᠠᠨ ᠲᠡᠷᠢᠬᠦᠯᠡᠭᠴᠢᠳ ᠤᠨ ᠲᠠᠶᠢᠰᠠᠨ ᠳᠤ ᠰᠠᠭᠠᠳᠠᠵᠠᠢ᠃      ᠡᠨᠡ ᠤᠳᠠᠭᠠᠨ ᠤ ᠬᠤᠷᠠᠯᠳᠤᠭᠠᠨ ᠳᠤ ᠤᠷᠤᠯᠴᠠᠬᠤ ᠵᠤᠬᠢᠰᠳᠠᠢ ᠲᠦᠯᠦᠭᠡᠯᠡᠭᠴᠢ 166 ᠪᠠᠶᠢᠵᠤ᠂  ᠤᠷᠤᠯᠴᠠᠭᠰᠠᠨ ᠬᠦᠮᠦᠨ ᠤ ᠲᠤᠭ᠎ᠠ 156 ᠳᠤ ᠬᠦᠷᠴᠦ᠂  ᠪᠦᠬᠦ  ᠲᠦᠯᠦᠭᠡᠯᠡᠭᠴᠢ ᠶᠢᠨ ᠲᠤᠭᠠᠨ ᠤ ᠬᠠᠭᠠᠰ ᠠᠴᠠ ᠲᠠᠪᠠᠭᠰᠠᠨ ᠪᠤᠯᠬᠤᠷ  ᠬᠠᠤᠯᠢ ᠳᠤ ᠲᠤᠭᠳᠠᠭᠰᠠᠨ ᠬᠦᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃
     ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠬᠦ ᠲᠡᠷᠢᠬᠦᠯᠡᠭᠴᠢ ᠶᠠᠩ ᠶᠢᠨ ᠮᠢᠩ ᠬᠤᠷᠠᠯ ᠡᠬᠢᠯᠡᠭᠰᠡᠨ ᠢ ᠨᠡᠶᠢᠳᠡᠯᠡᠵᠦ᠂   ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ  ᠂ ᠵᠠᠰᠠᠭ   ᠤᠨ ᠤᠷᠳᠤᠨ ᠤ ᠬᠤᠰᠢᠭᠤ ᠲᠠᠷᠤᠭ᠎ᠠ ᠬᠡᠤ ᠴᠧᠩ ᠳ᠋ᠦᠩ ᠶᠡᠭᠡ ᠬᠤᠷᠠᠯ ᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠵᠦ᠂  ᠦᠩᠭᠡᠷᠡᠭᠰᠡᠨ ᠨᠢᠬᠡ ᠵᠢᠯ ᠤᠨ ᠠᠵᠢᠯ ᠢᠶᠠᠨ ᠪᠦᠬᠦ ᠲᠠᠯᠠᠪᠠᠷ ᠡᠷᠬᠢᠴᠡᠬᠦᠯᠦᠨ᠂ 2019 ᠤᠨ ᠤ  ᠬᠦᠭᠵᠢᠯᠳᠡ  ᠶᠢᠨ ᠬᠠᠷᠠᠯᠳᠠ ᠪᠠ ᠪᠠᠶᠢᠷᠢᠯᠠᠭᠤᠯᠤᠯᠳᠠ ᠶᠢ ᠲᠤᠭᠳᠠᠭᠰᠠᠨ ᠪᠠᠶᠢᠨ᠎ᠠ᠃
    ᠮᠡᠳᠡᠬᠦᠯᠦᠯᠳᠡ ᠳᠤ ᠵᠢᠭᠠᠵᠤ ᠭᠠᠷᠭᠠᠭᠰᠠᠨ ᠨᠢ  ᠄  2018 ᠤᠨ ᠪᠤᠯ ᠲᠠᠶᠢᠹᠤᠰᠧ ᠬᠤᠰᠢᠭᠤᠨ ᠤ ᠬᠦᠭᠵᠢᠯᠳᠡ ᠶᠢᠨ ᠲᠡᠦᠬᠡᠨ ᠲᠡᠭᠡᠷᠡᠬᠢ ᠦᠷᠢᠰᠦᠯᠳᠦᠬᠡᠨ ᠶᠡᠭᠡᠳᠡᠢ᠂ ᠡᠭᠡᠯ ᠪᠤᠰᠤ ᠨᠢᠬᠡᠨ ᠵᠢᠯ ᠪᠤᠯᠤᠨ᠎ᠠ᠃  ᠨᠢᠬᠡ ᠵᠢᠯ ᠤᠨ ᠲᠤᠷᠰᠢ᠂   ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂  ᠠᠶᠢᠮᠠᠭ ᠤᠨ ᠨᠠᠮ ᠤᠨ  ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠳᠤ ᠴᠢᠩᠭ᠎ᠠ ᠤᠳᠤᠷᠢᠳᠤᠯᠭ᠎ᠠ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠠ ᠲᠡᠮᠵᠢᠯᠬᠡ ᠲᠤᠤᠷ᠎ᠠ᠂  ᠬᠦᠴᠢᠷ ᠢ ᠲᠠᠪᠠᠨ ᠡᠷᠡᠮᠡᠬᠡᠶᠢᠯᠡᠨ ᠤᠷᠤᠭᠰᠢᠯᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠡᠷ᠎ᠡ ᠲᠤᠭᠳᠠᠭᠰᠠᠨ ᠡᠯ᠎ᠡ ᠲᠦᠷᠦᠯ ᠤᠨ ᠡᠬᠦᠷᠭᠡ ᠬᠠᠷᠠᠯᠳᠠ ᠪᠠᠨ ᠨᠡᠯᠢᠶᠡᠳ ᠰᠠᠶᠢᠨ ᠪᠡᠶᠡᠯᠡᠬᠦᠯᠦᠭᠰᠡᠨ ᠪᠠᠶᠢᠨ᠎ᠠ᠃   ᠪᠦᠬᠦ ᠵᠢᠯ ᠳᠤ᠂ ᠣᠷᠣᠨ  ᠨᠤᠲᠤᠭ   ᠤᠨ ᠦᠢᠯᠡᠳᠪᠦᠷᠢᠯᠡᠯ   ᠤᠨ  ᠶᠡᠷᠦᠩᠬᠡᠢ  ᠥᠷᠲᠡᠭ 5 % ᠪᠠᠷ  ᠨᠡᠮᠡᠭᠳᠡᠨ  ᠂  ᠨᠡᠶᠢᠳᠡ ᠶᠢᠨ ᠡᠳ᠋ ᠤᠨ ᠵᠠᠰᠠᠭ  ᠤᠨ ᠲᠦᠰᠦᠪ ᠤᠨ ᠣᠷᠣᠯᠭ᠎ᠠ  21.4 % ᠪᠠᠷ ᠨᠡᠮᠡᠭᠳᠡᠵᠦ᠂ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ  ᠶᠡᠷᠦᠩᠬᠡᠢ ᠬᠡᠮᠵᠢᠶ᠎ᠡ 6.8 % ᠪᠠᠷ  ᠨᠡᠮᠡᠭᠳᠡᠵᠦ᠂   ᠬᠤᠳᠠ  ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠲᠤᠰᠪᠤᠷᠢ 7.1 %  ᠪᠠ 9.9 %   ᠪᠠᠷ  ᠨᠡᠮᠡᠭᠳᠡᠨ᠂  ᠠᠵᠤ ᠠᠬᠤᠢ ᠨᠡᠶᠢᠬᠡᠮ ᠨᠢ ᠡᠷᠡᠬᠦᠯ ᠲᠤᠭᠳᠠᠭᠤᠨ ᠬᠦᠭᠵᠢᠯᠳᠡ ᠶᠢᠨ ᠪᠠᠶᠢᠳᠠᠯ ᠢᠶᠠᠨ ᠬᠠᠳᠠᠭᠠᠯᠠᠵᠠᠢ᠃    ᠨᠢᠭᠡ ᠳᠤ᠂  ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠠᠮᠵᠢᠯᠳᠠ ᠰᠠᠶᠢᠳᠠᠢ  ᠶᠠᠪᠤᠭᠳᠠᠵᠤ᠂  ᠬᠦᠨᠳᠦ ᠶᠡᠭᠡ ᠲᠦᠭᠰᠢᠬᠦᠷᠢ ᠶᠢ ᠪᠦᠳᠦᠮᠵᠢᠳᠡᠢ ᠨᠠᠮᠳᠠᠭᠤᠯᠪᠡ᠃   ᠪᠦᠬᠦ ᠵᠢᠯ ᠳᠤ  ᠵᠠᠰᠠᠭ ᠤᠨ ᠤᠷᠳᠤᠨ ᠤ ᠦᠷᠢ ᠦᠭᠴᠡᠭᠡ 5.7 ᠳ᠋ᠦᠩᠰᠢᠭᠤᠷ ᠲᠦᠬᠦᠷᠢᠭ ᠢ ᠰᠢᠢᠳᠪᠦᠷᠢᠯᠡᠵᠦ᠂  ᠰᠢᠰᠲ᠋ᠧᠮ ᠤᠨ ᠲᠤᠳᠤᠭᠠᠳᠤ   ᠶᠢᠨ ᠦᠷᠢ ᠦᠭᠴᠡᠭᠡ  ᠶᠢᠨ ᠨᠤᠷᠮ᠎ᠠ ᠶᠢ 59.3% ᠪᠤᠯᠭᠠᠨ ᠪᠠᠭᠤᠷᠠᠭᠤᠯᠵᠤ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠦᠷᠢ ᠶᠢ ᠴᠡᠪᠡᠷᠯᠡᠨ ᠲᠦᠯᠦᠭᠰᠡᠨ ᠪᠠᠶᠢᠨ᠎ᠠ᠃  ᠪᠦᠬᠦ ᠵᠢᠯ ᠳᠤ 4.5 ᠳ᠋ᠦᠩᠰᠢᠭᠤᠷ ᠲᠦᠬᠦᠷᠢᠭ ᠶᠠᠳᠠᠭᠤ ᠶᠢ ᠳᠡᠳᠬᠦᠬᠦ ᠪᠡᠯᠡ ᠮᠦᠩᠬᠦ  ᠤᠷᠤᠭᠤᠯᠵᠤ  ᠂  1663 ᠡᠷᠦᠬᠡ 3100 ᠬᠦᠮᠦᠨ ᠶᠠᠳᠠᠭᠤ ᠠᠴᠠ  ᠠᠩᠬᠢᠵᠢᠷᠠᠨ᠂  55 ᠭᠠᠴᠠᠭ᠎ᠠ ᠲᠤᠰᠬᠤᠨ ᠶᠠᠳᠠᠭᠤ  ᠶᠢᠨ ᠡᠩᠨᠡᠭᠡ ᠠᠴᠠ ᠭᠠᠷᠴᠤ᠂  ᠶᠠᠳᠠᠭᠤᠷᠠᠯ ᠤᠨ ᠡᠬᠦᠰᠦᠯ ᠤᠨ ᠨᠤᠷᠮ᠎ᠠ  2.79 %  ᠪᠠᠶᠢᠭᠰᠠᠨ ᠠᠴᠠ ᠪᠠᠨ 1.33 %  ᠪᠤᠯᠵᠤ ᠪᠠᠭᠤᠷᠠᠭᠠᠳ᠂   ᠴᠢᠨᠠᠷ ᠰᠠᠶᠢᠳᠠᠢ ᠪᠠᠷ  ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ ᠳᠤ ᠪᠠᠳᠤ ᠰᠠᠭᠤᠷᠢ ᠲᠠᠯᠪᠢᠭᠰᠠᠨ ᠪᠠᠶᠢᠨ᠎ᠠ᠃  ᠴᠡᠯᠮᠡᠭ  ᠠᠭᠠᠷ᠂   ᠴᠡᠩᠬᠡᠷ ᠤᠰᠤ᠂  ᠴᠡᠪᠡᠷ ᠬᠦᠷᠦᠰᠦ ᠪᠠᠨ ᠪᠠᠳᠤᠯᠠᠨ ᠬᠠᠮᠠᠭᠠᠯᠠᠬᠤ ᠲᠠᠶᠢᠯᠠᠯᠳᠤᠭᠠᠨ ᠤᠷᠤᠭᠰᠢᠳᠠᠢ ᠠᠬᠢᠵᠤ᠂  2018 ᠤᠨ ᠳᠤ  ᠤᠯᠤᠰ ᠤᠨ ᠭᠤᠤᠯᠳᠠᠯᠭᠠᠳᠠᠢ ᠠᠮᠢ ᠠᠬᠤᠢ ᠶᠢᠨ ᠴᠢᠳᠠᠪᠬᠢᠳᠤ ᠤᠷᠤᠨ ᠤ ᠬᠤᠰᠢᠭᠤ ᠰᠢᠶᠠᠨ ᠭᠡᠪᠴᠢᠶᠡᠨ ᠤ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠰᠢᠯᠭᠠᠨ ᠪᠠᠶᠢᠴᠠᠭᠠᠯᠳᠠ ᠳᠤ ᠮᠠᠨ ᠤ ᠬᠤᠰᠢᠭᠤ ᠨᠢ ᠲᠦᠷᠪᠡᠳᠦᠬᠡᠷ ᠲᠤ ᠪᠠᠶᠢᠷᠢᠯᠠᠵᠤ᠂  ᠡᠯᠡᠰᠦᠨ ᠤ ᠡᠬᠢ ᠵᠠᠰᠠᠬᠤ ᠢᠨᠵᠧᠨᠧᠷᠢᠩ ᠢ ᠬᠦᠨᠵᠡᠭᠡᠢ  ᠦᠷᠨᠢᠬᠦᠯᠦᠨ᠂  ᠲᠦᠪ   ᠤᠨ ᠤᠷᠴᠢᠨ ᠲᠤᠭᠤᠷᠢᠨ ᠤ ᠪᠠᠶᠢᠴᠠᠭᠠᠯᠳᠠ ᠪᠠᠷ ᠢᠯᠡᠷᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠨ᠎ᠠ᠃       ᠬᠤᠶᠠᠷ ᠲᠤ᠂  ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠤᠯᠠᠮ ᠪᠠᠬᠢᠵᠢᠪᠡ᠃  ᠠᠵᠤ ᠦᠢᠯᠡᠳᠪᠦᠷᠢ ᠶᠢᠨ ᠠᠵᠤ ᠠᠬᠤᠢ ᠶᠢᠨ ᠨᠦᠬᠡᠴᠡ ᠬᠦᠴᠦᠨ ᠮᠡᠳᠡᠭᠳᠡᠮ᠎ᠡ ᠴᠢᠩᠭᠠᠷᠠᠨ  ᠂ ᠪᠦᠬᠦ ᠵᠢᠯ ᠳᠤ ᠬᠡᠪᠴᠢᠶᠡᠵᠢᠯ ᠠᠴᠠ ᠲᠡᠭᠡᠭᠰᠢᠬᠢ  ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠳᠡᠭ 14.34 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 7.8 %   ᠪᠠᠷ  ᠨᠡᠮᠡᠭᠳᠡᠪᠡ᠃ ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠢᠯᠡᠷᠬᠡᠢ ᠠᠮᠵᠢᠯᠳᠠ ᠤᠯᠵᠤ᠂  ᠂ ᠪᠦᠬᠦ ᠠᠶᠢᠮᠠᠭ ᠤᠨ 2018 ᠤᠨ ᠤ ᠠᠵᠢᠯ ᠤᠨ ᠪᠦᠳᠦᠮᠵᠢ ᠶᠢᠨ ᠬᠢᠨᠠᠨ ᠰᠢᠯᠭᠠᠯᠳᠠ ᠳᠤ ᠡᠯ᠎ᠡ ᠬᠤᠰᠢᠭᠤ ᠰᠢᠶᠠᠨ ᠬᠤᠳᠠ ᠶᠢᠨ ᠢᠶᠠᠨ ᠲᠡᠷᠢᠬᠦᠨ ᠳᠤ ᠤᠷᠤᠵᠠᠢ᠃  ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ  ᠲᠦᠷᠭᠡᠰᠴᠦ᠂  ᠲᠠᠷᠢᠵᠤ ᠮᠠᠯᠵᠢᠬᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ᠡᠷᠴᠢᠮ  ᠴᠢᠩᠭᠠᠷᠠᠨ᠂  ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠪᠠ ᠵᠠᠬ᠎ᠠ ᠲᠡᠯᠬᠡᠬᠦᠷ ᠤᠨ ᠦᠷᠢᠰᠦᠯᠳᠦᠬᠦ  ᠴᠢᠳᠠᠪᠤᠷᠢ ᠤᠯᠠᠮ ᠨᠢᠬᠡ ᠠᠯᠬᠤᠮ  ᠲᠡᠭᠡᠭᠰᠢᠯᠡᠵᠦ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢᠨ ᠬᠠᠨᠳᠤᠰᠢ ᠤᠯᠠᠮ  ᠰᠠᠶᠢᠵᠢᠷᠠᠨ᠂  7 ᠭᠤᠤᠯᠳᠠᠯᠭᠠᠳᠠᠢ ᠵᠢᠭᠤᠯᠴᠢᠯᠠᠯ ᠤᠨ ᠲᠦᠷᠦᠯ ᠵᠦᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠪᠦᠬᠦ ᠵᠢᠯ ᠳᠤ 42 ᠲᠦᠮᠡᠨ ᠵᠢᠭᠤᠯᠴᠢᠯᠠᠭᠴᠢ ︵ᠤᠳᠠᠭ᠎ᠠ︶ ᠶᠢ ᠤᠭᠳᠤᠨ  ᠵᠤᠴᠢᠯᠠᠪᠠ᠃        ᠭᠤᠷᠪᠠ ᠳᠤ᠂ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃  ᠪᠤᠤᠴᠠᠩ ᠤᠨ ᠰᠢᠨ᠎ᠡ ᠲᠤᠭᠤᠷᠢᠭ ᠤᠨ ᠪᠤᠤᠴᠠᠩ ᠵᠡᠬᠡᠯᠢ᠂  ᠶᠢᠩ ᠪᠢᠨ ᠵᠠᠮ ᠵᠡᠷᠭᠡ ᠵᠠᠮ ᠵᠡᠬᠡᠯᠢ ᠶᠢᠨ ᠨᠤᠭᠤᠭᠠᠷᠠᠭᠤᠯᠤᠯᠳᠠ ᠪᠠ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠶᠢ ᠬᠢᠵᠦ᠂ ᠪᠠᠳᠤᠯᠠᠭᠠᠨ  ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ  ᠬᠦᠨᠵᠡᠭᠡᠢ ᠲᠦᠯᠬᠢᠨ ᠠᠬᠢᠭᠤᠯᠵᠤ᠂   ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯ ᠤᠨ ᠲᠦᠯᠦᠪᠯᠡᠭᠡ ᠪᠠ 2019 ᠤᠨ ᠤ ᠭᠡᠷᠡᠭᠵᠢᠬᠦᠯᠬᠦ ᠲᠦᠰᠦᠪ  ᠂  ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠳᠡ ᠶᠢᠨ ᠭᠤᠷᠪᠠᠨ ᠵᠢᠯ  ᠤᠨ ᠠᠵᠢᠯ ᠤᠨ ᠲᠦᠯᠦᠪᠯᠡᠭᠡ ᠶᠢ ᠰᠤᠳᠤᠯᠤᠨ ᠲᠤᠭᠳᠠᠭᠠᠵᠤ᠂ ᠰᠠᠭᠤᠷᠢ ᠲᠦᠬᠦᠭᠡᠷᠦᠮᠵᠢ ᠶᠢᠨ ᠪᠠᠳᠤᠯᠠᠭ᠎ᠠ ᠶᠢ ᠲᠠᠰᠤᠷᠠᠯᠳᠠ ᠦᠬᠡᠢ  ᠴᠢᠩᠭᠠᠷᠠᠭᠤᠯᠤᠨ᠂  ᠪᠦᠬᠦ ᠠᠶᠢᠮᠠᠭ ᠲᠠᠭᠠᠨ ᠬᠠᠮᠤᠭ ᠤᠷᠢᠳᠠᠪᠠᠷ  ︽ᠲᠦᠷᠪᠡᠨ ᠰᠠᠶᠢᠨᠳᠠᠢ ᠬᠦᠳᠡᠭᠡ ᠶᠢᠨ ᠵᠠᠮ︾   ᠤᠨ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ ᠶᠢ  ᠲᠤᠭᠳᠠᠭᠠᠵᠤ᠂  ︽304︾ ᠮᠤᠵᠢ ᠶᠢᠨ ᠵᠠᠮ ᠢ  ᠵᠠᠰᠠᠨ ᠰᠠᠶᠢᠵᠢᠷᠠᠭᠤᠯᠬᠤ ᠢᠨᠵᠧᠨᠧᠷᠢᠩ ᠤᠨ ᠲᠦᠷᠦᠬᠦᠴᠢ ᠬᠤᠭᠤᠴᠠᠭᠠᠨ ᠤ ᠠᠵᠢᠯ ᠦᠨᠳᠦᠰᠦᠨ ᠳᠡᠭᠡᠨ  ᠪᠡᠶᠡᠯᠡᠭᠳᠡᠨ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠠᠶᠢᠹᠤᠰᠧ ᠬᠤᠰᠢᠭᠤᠨ ᠳᠤ ᠦᠷᠳᠡᠭᠡ ᠪᠠᠶᠢᠭᠤᠯᠬᠤ  ᠡᠷᠡᠮᠡᠯᠵᠡᠯ  ᠤᠨ ᠠᠵᠢᠯ  ᠮᠡᠳᠡᠭᠳᠡᠮ᠎ᠡ ᠠᠬᠢᠯᠳᠠ ᠲᠠᠢ ᠪᠠᠶᠢᠭ᠎ᠠ  ᠃      ᠲᠦᠷᠪᠡ ᠳᠤ᠂  ᠠᠷᠠᠳ ᠲᠦᠮᠡᠨ ᠤ ᠠᠵᠠ ᠵᠢᠷᠭᠠᠯ ᠦᠷᠬᠦᠯᠵᠢᠯᠡᠨ ᠨᠡᠮᠡᠭᠳᠡᠪᠡ᠃  ᠠᠷᠠᠳ ᠤᠨ ᠠᠮᠢᠳᠤᠷᠠᠯ ᠤᠨ ᠪᠠᠳᠤᠯᠠᠭ᠎ᠠ ᠲᠠᠰᠤᠷᠠᠯᠳᠠ ᠦᠬᠡᠢ ᠲᠡᠬᠦᠯᠳᠡᠷᠵᠢᠨ᠂  ᠪᠦᠬᠦ ᠵᠢᠯ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠭᠰᠡᠨ ᠵᠠᠷᠤᠳᠠᠯ 18.6 ᠳ᠋ᠦᠩᠰᠢᠭᠤᠷ ᠲᠦᠬᠦᠷᠢᠭ ᠲᠤ ᠬᠦᠷᠴᠦ᠂   ᠵᠢᠯ ᠤᠨ ᠡᠬᠢᠨ ᠳᠤ ᠠᠮᠠᠯᠳᠠᠭᠰᠠᠨ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠳ ᠦᠷ᠎ᠡ ᠪᠦᠳᠦᠮᠵᠢ ᠲᠠᠢ ᠨᠠᠶᠢᠳᠠᠪᠤᠷᠢᠵᠢᠨ᠂ ᠡᠯ᠎ᠡ ᠲᠦᠷᠦᠯ ᠤᠨ ᠠᠰᠠᠷᠠᠨ ᠬᠠᠷᠠᠭᠠᠯᠵᠠᠬᠤ ᠮᠦᠩᠬᠦ ᠪᠠ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠦᠷᠬᠦᠯᠵᠢᠯᠡᠨ  ᠲᠡᠭᠡᠭᠰᠢᠯᠡᠵᠦ᠂ ᠨᠡᠶᠢᠬᠡᠮ ᠤᠨ ᠦᠢᠯᠡᠰ ᠤᠨ ᠬᠦᠭᠵᠢᠯᠳᠡ  ᠲᠦᠷᠭᠡᠰᠦᠨ᠂  ᠠᠷᠠᠳ ᠲᠦᠮᠡᠨ ᠤ ᠰᠠᠨᠠᠭᠠᠨ ᠳᠤ ᠲᠠᠭᠠᠯᠠᠭᠳᠠᠭᠰᠠᠨ ᠰᠤᠷᠭᠠᠨ ᠬᠦᠮᠦᠵᠢᠯ   ᠤᠨ ᠠᠵᠢᠯ ᠢ ᠬᠢᠵᠦ᠂  9 ᠰᠤᠷᠭᠠᠭᠤᠯᠢ ᠶᠢᠨ ᠵᠤᠷᠯᠤᠩ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠠᠶᠢᠵᠢᠷᠠᠭᠤᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠤᠪᠢᠰᠬᠠᠯᠳᠤ ᠰᠤᠶᠤᠯ ᠤᠨ ᠤᠳᠤᠮᠰᠢᠯ ᠢ ᠵᠠᠯᠭᠠᠮᠵᠢᠯᠠᠬᠤ ᠪᠠᠷ ᠭᠤᠤᠯ ᠰᠡᠳᠦᠪ  ᠪᠤᠯᠭᠠᠵᠤ᠂  ᠤᠯᠠᠭᠠᠨᠮᠦ᠋ᠴᠢᠷ ᠤᠨ ︽ᠵᠢᠷᠭᠤᠭ᠎ᠠ ᠳᠤ  ᠤᠷᠤᠵᠤ︾ ᠠᠷᠠᠳ ᠲᠦᠮᠡᠨ ᠳᠤ ᠦᠢᠯᠡᠴᠢᠯᠡᠬᠦ ᠲᠤᠭᠯᠠᠯᠳᠠ ᠶᠢ 100 ᠭᠠᠷᠤᠢ ᠲᠠᠯᠠᠪᠠᠢ ᠭᠠᠷᠭᠠᠵᠤ ᠰᠤᠨᠢᠷᠬᠠᠭᠤᠯᠪᠠ᠃ ᠡᠬᠦᠨ ᠤ ᠬᠠᠮᠳᠤ᠂ ᠠᠵᠢᠯᠴᠢᠨ ᠤ ᠡᠪᠯᠡᠯ᠂ ᠵᠠᠯᠠᠭᠤᠴᠤᠳ   ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠵᠡᠮᠳᠡᠭᠴᠤᠳ ᠤᠨ ᠬᠤᠯᠪᠤᠭ᠎ᠠ ᠵᠡᠷᠭᠡ ᠡᠪᠯᠡᠯ ᠬᠤᠯᠪᠤᠭᠠᠨ ᠤ ᠵᠤᠬᠢᠶᠠᠨ ᠪᠠᠶᠢᠭᠤᠯᠤᠯᠳᠠ ᠤᠨ ᠦᠢᠯᠡᠳᠦᠯ ᠮᠡᠳᠡᠭᠳᠡᠮ᠎ᠡ ᠴᠢᠩᠭᠠᠷᠠᠵᠤ ᠢᠷᠡᠭᠰᠡᠨ ᠪᠠᠶᠢᠨ᠎ᠠ᠃    ᠲᠠᠪᠤ ᠳᠤ᠂  ᠨᠡᠶᠢᠬᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠳᠡᠢ ᠲᠦᠯᠬᠢᠨ ᠠᠬᠢᠭᠤᠯᠵᠤ᠂  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠭᠳᠠᠴᠠ ᠶᠢ ᠲᠠᠰᠤᠷᠠᠯᠳᠠ ᠦᠬᠡᠢ ᠰᠢᠨᠡᠴᠢᠯᠡᠨ᠂ ᠤᠯᠠᠨ ᠲᠦᠮᠡᠨ ᠤ ᠵᠦᠢ ᠵᠤᠬᠢᠰᠳᠠᠢ ᠬᠦᠰᠡᠯ ᠱᠠᠭᠠᠷᠳᠠᠯᠭ᠎ᠠ ᠶᠢ ᠬᠦᠴᠦ  ᠲᠠᠯᠪᠢᠨ ᠰᠢᠢᠳᠪᠦᠷᠢᠯᠡᠵᠦ᠂  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ  ᠨᠠᠶᠢᠳᠠᠪᠤᠷᠢᠵᠢᠭᠤᠯᠤᠨ᠂᠂ ᠬᠦᠨᠳᠦ ᠶᠡᠭᠡ ᠠᠳᠡᠯ ᠡᠬᠦᠰᠬᠦ ᠶᠢ ᠡᠷᠡᠰ  ᠬᠤᠷᠢᠭᠯᠠᠵᠤ᠂ ᠦᠨᠳᠦᠰᠦᠳᠡᠨ  ᠤ ᠪᠦᠯᠬᠦᠮᠳᠡᠯ ᠤᠨ ᠤᠬᠠᠭᠤᠯᠭ᠎ᠠ ᠬᠦᠮᠦᠵᠢᠯ ᠪᠠ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠨᠡᠶᠢᠬᠡᠮ ᠤᠨ ᠡᠶ᠎ᠡ ᠵᠤᠬᠢᠴᠠᠯ ᠤᠯᠠᠮ ᠨᠢᠬᠡ ᠠᠯᠬᠤᠮ ᠪᠠᠬᠢᠵᠢᠭ᠍ᠰᠡᠨ ᠪᠠᠶᠢᠨ᠎ᠠ᠃      ᠵᠢᠷᠭᠤᠭ᠎ᠠ ᠳᠤ᠂  ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠦᠢᠯᠡᠳᠦᠯᠬᠡ ᠪᠠᠨ ᠵᠢᠯᠤᠭᠤᠳᠤᠭᠤᠯᠬᠤ ᠪᠠ ᠠᠵᠢᠯ ᠢᠶᠠᠨ ᠠᠬᠢᠭᠤᠯᠬᠤ  ᠶᠢ ᠪᠠᠷᠢᠮᠳᠠᠯᠠᠨ᠂  ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠲᠠᠯᠠᠪᠠᠷ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ  ᠲᠤᠬᠢᠷᠠᠭᠤᠯᠵᠤ  ᠰᠢᠯᠢᠳᠡᠭᠵᠢᠬᠦᠯᠦᠨ᠂  ᠠᠷᠠᠳ ᠤᠨ ᠲᠦᠯᠦᠬᠡ ᠵᠠᠰᠠᠭ ᠶᠠᠪᠤᠭᠤᠯᠬᠤ ᠦᠢᠯᠡᠳᠦᠯ ᠢ ᠤᠯᠠᠮ ᠰᠠᠶᠢᠨ ᠪᠠᠳᠠᠷᠠᠭᠤᠯᠪᠠ᠃      2019 ᠤᠨ ᠤ ᠠᠵᠢᠯ ᠢ ᠪᠠᠶᠢᠷᠢᠯᠠᠭᠤᠯᠬᠤ ᠳᠠᠭᠠᠨ  ᠬᠤ᠋ ᠴᠧᠩ ᠳ᠋ᠦᠩ ᠵᠢᠭᠠᠵᠤ ᠭᠠᠷᠭᠠᠭᠰᠠᠨ ᠨᠢ᠂ 2019 ᠤᠨ ᠪᠤᠯ  ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠠᠨ ᠤ ᠬᠤᠰᠢᠭᠤ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠲᠠᠶᠢᠯᠠᠯᠳᠤᠭᠠᠨ ᠤ ᠰᠢᠢᠳᠪᠦᠷᠢᠳᠦ  ᠢᠯᠠᠯᠳᠠ ᠶᠢ ᠤᠯᠬᠤ ᠵᠢᠯ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠵᠠᠩᠭᠢᠯᠠᠭ᠎ᠠ ᠶᠢᠨ ᠵᠢᠯ ᠪᠤᠯᠤᠨ᠎ᠠ᠃  ᠡᠨᠡ  ᠵᠢᠯ ᠤᠨ  ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ  ᠄   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂  ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠵᠤ᠂  ︽ᠲᠠᠪᠤ ᠶᠢ ᠨᠢᠬᠡ ᠴᠤᠭᠴᠠᠵᠢᠭᠤᠯᠬᠤ︾  ᠶᠡᠷᠦᠩᠬᠡᠢ ᠪᠠᠶᠢᠷᠢᠰᠢᠭᠤᠯᠤᠯᠳᠠ  ᠶᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂  ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠪᠠᠷ ᠠᠬᠢᠭᠤᠯᠤᠨ  ᠂ ᠦᠪᠡᠷᠳᠡᠭᠡᠨ ᠵᠠᠰᠠᠬᠤ ᠤᠷᠤᠨ᠂ ᠠᠶᠢᠮᠠᠭ   ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ  ᠬᠢᠭᠡᠳ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠵᠤ᠂  ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠪᠠ ᠲᠤᠭᠳᠠᠭᠤᠨ  ᠤ ᠲᠤᠮᠳᠠ ᠤᠷᠤᠭᠰᠢᠯᠠᠨ ᠲᠠᠪᠰᠢᠬᠤ ᠬᠦᠭ ᠠᠶᠠᠰ ᠢ  ᠪᠠᠷᠢᠮᠳᠠᠯᠠᠨ᠂  ︽ ᠠᠵᠤ ᠦᠢᠯᠡᠰ ᠤᠨ ᠰᠠᠭᠤᠷᠢ ᠶᠢ ᠤᠯᠠᠮ ᠪᠠᠬᠢᠵᠢᠬᠦᠯᠬᠦ᠂ ᠬᠦᠭᠵᠢᠯᠳᠡ ᠶᠢᠨ ᠨᠦᠬᠦᠴᠡᠯ ᠢ ᠤᠯᠠᠮ ᠪᠦᠷᠢᠨᠰᠢᠬᠦᠯᠬᠦ᠂ ᠠᠷᠠᠳ ᠤᠨ ᠠᠮᠢᠳᠤᠷᠠᠯ ᠢ ᠤᠯᠠᠮ ᠰᠠᠶᠢᠵᠢᠷᠠᠭᠤᠯᠬᠤ ᠂  ᠨᠡᠶᠢᠬᠡᠮ ᠤᠨ ᠤᠷᠴᠢᠨ ᠠᠬᠤᠢ ᠶᠢ ᠤᠯᠠᠮ ᠡᠶ᠎ᠡ ᠵᠤᠬᠢᠴᠠᠯ ᠲᠠᠢ ᠪᠤᠯᠭᠠᠬᠤ︾ ᠬᠠᠷᠠᠯᠳᠠ ᠶᠢᠨ ᠲᠤᠭᠤᠷᠢᠨ ᠳᠤ᠂ ᠴᠢᠨᠠᠷ ᠰᠠᠶᠢᠳᠠᠢ ᠬᠦᠭᠵᠢᠯᠳᠡ ᠪᠠ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ  ᠲᠠᠯ᠎ᠠ ᠶᠢ ᠤᠳᠤᠷᠢᠳᠤᠭᠤᠯᠵᠤ᠂  ᠨᠡᠮᠡᠭᠳᠡᠯ ᠢ ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠷᠢᠯᠳᠦᠴᠡ   ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠬᠦᠷᠢ  ᠶᠢ ᠰᠡᠷᠭᠡᠶᠢᠯᠡᠬᠦ᠂ ᠲᠤᠭᠳᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠨᠢᠬᠡᠳᠦᠯᠳᠡᠢ ᠲᠦᠯᠦᠪᠯᠡᠨ ᠠᠬᠢᠭᠤᠯᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ  ᠰᠠᠶᠢᠨ ᠬᠢᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠭᠡᠷᠡᠭᠵᠢᠬᠦᠯᠦᠨ᠂ ᠦᠨᠳᠦᠷ ᠴᠢᠨᠰᠠᠭ᠎ᠠ ᠲᠠᠢ ᠪᠠᠷ ᠶᠠᠳᠠᠭᠤ   ᠠᠴᠠ ᠠᠩᠬᠢᠵᠢᠠᠷᠠᠬᠤ ᠶᠢ ᠪᠠᠳᠤᠯᠠᠵᠤ᠂  ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠡᠴᠦᠰ ᠤᠨ ᠢᠯᠠᠯᠳᠠ ᠶᠢ ᠤᠯᠬᠤ ᠳᠤ ᠰᠢᠢᠳᠪᠦᠷᠢᠳᠦ ᠴᠢᠨᠠᠷᠳᠠᠢ ᠰᠠᠭᠤᠷᠢ ᠶᠢ ᠲᠠᠯᠪᠢᠨ᠂  ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠬᠡᠯᠡᠨ᠎ᠡ᠃  ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ   ᠢ 5.8 % ᠪᠠᠷ  ᠂  ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 13.6 % ᠪᠠᠷ  ᠂   ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ  ᠶᠡᠷᠦᠩᠬᠡᠢ ᠬᠡᠮᠵᠢᠶ᠎ᠡ ᠶᠢ 6.1 % ᠪᠠᠷ  ᠨᠡᠮᠡᠭᠳᠡᠬᠦᠯᠵᠦ  ᠂ ᠨᠡᠶᠢᠳᠡ ᠶᠢᠨ  ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.58 ᠳ᠋ᠦᠩᠰᠢᠭᠤᠷ ᠲᠦᠬᠦᠷᠢᠭ ᠲᠤ ᠬᠦᠷᠭᠡᠵᠦ᠂  ᠨᠢᠳᠤᠨᠤᠨ ᠲᠠᠢ  ᠲᠡᠩᠴᠡᠬᠦᠦ ᠪᠠᠶᠢᠬᠤ  ᠶᠢ  ᠪᠠᠳᠤᠯᠠᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3% ᠳᠤ ᠬᠢᠵᠠᠭᠠᠷᠯᠠᠵᠤ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ  ᠲᠤᠰᠪᠤᠷᠢ 5% ᠪᠠ 6% ᠪᠠᠷ   ᠨᠡᠮᠡᠭᠳᠡᠬᠦᠯᠦᠨ᠂  ᠭᠤᠤᠯ ᠪᠤᠯᠬᠤ ᠪᠤᠬᠢᠷ ᠪᠤᠳᠠᠰ ᠤᠨ ᠭᠠᠳᠠᠭᠰᠢᠯᠠᠭᠤᠯᠤᠯᠳᠠ ᠶᠢᠨ  ᠬᠡᠮᠵᠢᠶ᠎ᠡ ᠶᠢ ᠦᠷᠬᠦᠯᠵᠢᠯᠡᠨ ᠪᠠᠭᠠᠰᠬᠠᠨ᠎ᠠ᠃       ᠲᠡᠭᠡᠷ᠎ᠡ ᠲᠤᠷᠠᠳᠤᠭᠰᠠᠨ ᠡᠬᠦᠷᠭᠡ ᠶᠢ ᠰᠠᠶᠢᠨ ᠪᠡᠶᠡᠯᠡᠬᠦᠯᠬᠦ ᠶᠢᠨ ᠲᠦᠯᠦᠬᠡ  ᠂ 2019 ᠤᠨ ᠳᠤ ᠲᠤᠤᠷᠠᠬᠢ ᠬᠡᠳᠦᠨ ᠲᠠᠯ᠎ᠠ ᠶᠢᠨ  ᠠᠵᠢᠯ ᠢ ᠡᠷᠭᠡᠪᠰᠢ  ᠰᠠᠶᠢᠳᠤᠷ ᠠᠳᠬᠤᠬᠤ ᠭᠡᠷᠡᠭᠳᠡᠢ᠄        ᠨᠢᠬᠡ ᠳᠤ᠂  ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ  ᠰᠠᠶᠢᠨ ᠬᠢᠵᠦ᠂ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃  ᠦᠷᠢ ᠰᠢᠷᠢ ᠶᠢ  ᠰᠢᠢᠳᠪᠦᠷᠢᠯᠡᠬᠦ ᠠᠷᠭ᠎ᠠ ᠲᠦᠰᠦᠪ ᠢ ᠤᠯᠠᠮ ᠨᠢᠬᠡ ᠠᠯᠬᠤᠮ ᠲᠡᠬᠦᠯᠳᠡᠷᠵᠢᠬᠦᠯᠦᠨ ᠨᠠᠷᠢᠯᠢᠬᠵᠢᠭᠤᠯᠵᠤ᠂ ᠡᠳ᠋ ᠤᠨ ᠵᠠᠰᠠᠭ ᠤᠨ ᠬᠠᠳᠠᠭᠠᠯᠠᠮᠵᠢ ᠮᠦᠩᠬᠦ ᠶᠢ ᠡᠷᠬᠢᠯᠳᠡ ᠳᠤ  ᠤᠷᠤᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠬᠦ ᠵᠡᠷᠭᠡ ᠠᠷᠭ᠎ᠠ ᠪᠠᠷ  ᠦᠷᠢ ᠰᠢᠷᠢ ᠶᠢ ᠢᠳᠡᠪᠬᠢᠳᠡᠢ ᠰᠢᠢᠳᠪᠦᠷᠢᠯᠡᠨ᠎ᠡ  ᠃   ︽3 +3︾ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠤᠭᠳᠠᠴᠠ ᠶᠢ ᠤᠯᠠᠮ ᠨᠢᠬᠡ ᠠᠯᠬᠤᠮ ᠨᠠᠷᠢᠯᠢᠬᠵᠢᠭᠤᠯᠤᠨ ᠲᠡᠬᠦᠯᠳᠡᠷᠵᠢᠬᠦᠯᠵᠦ᠂    2300 ᠬᠦᠮᠦᠨ᠂ 14 ᠭᠠᠴᠠᠭ᠎ᠠ ᠲᠤᠰᠬᠤᠨ ᠤ ᠪᠦᠬᠦᠨ  ᠢᠶᠠᠷ ᠢᠶᠠᠨ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠂  ︽ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ︾ ᠬᠠᠷᠠᠯᠳᠠ  ᠶᠢ  ᠴᠢᠨᠠᠷ ᠰᠠᠶᠢᠳᠠᠢ ᠪᠡᠶᠡᠯᠡᠬᠦᠯᠦᠨ᠎ᠡ᠃  ᠨᠡᠬᠦᠷᠡᠰᠦᠨ ᠤ ᠪᠤᠬᠢᠷᠳᠤᠯ ᠤᠨ ᠵᠠᠰᠠᠯᠳᠠ ᠶᠢ ᠴᠢᠩᠭᠠᠳᠬᠠᠵᠤ᠂  ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠢ ᠠᠰᠢᠭᠯᠠᠯᠳᠠ ᠳᠤ ᠤᠷᠤᠭᠤᠯᠤᠨ᠂ ᠨᠠᠭᠤᠷ ᠭᠤᠤᠯ ᠤᠨ ᠲᠠᠷᠤᠭ᠎ᠠ ᠶᠢᠨ ᠲᠦᠷᠢᠮ ᠢ ᠬᠦᠨᠵᠡᠬᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠷᠭᠡᠳᠭᠡᠨ᠂  ᠬᠦᠷᠦᠰᠦᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠬᠢᠭᠡᠳ  ᠤᠤᠭᠤᠬᠤ ᠤᠰᠤᠨ ᠤ ᠰᠤᠷᠪᠤᠯᠵᠢ ᠶᠢᠨ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ   ᠶᠢ ᠪᠠᠶᠢᠭᠤᠯᠤᠨ᠂  ᠬᠦᠷᠦᠰᠦ ᠰᠢᠷᠤᠢ ᠶᠢᠨ ᠪᠤᠬᠢᠷᠳᠤᠯ ᠶᠢᠨ ᠤᠳᠤᠬᠢ ᠪᠠᠶᠢᠳᠠᠯ ᠤᠨ ᠪᠠᠶᠢᠴᠠᠭᠠᠯᠳᠠ ᠶᠢ ᠬᠢᠵᠦ᠂ ᠬᠦᠨᠳᠦ ᠲᠡᠮᠦᠷᠯᠢᠭ ᠤᠨ  ᠲᠠᠷᠢᠶᠠᠨ ᠭᠠᠵᠠᠷ ᠢ ᠪᠤᠬᠢᠷᠳᠤᠭᠤᠯᠬᠤ ᠲᠦᠭᠰᠢᠬᠦᠷᠢ ᠶᠢ ᠪᠠᠶᠢᠴᠠᠭᠠᠨ ᠴᠡᠭᠴᠡᠯᠡᠵᠦ᠂ ᠰᠦᠯᠢᠶᠤᠤ ᠪᠦᠷᠬᠦᠪᠴᠢ᠂ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠨ᠂  ᠠᠷᠭᠠᠯ ᠬᠤᠮᠤᠯ ᠢ ᠡᠬᠢ ᠪᠠᠶᠠᠯᠢᠬᠵᠢᠭᠤᠯᠤᠨ ᠭᠡᠷᠡᠭᠯᠡᠵᠦ᠂ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠲᠤᠷ᠎ᠠ ᠪᠠᠷ ᠬᠠᠶᠠᠬᠤ ᠳᠤ ᠲᠤᠰᠬᠠᠢ ᠴᠡᠭᠴᠡᠯᠡᠯᠳᠡ ᠬᠢᠬᠦ ᠪᠠᠨ ᠴᠢᠩᠭᠠᠳᠬᠠᠨ᠎ᠡ᠃ ᠠᠮᠢ ᠠᠬᠤᠢ ᠶᠢᠨ  ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂  ᠠᠭᠤᠯᠠ ᠲᠤᠪᠤ ᠶᠢᠨ ᠨᠤᠭᠤᠭᠠᠷᠠᠭᠤᠯᠤᠯᠳᠠ᠂  ᠡᠯᠡᠰᠦᠨ  ᠤ ᠡᠬᠢ ᠶᠢᠨ ᠵᠠᠰᠠᠯᠳᠠ᠂ ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠤᠶᠢᠵᠢᠭᠤᠯᠤᠯᠳᠠ ᠶᠢᠨ ᠲᠠᠯᠠᠪᠠᠢ 6.6 ᠲᠦᠮᠡᠨ ᠮᠤ᠋᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 3000 ᠮᠤ᠋᠂  ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ 1000 ᠮᠤ᠋   ᠶᠢ ᠪᠡᠶᠡᠯᠡᠬᠦᠯᠦᠨ᠎ᠡ᠃     ᠬᠤᠶᠠᠷ ᠲᠤ᠂ ᠠᠵᠤ ᠦᠢᠯᠡᠰ ᠤᠨ ᠪᠦᠳᠦᠴᠡ   ᠶᠢᠨ ᠰᠢᠯᠢᠳᠡᠭᠵᠢᠵᠦ ᠲᠡᠰ ᠲᠡᠪᠰᠢᠬᠦ ᠶᠢ ᠠᠬᠢᠭᠤᠯᠤᠨ᠂ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠬᠡᠬᠡᠨ ᠤ ᠡᠨᠧᠷᠬᠢ ᠶᠢ ᠪᠤᠶᠢᠵᠢᠭᠤᠯᠤᠨ᠎ᠠ᠃    ᠦᠢᠯᠡᠳᠪᠦᠷᠢᠯᠡᠯ ᠡᠬᠢᠯᠡᠭᠰᠡᠨ ᠲᠦᠷᠦᠯ ᠵᠦᠢᠯ ᠤᠨ ᠲᠤᠭᠳᠠᠭᠤᠨ ᠶᠠᠪᠤᠭᠳᠠᠬᠤ ᠶᠢ ᠠᠬᠢᠭᠤᠯᠵᠤ᠂ ᠲᠤᠰ ᠵᠢᠯ   ᠳᠤ 3  ᠠᠴᠠ ᠲᠡᠭᠡᠭᠰᠢ ᠠᠵᠤ ᠠᠬᠤᠶᠢᠯᠠᠯ ᠤᠨ ᠬᠡᠪᠴᠢᠶᠡᠵᠢᠯ ᠢ ᠲᠡᠭᠡᠭᠰᠢᠯᠡᠬᠦᠯᠦᠨ᠎ᠡ᠃  ᠪᠤᠤᠴᠠᠩ ᠤᠨ ᠲᠡᠭᠡᠳᠦ ᠰᠢᠨ᠎ᠡ ᠮᠡᠷᠭᠡᠵᠢᠯ  ᠤᠨ ᠠᠵᠤ ᠦᠢᠯᠡᠰ ᠤᠨ ᠲᠤᠭᠤᠷᠢᠭ ᠤᠨ ᠶᠡᠷᠦᠩᠬᠡᠢ ᠲᠦᠯᠦᠪᠵᠢᠬᠦᠯᠬᠡ ᠪᠠ ᠠᠵᠤ ᠦᠢᠯᠡᠰ ᠤᠨ ᠲᠦᠯᠦᠪᠵᠢᠬᠦᠯᠬᠡ   ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ 1 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠨ᠂ ᠤᠷᠤᠨ ᠲᠤᠭᠤᠷᠢᠭ  ᠤᠨ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠪᠦᠷᠢᠨᠰᠢᠬᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠪᠤᠯᠪᠠᠰᠤᠷᠠᠭᠤᠯᠤᠯᠳᠠ᠂  ᠬᠠᠳᠠᠭᠤᠯᠢᠭ ᠮᠠᠲ᠋ᠧᠷᠢᠶᠠᠯ ᠤᠨ ᠨᠠᠷᠢᠯᠢᠭ ᠪᠤᠯᠪᠠᠰᠤᠷᠠᠭᠤᠯᠤᠯᠳᠠ ᠂ ᠠᠮᠢᠳᠤ ᠪᠤᠳᠠᠰ ᠤᠨ ᠡᠮ ᠲᠠᠩ ᠦᠢᠯᠡᠳᠪᠦᠷᠢᠯᠡᠬᠦ ᠵᠡᠷᠭᠡ ᠭᠤᠤᠯᠳᠠᠯᠭᠠᠳᠠᠢ ᠬᠦᠷᠢᠶ᠎ᠡ ᠴᠠᠷ᠎ᠠ ᠶᠢᠨ ᠲᠤᠭᠤᠷᠢᠨ ᠳᠤ᠂ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠦᠯᠦᠪᠯᠡᠨ ᠤᠷᠤᠭᠤᠯᠵᠤ᠂  ᠪᠦᠬᠦ ᠵᠢᠯ ᠳᠤ ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠬᠡᠮᠵᠢᠶ᠎ᠡ ᠶᠢ 30 ᠳ᠋ᠦᠩᠰᠢᠭᠤᠷ ᠲᠦᠬᠦᠷᠢᠭ   ᠲᠤ ᠬᠦᠷᠭᠡᠬᠦ ᠪᠠᠷ ᠴᠢᠷᠮᠠᠶᠢᠨ᠎ᠠ᠃  ︽ᠲᠦᠮᠦᠰᠦ ᠶᠢ ᠪᠠᠭᠠᠰᠬᠠᠵᠤ ᠨᠤᠭᠤᠭ᠎ᠠ ᠡᠮ ᠡᠪᠡᠰᠦ ᠶᠢ ᠶᠡᠬᠡᠰᠭᠡᠬᠦ︾ ᠰᠡᠳᠬᠢᠴᠡ ᠪᠠᠷ᠂ ᠲᠤᠯᠤᠭᠠᠶᠢᠯᠠᠭᠴᠢ ᠠᠵᠤ ᠠᠬᠤᠶᠢᠯᠠᠯ  ᠳᠤ ᠲᠦᠰᠢᠭᠯᠡᠨ ᠤᠨᠴᠠᠯᠢᠭᠳᠤ ᠲᠠᠷᠢᠮᠠᠯ ᠤᠨ ᠲᠠᠯᠠᠪᠠᠢ ᠶᠢ ᠦᠷᠭᠡᠳᠭᠡᠵᠦ᠂ ᠡᠨᠡ  ᠵᠢᠯ 12 ᠲᠦᠮᠡᠨ ᠮᠤ᠋ ᠰᠢᠬᠢᠷ ᠤᠨ ᠯᠤᠤᠪᠠᠩ᠂ 5 ᠲᠦᠮᠡᠨ ᠮᠤ᠋ ᠲᠦᠮᠦᠰᠦ᠂ 5 ᠲᠦᠮᠡᠨ ᠮᠤ᠋ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭ᠎ᠠ᠂ 3 ᠲᠦᠮᠡᠨ ᠮᠤ᠋ ᠡᠮ ᠤᠨ ᠮᠠᠲ᠋ᠧᠷᠢᠶᠠᠯ᠂ 2 ᠲᠦᠮᠡᠨ ᠮᠤ᠋  ᠨᠤᠶᠢᠯ ᠠᠷᠪᠠᠢ᠂ 20 ᠲᠦᠮᠡᠨ ᠮᠤ᠋ ᠡᠪᠡᠰᠦ ᠪᠤᠷᠳᠤᠭ᠎ᠠ ᠲᠠᠷᠢᠨ᠎ᠠ᠃ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠦᠷᠬᠦᠯᠵᠢᠯᠡᠨ ᠬᠦᠭᠵᠢᠬᠦᠯᠵᠦ᠂ ᠵᠢᠯ ᠳᠤ 5000 ᠲᠤᠯᠤᠭᠠᠢ ᠰᠠᠶᠢᠨ ᠡᠬᠦᠯᠳᠡᠷ ᠤᠨ ᠮᠢᠬᠠᠨ ᠤ ᠦᠬᠡᠷ ᠤᠷᠤᠭᠤᠯᠤᠨ᠂ 2 ᠰᠠᠭᠤᠷᠢ  ᠭᠡᠪᠴᠢᠶᠡᠵᠢᠭᠰᠡᠨ  ᠪᠤᠬ᠎ᠠ ᠮᠠᠯᠵᠢᠬᠤ ᠲᠠᠯᠠᠪᠠᠢ ᠶᠢ ᠪᠠᠶᠢᠭᠤᠯᠬᠤ ᠪᠠᠷ ᠡᠷᠡᠮᠡᠯᠵᠡᠯᠡᠨ ᠮᠡᠳᠡᠬᠦᠯᠵᠦ᠂  ᠠᠩᠬᠢᠰ ᠦᠬᠡᠷ ᠪᠠ ᠰᠢᠮᠧᠨᠲ᠋ᠠᠷ ᠦᠬᠡᠷ ᠤᠨ ᠭᠤᠤᠯᠳᠠᠯᠭᠠᠳᠤ ᠰᠦᠷᠦᠭ 5 ᠶᠢ ᠪᠠᠶᠢᠭᠤᠯᠤᠨ᠎ᠠ᠃ ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠴᠤᠭᠴᠠ ᠶᠢ ᠲᠡᠳᠬᠦᠨ  ᠬᠦᠭᠵᠢᠬᠦᠯᠵᠦ᠂  200 ᠡᠷᠦᠬᠡ ᠲᠤᠰᠬᠠᠢ ᠬᠤᠷᠰᠢᠶᠠᠵᠢᠯ ᠢ ᠱᠠᠭᠠᠷᠳᠠᠯᠭ᠎ᠠ ᠶᠤᠰᠤᠭᠠᠷ ᠴᠡᠭᠴᠡᠯᠡᠨ ᠲᠦᠷᠢᠮᠵᠢᠬᠦᠯᠵᠦ᠂ ᠪᠠᠷᠢᠮᠵᠢᠶᠠᠳᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 150 ᠶᠢ ᠰᠢᠨ᠎ᠡ ᠪᠠᠷ ᠬᠢᠨᠠᠨ ᠲᠤᠭᠳᠠᠭᠠᠨ᠎ᠠ᠃  ᠦᠢᠯᠡᠴᠢᠯᠡᠬᠡᠨ ᠤ ᠦᠢᠯᠡᠰ ᠤᠨ ᠭᠤᠤᠯᠳᠠᠯᠭᠠᠳᠠᠢ ᠬᠦᠷᠢᠶ᠎ᠡ ᠴᠠᠷ᠎ᠠ   ᠶᠢ ᠴᠢᠨᠠᠷ  ᠰᠠᠶᠢᠳᠠᠢ ᠬᠦᠭᠵᠢᠬᠦᠯᠬᠦ ᠠᠵᠢᠯᠯᠠᠭ᠎ᠠ ᠶᠢ ᠦᠷᠨᠢᠬᠦᠯᠦᠨ᠂ ᠪᠡᠭᠡᠵᠢᠩ ᠲᠢᠶᠠᠨᠵᠢᠨ ᠾᠧᠪᠸᠢ ᠶᠢᠨ ᠵᠤᠴᠢᠨ ᠤ ᠢᠷᠡᠯᠳᠡ ᠶᠢᠨ ᠵᠠᠬ᠎ᠠ ᠵᠡᠬᠡᠯᠢ ᠳᠤ ᠬᠠᠨᠳᠤᠵᠤ᠂   ᠬᠤᠭᠤᠯᠠ  ᠤᠮᠳᠠ  ᠬᠤᠨᠤᠭ ᠰᠠᠭᠤᠴᠠ᠂  ᠰᠤᠶᠤᠯ ᠤᠨ ᠤᠶᠢᠯᠠᠭᠠᠯᠳᠠ᠂  ᠪᠡᠶ᠎ᠡ ᠰᠤᠪᠢᠯᠠᠯᠳᠠ᠂  ᠰᠡᠯᠡᠬᠦᠴᠡᠯ ᠵᠡᠷᠭᠡ ᠦᠢᠯᠡᠴᠢᠯᠡᠬᠡᠨ ᠤ ᠦᠢᠯᠡᠰ ᠤᠨ ᠲᠦᠷᠭᠡᠨ ᠬᠦᠭᠵᠢᠬᠦ   ᠶᠢ ᠠᠬᠢᠭᠤᠯᠤᠨ᠂ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠠᠮᠢ ᠠᠬᠤᠢ ᠶᠢᠨ ᠰᠤᠶᠤᠯ  ᠵᠢᠭᠤᠯᠴᠢᠯᠠᠯ ᠤᠨ ᠤᠷᠤᠨ ᠢ ᠡᠬᠦᠳᠦᠨ ᠪᠠᠶᠢᠭᠤᠯᠤᠨ᠎ᠠ᠃  ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ   ᠢ ᠲᠦᠷᠭᠡᠨ ᠭᠡᠷᠡᠭᠵᠢᠬᠦᠯᠵᠦ᠂  ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂  ︽ᠬᠤᠰᠢᠭᠤ ᠰᠤᠮᠤ ᠭᠠᠴᠠᠭ᠎ᠠ︾ ᠭᠤᠷᠪᠠᠨ ᠱᠠᠳᠤᠨ ᠤ ᠪᠤᠳᠠᠰ ᠤᠨ ᠬᠦᠢᠯᠬᠡᠬᠡᠨ ᠤ ᠰᠢᠰᠲ᠋ᠧᠮᠵᠢ ᠶᠢ ᠲᠡᠬᠦᠯᠳᠡᠷᠵᠢᠬᠦᠯᠦᠨ᠎ᠡ᠃      ᠭᠤᠷᠪᠠ ᠳᠤ᠂ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠢ  ᠲᠡᠭᠡᠭᠰᠢᠯᠡᠬᠦᠯᠵᠦ᠂ ᠴᠢᠨᠠᠷ ᠰᠠᠶᠢᠳᠠᠢ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂  ᠬᠤᠰᠢᠭᠤ ᠱᠠᠳᠤ ᠤᠷᠤᠨ ᠲᠤᠭᠤᠷᠢᠭ ᠤᠨ ᠬᠦᠭᠵᠢᠯᠳᠡ   ᠶᠢ ᠭᠤᠤᠯᠳᠠᠯᠭᠠᠳᠠᠢ  ᠠᠳᠬᠤᠬᠤ᠂ ᠰᠤᠮᠤ ᠰᠢᠶᠠᠩ ᠪᠠᠯᠭᠠᠰᠤ ᠤᠨᠴᠠᠯᠢᠭᠳᠤ ᠠᠵᠤ ᠦᠢᠯᠡᠰ ᠢ ᠭᠤᠤᠯᠳᠠᠯᠭᠠᠳᠠᠢ ᠠᠳᠬᠤᠬᠤ᠂ ᠭᠠᠴᠠᠭ᠎ᠠ ᠲᠤᠰᠬᠤᠨ ᠬᠠᠮᠳᠤ ᠶᠢᠨ ᠠᠵᠤ ᠠᠬᠤᠢ ᠶᠢ  ᠭᠤᠤᠯᠳᠠᠯᠭᠠᠳᠠᠢ ᠠᠳᠬᠤᠬᠤ ᠶᠢ ᠪᠠᠷᠢᠮᠳᠠᠯᠠᠨ᠂ ᠬᠤᠰᠢᠭᠤ ᠰᠢᠶᠠᠨ ᠪᠠ ᠬᠦᠳᠡᠭᠡ ᠲᠤᠰᠬᠤᠨ ᠤ ᠠᠵᠤ ᠠᠬᠤᠢ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠵᠤ ᠰᠢᠯᠢᠳᠡᠭᠵᠢᠬᠦᠯᠦᠨ᠎ᠡ᠃ ᠦᠵᠡᠰᠬᠦᠯᠡᠩᠳᠦ ᠬᠦᠳᠡᠭᠡ ᠶᠢᠨ ᠪᠦᠳᠦᠬᠡᠨ ᠪᠠᠶᠢᠭᠤᠯᠤᠯᠳᠠ ᠪᠠᠷ ᠭᠠᠷᠳᠠᠴᠠ ᠪᠤᠯᠭᠠᠨ᠂ ᠬᠤᠳᠠ ᠤᠰᠤᠨ ᠤ ︽ᠭᠤᠷᠪᠠ ᠶᠢ ᠴᠡᠪᠡᠷᠯᠡᠵᠦ ᠨᠢᠬᠡ ᠶᠢ ᠴᠡᠭᠴᠡᠯᠡᠬᠦ︾ ᠠᠵᠢᠯᠯᠠᠭ᠎ᠠ ᠶᠢ ᠪᠦᠬᠦ ᠲᠠᠯᠠᠪᠠᠷ ᠡᠬᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ ᠶᠢ ᠬᠦᠨᠵᠡᠬᠡᠢ ᠦᠷᠨᠢᠬᠦᠯᠦᠨ᠂ ᠨᠢᠬᠡ ᠪᠦᠯᠦᠭ ᠦᠪᠡᠷᠳᠡᠭᠡᠨ ᠵᠠᠰᠠᠬᠤ ᠤᠷᠤᠨ ᠤ ᠲᠡᠰ ᠤᠨ ᠦᠵᠡᠰᠬᠦᠯᠡᠩᠳᠦ ᠬᠦᠳᠡᠭᠡ ᠶᠢᠨ ᠵᠢᠱᠢᠶ᠎ᠡ ᠦᠵᠡᠬᠦᠯᠬᠦ ᠴᠡᠭ ᠢ ᠡᠬᠦᠳᠦᠨ ᠪᠠᠶᠢᠭᠤᠯᠤᠨ᠎ᠠ᠃ ᠭᠠᠵᠠᠷ  ᠰᠢᠷᠤᠢ ᠨᠤᠳᠤᠭ ᠪᠡᠯᠴᠢᠭᠡᠷ ᠤᠨ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠭᠤᠷᠪᠠ ᠡᠷᠭᠡ ᠶᠢ ᠰᠠᠯᠭᠠᠬᠤ︾ ᠤᠯᠠᠨ ᠵᠦᠢᠯ ᠤᠨ ᠪᠡᠶᠡᠯᠡᠭᠳᠡᠯ ᠤᠨ ᠭᠡᠯᠪᠡᠷᠢ ᠶᠢ ᠰᠦᠪᠡᠭᠴᠢᠯᠡᠨ᠂   ᠬᠠᠮᠳᠤ ᠶᠢᠨ ᠡᠬᠢ ᠪᠠᠶᠠᠯᠢᠭ᠂  ᠡᠳ᠋ ᠬᠦᠷᠦᠩᠬᠡ᠂ ᠪᠡᠯᠡ  ᠮᠦᠩᠬᠦ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ  ᠪᠦᠷᠢᠨᠰᠢᠬᠦᠯᠦᠨ᠎ᠡ᠃   ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂  4 ᠺᠢᠯᠤᠮᠧᠲᠷ ᠲᠤᠰᠤᠨ ᠵᠠᠮ ᠢ ᠰᠢᠨ᠎ᠡ ᠪᠠᠷ ᠪᠠᠶᠢᠭᠤᠯᠤᠨ᠂   4.2 ᠲᠦᠮᠡᠨ ᠬᠠᠪᠳᠠᠭᠠᠢ ᠲᠦᠷᠪᠡᠯᠵᠢᠨ ᠮᠧᠲᠷ ᠶᠠᠪᠠᠭᠠᠨ ᠤ ᠵᠠᠮ ᠢ  ᠬᠠᠳᠠᠭᠤᠷᠠᠭᠤᠯᠵᠤ᠂ 13  ᠺᠢᠯᠤᠮᠧᠲᠷ ᠭᠤᠤᠯ ᠵᠠᠮ ᠢ  ᠴᠠᠷᠳᠠᠨ ᠰᠠᠶᠢᠵᠢᠷᠠᠭᠤᠯᠵᠤ᠂ ᠵᠠᠮ ᠤᠨ ᠳ᠋ᠧᠩ 95 ᠶᠢ ᠤᠭᠰᠠᠷᠠᠨ᠎ᠠ᠃   ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠵᠠᠰᠠᠨ ᠦᠬᠡᠷᠡᠴᠢᠯᠡᠬᠦ ᠢᠨᠵᠧᠨᠧᠷᠢᠩ ᠢ ᠪᠡᠶᠡᠯᠡᠬᠦᠯᠵᠦ᠂ 5 ᠺᠢᠯᠤᠮᠧᠲᠷ ᠤᠰᠤ ᠬᠠᠩᠭᠠᠬᠤ ᠲᠤᠤᠷ ᠬᠤᠭᠤᠯᠠᠢ ᠶᠢ ᠰᠢᠨ᠎ᠡ ᠪᠠᠷ ᠤᠭᠰᠠᠷᠠᠬᠤ ᠪᠤᠶᠤ ᠦᠬᠡᠷᠡᠴᠢᠯᠡᠨ ᠰᠠᠶᠢᠵᠢᠷᠠᠭᠤᠯᠵᠤ᠂ ᠪᠤᠷᠤᠭᠠᠨ ᠤ ᠤᠰᠤ ᠤᠷᠤᠰᠬᠠᠬᠤ ᠲᠤᠤᠷ ᠬᠤᠭᠤᠯᠠᠢ 7 ᠺᠢᠯᠤᠮᠧᠲᠷ᠂  ᠪᠤᠬᠢᠷ ᠤᠰᠤ ᠭᠠᠳᠠᠭᠰᠢᠯᠠᠭᠤᠯᠬᠤ ᠲᠤᠤᠷ ᠬᠤᠭᠤᠯᠠᠢ 3.5 ᠺᠢᠯᠤᠮᠧᠲᠷ ᠤᠭᠰᠠᠷᠠᠨ᠎ᠠ᠃ ᠢᠯᠴᠢ ᠰᠤᠯᠢᠭᠳᠠᠭᠤᠯᠬᠤ ᠦᠷᠳᠡᠭᠡ 3 ᠶᠢ  ᠪᠠᠶᠢᠭᠤᠯᠵᠤ᠂ 7 ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠦᠬᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠪᠦᠯ ᠤᠨ ᠲᠤᠯᠠᠭᠠᠯᠠᠭ᠎ᠠ ᠶᠢ ᠪᠠᠳᠤᠯᠠᠨ᠎ᠠ᠃  500 ᠡᠷᠦᠬᠡ ᠶᠢᠨ ᠲᠦᠬᠦᠮ ᠪᠦᠳᠦᠬᠦᠯᠢᠭ ᠤᠷᠤᠨ ᠰᠠᠭᠤᠴᠠ  ᠳᠤ ᠦᠬᠡᠷᠡᠴᠢᠯᠡᠯᠳᠡ ᠬᠢᠵᠦ᠂  ᠶᠠᠩ ᠭᠤᠸᠠᠩ ᠲᠤᠭᠤᠷᠢᠭ ᠤᠨ ᠬᠤᠶᠠᠳᠤᠭᠠᠷ ᠪᠦᠯᠦᠭ ᠤᠨ 500 ᠭᠡᠷ ᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃  ᠪᠠᠷᠠᠭᠤᠨ ᠬᠦᠳᠦᠯ   ᠳᠠᠬᠢ ᠭᠡᠷ ᠪᠠᠶᠢᠰᠢᠩ ᠤᠨ ᠨᠤᠷᠠᠭᠠᠵᠤ ᠨᠡᠬᠦᠯᠬᠡᠬᠦ ᠠᠬᠢᠴᠠ ᠶᠢ ᠲᠦᠷᠭᠡᠳᠭᠡᠨ᠂  ᠰᠢ ᠱᠠᠨ ᠵᠠᠮ ᠤᠨ ᠪᠠᠶᠢᠭᠤᠯᠤᠯᠳᠠ ᠶᠢ ᠡᠬᠢᠯᠡᠨ᠂ ᠯᠦᠸᠧ ᠲᠦᠸᠧ ᠱᠠᠨ ᠵᠠᠮ ᠢ ᠨᠡᠪᠳᠡᠷᠡᠬᠦᠯᠵᠦ᠂ ᠬᠤᠳᠠ ᠶᠢᠨ ᠲᠤᠭᠤᠷᠢᠭ ᠤᠨ ᠵᠠᠮ ᠬᠠᠷᠢᠯᠴᠠᠭᠠᠨ ᠤ ᠲᠠᠷᠤᠯᠳᠠ ᠶᠢ ᠬᠦᠩᠬᠡᠷᠡᠬᠦᠯᠦᠨ᠎ᠡ᠃   ᠮᠠᠯᠵᠢᠬᠤ ᠲᠠᠷᠢᠶᠠᠯᠠᠬᠤ ᠤᠷᠤᠨ  ᠤ 170.2 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠ  ᠵᠠᠰᠠᠨ ᠰᠠᠶᠢᠵᠢᠷᠠᠭᠤᠯᠵᠤ᠂ 123.4 ᠺᠢᠯᠤᠮᠧᠲᠷ ᠵᠠᠰᠠᠮᠠᠯ ᠵᠠᠮ ᠳᠤ ᠠᠮᠤᠷ ᠲᠦᠪᠰᠢᠨ ᠤ ᠬᠠᠮᠠᠭᠠᠯᠠᠯᠳᠠ  ᠬᠢᠵᠦ᠂  ︽304︾ ᠮᠤᠵᠢ ᠶᠢᠨ ᠵᠠᠮ ᠤᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠬᠦᠯᠬᠦ ᠪᠠᠷ ᠴᠢᠷᠮᠠᠶᠢᠨ᠎ᠠ᠃  ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ︽ᠭᠤᠷᠪᠠᠨ ᠵᠤᠷᠪᠤᠰ ᠬᠤᠷᠢᠭ᠎ᠠ ᠱᠤᠭᠤᠮ︾ ᠤᠨ ᠪᠤᠭᠤᠮᠳᠠ ᠶᠢ ᠴᠢᠩᠭ᠎ᠠ ᠰᠠᠬᠢᠨ᠎ᠠ᠃ ᠤᠰᠤᠨ ᠠᠰᠢᠭᠯᠠᠯᠳᠠ ᠶᠢᠨ ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂  40 ᠬᠠᠪᠳᠠᠭᠠᠢ ᠲᠦᠷᠪᠡᠯᠵᠢᠨ ᠺᠢᠯᠤᠮᠧᠲᠷ ᠲᠤ  ᠪᠠᠭ᠎ᠠ ᠰᠠᠪᠠ ᠭᠠᠵᠠᠷ ᠤᠨ ᠵᠠᠰᠠᠯᠳᠠ ᠬᠢᠵᠦ᠂ ᠬᠤ᠋ ᠯᠤ᠋ ᠢᠤᠢ ᠭᠤᠤᠯ ᠤᠨ ᠦᠶᠡᠷ ᠰᠡᠷᠭᠡᠶᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ  ᠡᠬᠢᠯᠡᠬᠦᠯᠦᠨ᠎ᠡ᠃ 110 ᠺᠢᠯᠤᠸᠤᠯᠲ᠂ 35 ᠺᠢᠯᠤᠸᠤᠯᠲ   ᠤᠨ ᠴᠠᠬᠢᠯᠭᠠᠨ  ᠬᠤᠪᠢᠰᠬᠠᠬᠤ ᠦᠷᠳᠡᠭᠡ ᠲᠤᠰᠪᠤᠷᠢ 1 ᠶᠢ ᠪᠠᠶᠢᠭᠤᠯᠵᠤ᠂ 10 ᠺᠢᠯᠤᠸᠤᠯᠲ ᠪᠠ ᠲᠡᠬᠦᠨ ᠠᠴᠠ ᠪᠠᠭ᠎ᠠ ᠬᠦᠴᠦᠳᠡᠯᠳᠦ ᠴᠠᠬᠢᠯᠭᠠᠨ ᠱᠤᠭᠤᠮ ᠢ 172 ᠺᠢᠯᠤᠮᠧᠲᠷ ᠪᠠᠶᠢᠭᠤᠯᠤᠨ᠂ 22 ᠰᠠᠤᠷᠢ ᠴᠠᠬᠢᠯᠭᠠᠨ ᠬᠤᠪᠢᠰᠬᠠᠭᠤᠷ ᠤᠭᠰᠠᠷᠠᠵᠤ᠂ 2.6 ᠲᠦᠮᠡᠨ ᠢᠵᠢ ᠬᠠᠭᠤᠴᠢᠨ ᠬᠡᠮᠵᠢᠯᠳᠡ ᠶᠢᠨ ᠲᠦᠬᠦᠭᠡᠷᠦᠮᠵᠢ ᠶᠢ  ᠦᠬᠡᠷᠡᠴᠢᠯᠡᠨ ᠰᠠᠶᠢᠵᠢᠷᠠᠭᠤᠯᠤᠨ᠎ᠠ᠃ 5G  ᠰᠦᠯᠵᠢᠶ᠎ᠡ ᠶᠢᠨ ᠲᠤᠷᠰᠢᠯᠳᠠ ᠶᠢᠨ ᠠᠵᠢᠯ ᠢ ᠪᠦᠬᠦ ᠠᠶᠢᠮᠠᠭ ᠲᠤ ᠬᠠᠮᠤᠭ ᠤᠷᠢᠳᠠᠪᠠᠷ ᠬᠢᠬᠦ ᠪᠠᠷ ᠴᠢᠷᠮᠠᠶᠢᠨ᠎ᠠ᠃   ᠲᠦᠷᠪᠡ ᠳᠤ᠂  ᠨᠡᠶᠢᠬᠡᠮ ᠤᠨ ᠦᠢᠯᠡᠰ ᠠᠷᠠᠳ ᠤᠨ ᠠᠮᠢᠳᠤᠷᠠᠯ ᠤᠨ ᠪᠦᠳᠦᠬᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂  ᠠᠷᠠᠳ ᠲᠦᠮᠡᠨ ᠤ ᠴᠢᠨᠠᠷ ᠰᠠᠶᠢᠳᠠᠢ ᠠᠮᠢᠳᠤᠷᠠᠯ ᠤᠨ  ᠱᠠᠭᠠᠷᠳᠠᠯᠭ᠎ᠠ ᠶᠢ ᠬᠠᠩᠭᠠᠬᠤ ᠭᠡᠷᠡᠭᠳᠡᠢ᠃   ᠵᠢᠯ  ᠳᠤ 1 ᠲᠦᠮᠡᠨ ᠠᠵᠢᠯ ᠤᠨ ᠪᠠᠶᠢᠷᠢ  ᠡᠯᠰᠡᠨ᠂  1500  ᠨᠡᠷ᠎ᠡ ᠬᠤᠳᠠ ᠪᠠᠯᠭᠠᠰᠤᠨ ᠤ ᠡᠯ᠎ᠡ ᠲᠦᠷᠦᠯ ᠤᠨ ᠬᠦᠮᠦᠨ   ᠳᠤ ᠠᠵᠢᠯ ᠲᠤᠬᠢᠷᠠᠭᠤᠯᠵᠤ᠂ ᠦᠢᠯᠡᠰ ᠪᠦᠳᠦᠬᠡᠬᠦ ᠪᠤᠯᠪᠠᠰᠤᠷᠠᠯ ᠤᠨ ᠡᠷᠴᠢᠮ ᠢ  ᠴᠢᠩᠭᠠᠷᠠᠭᠤᠯᠤᠨ᠂ 1500 ᠲᠦᠮᠡᠨ ᠲᠦᠬᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ   ᠶᠢ ᠲᠠᠷᠠᠬᠠᠭᠠᠨ᠂  ᠦᠢᠯᠡᠰ ᠪᠦᠳᠦᠬᠡᠬᠦ ᠪᠠᠷ 500 ᠬᠦᠮᠦᠨ  ᠢ ᠲᠠᠶᠢᠴᠢᠯᠠᠵᠤ ᠠᠵᠢᠯ ᠤᠯᠭᠤᠨ᠎ᠠ᠃  ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ  ᠪᠦᠬᠦ ᠲᠠᠯᠠᠪᠠᠷ ᠰᠠᠶᠢᠵᠢᠷᠠᠭᠤᠯᠬᠤ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ ᠨᠢᠮᠪᠠᠢ ᠨᠠᠶᠢᠳᠠᠪᠤᠷᠢᠵᠢᠭᠤᠯᠵᠤ᠂  ᠬᠢᠴᠢᠶᠡᠯ ᠲᠦᠷᠦᠯ   ᠳᠤ ᠪᠠᠴᠢᠮ ᠱᠠᠭᠠᠷᠳᠠᠭᠳᠠᠵᠤ ᠪᠠᠶᠢᠭ᠎ᠠ ᠪᠠᠭᠰᠢ 30 ᠬᠦᠮᠦᠨ ᠢ  ᠡᠯᠰᠡᠨ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ ᠵᠦᠪᠰᠢᠶᠡᠷᠡᠬᠦ ᠪᠠᠷᠢᠮᠵᠢᠶ᠎ᠠ ᠪᠠ ᠡᠷᠬᠢᠯᠡᠬᠦ ᠠᠵᠢᠯᠯᠠᠭ᠎ᠠ ᠶᠢ ᠤᠯᠠᠮ ᠨᠢᠬᠡ ᠠᠯᠬᠤᠮ ᠲᠦᠷᠢᠮᠵᠢᠬᠦᠯᠦᠨ᠎ᠡ᠃   20 ᠰᠠᠭᠤᠷᠢ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠦᠷᠦᠭᠡ ᠶᠢ ᠰᠢᠨ᠎ᠡ ᠪᠠᠷ ᠪᠠᠶᠢᠭᠤᠯᠤᠨ᠂ 42 ᠰᠠᠭᠤᠷᠢ ᠶᠢ ᠰᠡᠯᠪᠢᠨ ᠵᠠᠰᠠᠵᠤ᠂  60 ᠨᠡᠷ᠎ᠡ ᠡᠮᠨᠡᠯᠬᠡ ᠶᠢᠨ ᠠᠵᠢᠯᠳᠠᠨ ᠢ ᠭᠠᠳᠠᠭᠰᠢ ᠲᠤᠮᠢᠯᠠᠨ ᠪᠤᠯᠪᠠᠰᠤᠷᠠᠭᠤᠯᠵᠤ  ᠂ 20 ᠲᠤᠰᠬᠠᠢ ᠮᠡᠷᠭᠡᠵᠢᠯ  ᠤᠨ ᠠᠵᠢᠯᠳᠠᠨ ᠢ ᠡᠯᠰᠡᠵᠦ  ᠭᠡᠷᠡᠭᠯᠡᠨ᠎ᠡ᠃  ᠤᠨᠳᠤᠤ ᠭᠠᠵᠠᠷ ᠲᠤ ᠡᠮᠨᠡᠬᠦᠯᠬᠦ ᠳᠤ ᠰᠢᠭᠤᠳ ᠲᠠᠩᠰᠠ  ᠴᠠᠶᠢᠷᠠᠭᠤᠯᠬᠤ ᠠᠵᠢᠯ ᠢ ᠪᠦᠬᠦ ᠲᠠᠯᠠᠪᠠᠷ ᠲᠦᠯᠬᠢᠨ ᠠᠬᠢᠭᠤᠯᠤᠨ᠎ᠠ᠃  ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠤ᠂ ᠦᠪᠡᠷᠳᠡᠭᠡᠨ ᠵᠠᠰᠠᠬᠤ ᠤᠷᠤᠨ ᠤ ᠡᠷᠡᠬᠦᠯ ᠮᠡᠨᠳᠦ ᠶᠢ ᠠᠬᠢᠭᠤᠯᠬᠤ ᠵᠢᠱᠢᠶ᠎ᠡ ᠦᠵᠡᠬᠦᠯᠬᠦ ᠬᠤᠰᠢᠭᠤ ᠰᠢᠶᠠᠨ ᠬᠢᠭᠡᠳ ᠦᠪᠡᠷᠳᠡᠭᠡᠨ ᠵᠠᠰᠠᠬᠤ ᠤᠷᠤᠨ ᠤ ᠤᠳᠠᠭᠠᠨ ᠴᠢᠨᠠᠷᠳᠠᠢ ᠡᠪᠡᠳᠴᠢᠨ ᠤ ᠵᠢᠱᠢᠶ᠎ᠡ ᠦᠵᠡᠬᠦᠯᠬᠦ ᠬᠤᠰᠢᠭᠤ ᠰᠢᠶᠠᠨ ᠤ  ᠡᠬᠦᠳᠦᠨ ᠪᠠᠶᠢᠭᠤᠯᠤᠯᠳᠠ ᠶᠢ ᠬᠢᠬᠦ ᠪᠠᠷ ᠢᠳᠡᠪᠬᠢᠳᠡᠢ ᠡᠷᠡᠮᠡᠯᠵᠡᠯᠡᠨ᠎ᠡ᠃  ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯᠠᠪᠠᠷ ᠭᠡᠷᠡᠭᠵᠢᠬᠦᠯᠵᠦ᠂  ᠡᠯ᠎ᠡ ᠲᠦᠷᠦᠯ ᠤᠨ ᠨᠡᠶᠢᠬᠡᠮ ᠤᠨ ᠲᠠᠭᠠᠳᠬᠠᠯ ᠳᠤ ᠤᠷᠤᠯᠴᠠᠬᠤ ᠬᠦᠮᠦᠨ ᠲᠤᠭ᠎ᠠ ᠶᠢ 1500 ᠠᠴᠠ ᠲᠡᠭᠡᠭᠰᠢ ᠨᠡᠮᠡᠭᠳᠡᠬᠦᠯᠦᠨ᠎ᠡ᠃ ᠡᠳ᠋ ᠤᠨ ᠵᠠᠰᠠᠭ ᠤᠨ ᠪᠠᠶᠢᠳᠠᠯ ᠢᠶᠠᠨ ᠦᠵᠡᠵᠦ ᠪᠠᠶᠢᠭᠠᠳ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠠ ᠡᠯ᠎ᠡ ᠲᠦᠷᠦᠯ ᠤᠨ  ᠠᠰᠠᠷᠠᠮᠵᠢ ᠬᠠᠷᠠᠭᠠᠯᠵᠠᠯ ᠤᠨ ᠲᠦᠷᠦ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠨᠴᠠ ᠬᠦᠴᠢᠷᠳᠡᠢ ᠬᠦᠮᠦᠰ᠂ ᠠᠰᠠᠷᠠᠨ ᠬᠠᠷᠠᠭᠠᠯᠵᠠᠬᠤ ᠨᠢᠭᠤᠷᠯᠠᠯ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠤ᠂ ᠤᠨᠴᠠ ᠬᠦᠴᠢᠷᠳᠡᠢ ᠪᠦᠯᠦᠭᠯᠡᠯ ᠤᠨ ᠠᠪᠤᠷᠠᠨ ᠲᠤᠰᠠᠯᠠᠬᠤ ᠠᠵᠢᠯ ᠢ ᠰᠠᠶᠢᠨ ᠬᠢᠨ᠎ᠡ᠃   ᠤᠯᠠᠨ ᠨᠡᠶᠢᠳᠡ  ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢ ᠲᠡᠬᠦᠯᠳᠡᠷᠵᠢᠬᠦᠯᠵᠦ᠂ ᠤᠯᠠᠭᠠᠨᠮᠦ᠋ᠴᠢᠷ ᠤᠨ ᠤᠷᠠᠯᠢᠭ ᠤᠨ ᠲᠦᠪ ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂ ︽ ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠤᠨ ᠦᠢᠯᠡᠳᠦᠯ ᠢ ᠤᠯᠠᠮ ᠰᠠᠶᠢᠨ ᠪᠠᠳᠠᠷᠠᠭᠤᠯᠤᠨ᠎ᠠ᠃  ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ  ᠢ   ᠬᠦᠨᠵᠡᠭᠡᠶᠢᠷᠡᠬᠦᠯᠦᠨ᠂  ᠲᠠᠷᠤᠭᠳᠠᠭᠰᠠᠨ ᠭᠡᠷᠡᠭ ᠢ ᠲᠦᠪᠯᠡᠷᠡᠬᠦᠯᠦᠨ ᠰᠢᠢᠳᠪᠦᠷᠢᠯᠡᠵᠦ᠂ ︽ᠬᠠᠮᠠᠭᠠᠯᠠᠯᠳᠠ ᠶᠢᠨ ᠰᠢᠬᠦᠷ︾  ᠢ ᠡᠷᠡᠰ ᠪᠠᠶᠢᠴᠠᠭᠠᠵᠤ ᠰᠢᠳᠬᠡᠨ᠂ ︽ᠱᠠᠯᠢᠭ  ᠵᠦᠢᠯ᠂  ᠮᠦᠷᠦᠢ ᠲᠠᠢ ᠲᠤᠭᠯᠠᠭᠠᠮ᠂ ᠬᠤᠤᠷᠠᠳᠤ ᠡᠳ᠋︾᠂ ︽ᠬᠤᠯᠠᠭᠠᠢ ᠲᠡᠭᠡᠷᠡᠮ ᠮᠡᠭᠡᠯᠡᠯ︾   ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠤᠷᠤᠨ ᠤ ᠬᠠᠮᠢᠶᠠᠷᠤᠯᠳᠠ ᠶᠢ ᠴᠢᠩᠭᠠᠳᠬᠠᠨ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃      ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠤᠨᠤᠭ᠎ᠠ  ᠪᠠᠷ ᠰᠢᠢᠳᠬᠦ ᠲᠦᠷᠢᠮ ᠤᠨ ᠲᠤᠷᠰᠢᠨ ᠭᠡᠷᠡᠭᠵᠢᠬᠦᠯᠬᠦ ᠠᠵᠢᠯ ᠢ ᠢᠳᠡᠪᠬᠢᠳᠡᠢ ᠰᠠᠶᠢᠨ ᠠᠳᠬᠤᠵᠤ᠂ ᠤᠯᠠᠨ ᠲᠦᠮᠡᠨ ᠤ ᠠᠰᠢᠭ ᠲᠤᠰᠠ ᠳᠤ ᠬᠤᠯᠪᠤᠭᠳᠠᠭᠰᠠᠨ ᠠᠷᠠᠳ ᠲᠦ᠋ ᠲᠦᠬᠦᠮ ᠦᠵᠡᠬᠦᠯᠬᠦ ᠪᠤᠳᠠᠳᠠᠢ ᠠᠵᠢᠯ ᠢ ᠰᠠᠶᠢᠨ ᠬᠢᠬᠦ ᠪᠠᠷ ᠴᠢᠷᠮᠠᠶᠢᠨ᠎ᠠ ᠄ ᠨᠢᠬᠡ ᠳᠤ᠂  ᠪᠤᠤᠴᠠᠩ ᠤᠨ ᠰᠢᠨ᠎ᠡ ᠲᠤᠭᠤᠷᠢᠭ ᠲᠤ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠢᠯᠦᠬᠡᠳᠦ ᠲᠡᠯᠬᠡᠬᠦᠷ 1 ᠶᠢ ᠪᠠᠶᠢᠭᠤᠯᠵᠤ᠂ ᠰᠢᠨ᠎ᠡ ᠲᠤᠭᠤᠷᠢᠭ ᠲᠤ ᠴᠢᠯᠦᠬᠡᠳᠦ ᠲᠡᠯᠬᠡᠬᠦᠷ ᠦᠬᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ  ᠲᠤ᠂  ᠰᠢᠨ ᠬᠤᠸᠠ  ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠲᠦᠪ ᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠲᠤ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ  ᠳᠤ᠂ ᠪᠤᠤᠴᠠᠩ ᠪᠠᠯᠭᠠᠰᠤᠨ ᠳᠤ ᠤᠰᠤᠨ ᠲᠠᠳᠠᠭᠤᠷᠳᠤ ᠵᠤᠷᠯᠤᠩ 10 ᠶᠢ ᠰᠢᠨ᠎ᠡ ᠪᠠᠷ ᠪᠠᠶᠢᠭᠤᠯᠵᠤ᠂ ᠬᠠᠭᠤᠴᠢᠨ ᠲᠤᠭᠤᠷᠢᠭ ᠤᠨ ᠵᠤᠷᠯᠤᠩ ᠤᠨ ᠰᠠᠯᠠᠩ ᠪᠤᠵᠠᠷ ᠦᠵᠡᠭᠳᠡᠯ ᠪᠠ ᠰᠢᠨ᠎ᠡ ᠲᠤᠭᠤᠷᠢᠭ   ᠲᠤ ᠤᠰᠤᠨ ᠲᠠᠳᠠᠭᠤᠷᠳᠤ ᠵᠤᠷᠯᠤᠩ ᠦᠬᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃  ᠲᠦᠷᠪᠡ ᠳᠤ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠵᠤ᠂ ᠪᠦᠬᠦ ᠬᠤᠰᠢᠭᠤᠨ ᠳᠤ ᠡᠮᠡᠭᠳᠡᠶᠢᠴᠤᠳ ᠬᠡᠦᠬᠡᠳ ᠤᠨ ᠦᠨᠳᠦᠰᠦᠨ  ᠡᠮᠴᠢᠯᠡᠬᠡᠨ ᠤ  ᠦᠢᠯᠡᠴᠢᠯᠡᠭᠡ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ 5 ᠬᠠᠭᠤᠴᠢᠨ ᠰᠠᠭᠤᠭᠠᠯᠢ ᠲᠤᠭᠤᠷᠢᠭ ᠲᠤ ᠲᠡᠰ ᠲᠡᠪᠰᠢᠬᠦᠯᠵᠦ ᠰᠢᠨᠡᠳᠭᠡᠬᠦ  ᠢᠨᠵᠧᠨᠧᠷᠢᠩ ᠭᠡᠷᠡᠭᠵᠢᠬᠦᠯᠵᠦ  ᠂  ᠭᠡᠰᠡᠭ ᠰᠠᠭᠤᠭᠠᠯᠢ ᠲᠤᠭᠤᠷᠢᠭ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠮᠠᠭᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠵᠢᠷᠭᠤᠭ᠎ᠠ ᠳᠤ᠂ 53 ᠭᠠᠴᠠᠭ᠎ᠠ ᠲᠤᠰᠬᠤᠨ ᠳᠤ ᠲᠦᠭᠡᠭᠡᠯ ᠤᠰᠤᠨ ᠤ ᠦᠬᠡᠷᠡᠴᠢᠯᠡᠯᠳᠡ ᠵᠠᠰᠠᠯᠳᠠ ᠶᠢᠨ ᠢᠨᠵᠧᠨᠧᠷᠢᠩ ᠢ ᠭᠡᠷᠡᠭᠵᠢᠬᠦᠯᠵᠦ᠂ 23 ᠭᠠᠴᠠᠭ᠎ᠠ ᠲᠤᠰᠬᠤᠨ ᠳᠤ  ᠹᠯᠤᠷ ᠠᠷᠢᠯᠭᠠᠬᠤ ᠲᠦᠬᠦᠭᠡᠷᠦᠮᠵᠢ ᠤᠭᠰᠠᠷᠠᠨ᠂ 11506 ᠬᠦᠮᠦᠨ ᠤ ᠴᠡᠪᠡᠷ ᠲᠤᠩᠭᠠᠯᠠᠭ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃         ᠬᠤ᠋ ᠴᠧᠩ ᠳ᠋ᠦᠩ  ᠢᠯᠡᠳᠭᠡᠯ ᠤᠨ ᠢᠶᠠᠨ ᠬᠠᠮᠤᠭ ᠰᠡᠬᠦᠯ ᠳᠤᠨᠢ  ᠬᠡᠯᠡᠬᠦ ᠳᠡᠭᠡᠨ᠂  ︽ᠵᠤᠯ ᠵᠢᠷᠭᠠᠯ ᠨᠢ ᠪᠦᠷ ᠴᠢᠷᠮᠠᠶᠢᠯᠭ᠎ᠠ ᠪᠠᠷ ᠲᠠᠮᠵᠢᠭᠠᠳ ᠢᠷᠡᠳᠡᠭ ᠶᠤᠮ︾᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ  ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠦᠵᠡᠯ ᠰᠠᠨᠠᠭ᠎ᠠ ᠪᠠᠨ ᠴᠢᠯᠦᠬᠡᠯᠡᠨ᠂ ᠵᠠᠮ ᠨᠡᠬᠡᠬᠡᠨ ᠰᠢᠨ᠎ᠡ ᠶᠢ ᠡᠬᠦᠳᠴᠦ᠂ ᠡᠷᠡᠰ ᠰᠢᠢᠳᠮᠡᠬᠡᠢ ᠤᠷᠤᠭᠰᠢᠯᠠᠨ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂  ᠵᠤᠷᠢᠭᠰᠠᠨ ᠳᠠᠭᠠᠨ ᠬᠦᠷᠳᠡᠭ ᠵᠤᠷᠢᠭᠳᠠᠢ ᠬᠦᠮᠦᠨ ᠪᠤᠯᠬᠤ ᠪᠠᠷ ᠴᠢᠷᠮᠠᠶᠢᠵᠤ᠂ ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠲᠤ ᠪᠡᠯᠡᠭ ᠡᠷᠬᠦᠵᠡᠬᠡᠶ᠎ᠡ ᠬᠡᠪᠡ᠃       ᠬᠤᠷᠠᠯᠳᠤᠭᠠᠨ ᠠᠴᠠ ︽ᠲᠠᠶᠢᠹᠤᠰᠧ ᠬᠤᠰᠢᠭᠤᠨ ᠤ 2018 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ ᠶᠢ ᠭᠡᠷᠡᠭᠵᠢᠬᠦᠯᠦᠭᠰᠡᠨ ᠪᠠᠶᠢᠳᠠᠯ ᠵᠢᠴᠢ 2019 ᠤᠨ ᠤ ᠤᠯᠤᠰ ᠠᠷᠠᠳ  ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ   ᠶᠢᠨ ᠡᠬᠢ ᠨᠤᠤᠷᠠᠭ ᠤᠨ ᠲᠤᠬᠠᠢ ᠮᠡᠳᠡᠬᠦᠯᠦᠯᠳᠡ ︾᠂ ︽ ᠲᠠᠶᠢᠹᠤᠰᠧ ᠬᠤᠰᠢᠭᠤᠨ ᠤ 2018 ᠤᠨ ᠤ  ᠡᠳ᠋ ᠤᠨ ᠵᠠᠰᠠᠭ ᠤᠨ ᠲᠦᠰᠦᠪ ᠢ ᠭᠡᠷᠡᠭᠵᠢᠬᠦᠯᠦᠭᠰᠡᠨ ᠪᠠᠶᠢᠳᠠᠯ ᠵᠢᠴᠢ 2019 ᠡᠳ᠋ ᠤᠨ ᠵᠠᠰᠠᠭ ᠤᠨ ᠲᠦᠰᠦᠪ ᠤᠨ ᠡᠬᠢ ᠨᠤᠤᠷᠠᠭ ᠤᠨ ᠲᠤᠬᠠᠢ ᠮᠡᠳᠡᠬᠦᠯᠦᠯᠳᠡ︾   ᠶᠢ ᠪᠢᠴᠢᠭ ᠤᠨ ᠬᠡᠯᠪᠡᠷᠢ ᠪᠠᠷ ᠬᠢᠨᠠᠨ ᠪᠠᠶᠢᠴᠠᠭᠠᠵᠠᠢ᠃      ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ   ᠤ ᠪᠦᠬᠦ ᠲᠦᠯᠦᠭᠡᠯᠡᠭᠴᠢ ᠬᠤᠷᠠᠯ ᠳᠤ ᠤᠷᠤᠯᠴᠠᠵᠤ᠂  ᠬᠤᠰᠢᠭᠤ ᠬᠠᠷᠢᠶ᠎ᠠ ᠨᠠᠮ ᠵᠠᠰᠠᠭ ᠤᠨ ᠪᠠᠶᠢᠭᠤᠯᠤᠯᠭ᠎ᠠ᠂  ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠡ᠂  ᠲᠠᠶᠢᠹᠤᠰᠧ ᠳᠤ ᠰᠠᠭᠤᠭ᠎ᠠ ᠡᠯ᠎ᠡ ᠨᠢᠬᠡᠴᠡ ᠶᠢᠨ ᠬᠠᠷᠢᠭᠤᠴᠠᠯᠭᠠᠳᠠᠨ ᠪᠠ ᠣᠯᠣᠰ ᠲᠥᠷᠤ ᠶᠢᠨ ᠵᠥᠪᠯᠡᠯᠭᠡᠨ ᠤ ᠲᠠᠶᠢᠹᠣᠰᠧ ᠬᠤᠰᠢᠭᠤᠨ ᠤ ᠠᠷᠪᠠᠳᠤᠭᠠᠷ ᠬᠤᠭᠤᠴᠠᠭᠠᠨ ᠤ  ᠬᠤᠷᠢᠶ᠎ᠠ ᠶᠢᠨ ᠬᠤᠶᠠᠳᠤᠭᠠᠷ ᠬᠤᠷᠠᠯ ᠳᠤ ᠤᠷᠤᠯᠴᠠᠭᠰᠠᠨ  ᠪᠦᠬᠦ ᠬᠡᠰᠢᠬᠦᠳ ᠬᠤᠷᠠᠯ ᠳᠤ ᠰᠤᠯᠠ ᠤᠷᠤᠯᠴᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号