ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠬᠢᠭᠡᠳ ᠰᠢ ᠶᠢᠨ ᠫᠢᠩ ᠶᠡᠷᠦᠩᠬᠡᠢ ᠱᠦᠵᠢ | ᠶᠢᠨ ᠡᠮᠡᠭᠳᠡᠶᠢᠴᠤᠳ ᠤᠨ ᠦᠢᠯᠡᠰ ᠪᠠ ᠡᠮᠡᠭᠳᠡᠶᠢᠴᠤᠳ ᠤᠨ ᠬᠤᠯᠪᠤᠭᠠᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ | ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠲᠤᠮᠳᠠᠳᠤ ᠤᠯᠤᠰ ᠤᠨ ᠡᠮᠡᠭᠳᠡᠴᠢᠤᠳ ᠤᠨ ᠠᠷᠪᠠᠨ ᠬᠤᠶᠠᠳᠤᠭᠠᠷ | ᠬᠤᠭᠤᠴᠠᠭᠠᠨ ᠤ ᠶᠡᠭᠡ ᠬᠤᠷᠠᠯ ᠲᠡᠭᠡᠷ᠎ᠡ ᠲᠤᠭᠳᠠᠭᠰᠠᠨ ᠡᠬᠦᠷᠭᠡ ᠬᠠᠷᠠᠯᠳᠠ ᠶᠢ ᠨᠠᠶᠢᠳᠠᠪᠤᠷᠢᠵᠢᠭᠤᠯᠬᠤ ᠶᠢᠨ ᠲᠦᠯᠦᠬᠡ᠂ ︽ | 3.8︾ ᠤ ᠲᠡᠯᠡᠬᠡᠢ ᠶᠢᠨ ᠡᠮᠡᠭᠳᠡᠶᠢᠴᠤᠳ ᠤᠨ ᠪᠠᠶᠠᠷ ᠢ ᠪᠡᠯᠭᠡᠯᠡᠬᠦ ᠰᠠᠶᠢᠰᠢᠶᠠᠨ ᠬᠦᠭᠢᠬᠦᠯᠬᠦ ᠶᠡᠭᠡ ᠬᠤᠷᠠᠯ | ᠬᠤᠷᠠᠯᠳᠤᠭᠤᠯᠪᠠ᠃ | | 3 ᠰᠠᠷ᠎ᠠ ᠶᠢᠨ 6 ᠤ ᠡᠳᠦᠷ᠂ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ︽3.8︾ ᠤ | ᠲᠡᠯᠡᠬᠡᠢ ᠶᠢᠨ ᠡᠮᠡᠭᠳᠡᠶᠢᠴᠤᠳ ᠤᠨ ᠪᠠᠶᠠᠷ ᠢ ᠪᠡᠯᠭᠡᠯᠡᠬᠦ ᠰᠠᠶᠢᠰᠢᠶᠠᠨ ᠬᠦᠭᠢᠬᠦᠯᠬᠦ ᠶᠡᠭᠡ ᠬᠤᠷᠠᠯ ᠵᠢᠴᠢ ᠡᠮᠡᠭᠳᠡᠶᠢᠴᠤᠳ ᠤᠨ | ᠰᠡᠳᠬᠢᠴᠡ ᠶᠢᠨ ᠡᠷᠡᠬᠦᠯ ᠢ ᠬᠠᠮᠠᠭᠠᠯᠠᠬᠤ ᠮᠡᠳᠡᠯᠬᠡ ᠶᠢᠨ ᠲᠠᠶᠢᠯᠤᠮᠵᠢ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠴᠢᠶᠤᠤ ᠵᠢᠶᠠᠨ ᠴᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠸᠦ ᠫᠸᠢ ᠯᠦᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠸᠧᠢ ᠬᠤᠩ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠵᠢᠢ | ᠰᠢᠨ ᠬᠤᠸᠠ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠴᠠᠩ ᠪᠤᠤ ᠵᠦᠩ᠂ ᠯᠢ ᠵᠠᠨ ᠪᠤᠤ᠂ ᠬᠤᠰᠢᠭᠤ | ᠤᠯᠤᠰ ᠤᠨ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠲᠦᠩ ᠢᠤᠢ ᠴᠢᠨ᠂ ᠬᠤᠰᠢᠭᠤ ᠡᠮᠡᠭᠳᠡᠶᠢᠴᠤᠳ ᠤᠨ | ᠬᠤᠯᠪᠤᠭᠠᠳᠤ ᠬᠤᠷᠠᠯ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠤ᠂ ᠪᠦᠬᠦ ᠬᠤᠰᠢᠭᠤᠨ ᠤ ᠡᠯ᠎ᠡ ᠠᠵᠢᠯ ᠤᠨ | ᠹᠠᠷᠤᠨᠲ ᠠᠴᠠ ᠢᠷᠡᠭᠰᠡᠨ 200 ᠰᠢᠬᠠᠮ ᠬᠦᠮᠦᠨ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ | | ᠴᠢᠶᠤᠤ ᠵᠢᠶᠠᠨ ᠴᠢᠶᠠᠩ ᠬᠤᠷᠠᠯ ᠲᠡᠭᠡᠷ᠎ᠡ ᠵᠢᠭᠠᠵᠤ ᠭᠠᠷᠭᠬᠤ ᠳᠠᠭᠠᠨ᠂ ᠡᠮᠡᠭᠳᠡᠶᠢᠴᠤᠳ ᠤᠨ ᠬᠤᠯᠪᠤᠭᠠᠳᠤ | ᠬᠤᠷᠠᠯ ᠨᠢ ᠬᠤᠰᠢᠭᠤ ᠨᠠᠮ ᠵᠠᠰᠠᠭ ᠠᠴᠠ ᠡᠮᠡᠭᠳᠡᠢ ᠤᠯᠠᠨ ᠲᠦᠮᠡᠨ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠪᠤᠯᠤᠭᠰᠠᠨ | ᠤ ᠬᠤᠪᠢ ᠳᠤ᠂ ᠤᠯᠤᠰ ᠲᠦᠷᠦ ᠶᠢᠨ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠵᠦ᠂ ᠦᠷᠭᠡᠨ ᠤᠯᠠᠨ | ᠡᠮᠡᠭᠳᠡᠶᠢᠴᠤᠳ ᠢᠶᠠᠨ ᠪᠦᠯᠬᠦᠮᠳᠡᠬᠦᠯᠦᠨ᠂ ᠨᠠᠮ ᠤᠨ ᠢᠶᠠᠨ ᠦᠬᠡ ᠶᠢ ᠰᠤᠨᠤᠰᠴᠤ ᠨᠠᠮ ᠢᠶᠠᠨ ᠲᠠᠭᠠᠨ ᠠᠯᠬᠤᠵᠤ᠂ ᠦᠷᠭᠡᠨ | ᠤᠯᠠᠨ ᠡᠮᠡᠭᠳᠡᠶᠢᠴᠤᠳ ᠢ ᠵᠢᠯᠤᠭᠤᠳᠤᠨ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ | ᠦᠢᠯᠡᠳᠦᠯᠬᠡᠵᠢᠬᠦᠯᠵᠦ᠂ ᠦᠷᠭᠡᠨ ᠤᠯᠠᠨ ᠡᠮᠡᠭᠳᠡᠶᠢᠴᠤᠳ ᠢ ᠲᠠᠭᠠᠭᠤᠯᠤᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ | ᠠᠮᠵᠢᠯᠳᠠ ᠭᠠᠪᠢᠶ᠎ᠠ ᠪᠠᠶᠢᠭᠤᠯᠤᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠡᠮᠡᠭᠳᠡᠶᠢᠴᠤᠳ ᠤᠨ ᠦᠢᠯᠡᠰ ᠤᠨ ᠪᠦᠬᠦ ᠲᠠᠯᠠᠪᠠᠷ ᠡᠷᠡᠬᠦᠯ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ ᠬᠡᠪᠡ᠃ | | ᠬᠤᠷᠠᠯ ᠲᠡᠭᠡᠷ᠎ᠡ᠂ ᠡᠮᠡᠭᠳᠡᠶᠢᠴᠤᠳ ᠤᠨ ᠠᠵᠢᠯ ᠤᠨ ᠲᠡᠷᠢᠬᠦᠨ ᠤ ᠨᠢᠬᠡᠴᠡ ᠪᠠ ᠬᠤᠪᠢ ᠬᠦᠮᠦᠨ ᠳᠤ ᠢᠷᠠᠭᠤ | ᠠᠯᠳᠠᠷ ᠤᠨ ᠴᠤᠯᠠ ᠤᠯᠭᠤᠨ ᠰᠠᠶᠢᠰᠢᠶᠠᠨ ᠭᠦᠬᠢᠬᠦᠯᠵᠦ᠂ ᠲᠡᠳᠡᠨ ᠤ ᠢᠷᠠᠭᠤ ᠠᠯᠳᠠᠷ ᠢᠶᠠᠨ ᠡᠷᠬᠢᠮᠨᠡᠨ᠂ ᠵᠠᠮ | ᠨᠡᠭᠡᠭᠡᠨ ᠰᠢᠨ᠎ᠡ ᠶᠢ ᠡᠬᠦᠳᠴᠦ᠂ ᠨᠡᠩ ᠶᠡᠭᠡ ᠠᠮᠵᠢᠯᠳᠠ ᠭᠠᠪᠢᠶ᠎ᠠ ᠪᠠᠶᠢᠭᠤᠯᠬᠤ ᠶᠢ ᠨᠢ ᠵᠤᠷᠢᠬᠵᠢᠭᠤᠯᠤᠭᠰᠠᠨ ᠪᠦᠬᠡᠳ ᠪᠦᠬᠦ | ᠬᠤᠰᠢᠭᠤᠨ ᠤ ᠡᠮᠡᠭᠳᠡᠶᠢᠴᠤᠳ ᠢ ᠡᠳᠡᠭᠡᠷ ᠬᠦᠮᠦᠰ ᠢᠶᠠᠷ ᠦᠯᠢᠬᠡᠷ ᠲᠠᠭᠤᠷᠢᠶᠠᠯ ᠪᠤᠯᠭᠠᠨ᠂ ᠲᠡᠳᠡᠨ ᠤ ᠰᠢᠷᠭᠠᠭᠤ | ᠬᠠᠳᠠᠭᠤᠵᠢᠯᠳᠠᠢ ᠵᠤᠷᠢᠭ ᠰᠠᠨᠠᠭ᠎ᠠ ᠪᠠ ᠡᠷᠬᠢᠮ ᠨᠠᠨᠳᠢᠨ ᠵᠠᠩ ᠮᠤᠷᠠᠯ ᠠᠴᠠ ᠲᠠᠭᠠᠨ ᠰᠤᠷᠤᠯᠴᠠᠬᠤ ᠭᠡᠷᠡᠭᠳᠡᠢ ᠬᠡᠵᠦ | ᠤᠷᠢᠶᠠᠯᠠᠭᠰᠠᠨ ᠪᠠᠶᠢᠨ᠎ᠠ᠃ | | ᠬᠤᠷᠠᠯ ᠤᠨ ᠡᠴᠦᠰ ᠲᠤ᠂ ᠰᠢᠯᠢ ᠶᠢᠨ ᠬᠤᠳᠠ ᠠᠴᠠ ᠢᠷᠡᠭᠰᠡᠨ ᠰᠡᠳᠬᠢᠴᠡ ᠵᠦᠢ ᠶᠢᠨ ᠪᠠᠭᠰᠢ ᠤᠶᠤᠨ᠎ᠠ ᠠᠴᠠ | ᠡᠮᠡᠭᠳᠡᠶᠢᠴᠤᠳ ᠤᠨ ᠰᠡᠳᠬᠢᠴᠡ ᠶᠢᠨ ᠡᠷᠡᠬᠦᠯ ᠢ ᠬᠠᠮᠠᠭᠠᠯᠠᠬᠤ ᠮᠡᠳᠡᠯᠬᠡ ᠶᠢᠨ ᠲᠤᠬᠠᠢ ᠬᠤᠷᠠᠯ ᠳᠤ ᠤᠷᠤᠯᠴᠠᠭᠰᠠᠨ | ᠡᠮᠩᠳᠡᠶᠢᠴᠤᠳ ᠲᠤ ᠬᠢᠴᠢᠶᠡᠯ ᠲᠠᠶᠢᠯᠤᠮᠵᠢ ᠬᠢᠵᠡᠢ᠃ |