ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2019/3/12
ᠲᠠᠶᠢᠹᠤᠰᠧ   ᠬᠤᠰᠢᠭᠤᠨ   ᠤ    ᠠᠷᠪᠠᠨ    ᠲᠠᠪᠤᠳᠤᠭᠠᠷ   ᠬᠤᠭᠤᠴᠠᠭᠠᠨ   ᠤ   ᠠᠷᠠᠳ   ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ  ︵   ︶                                                                                                              ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                            ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ                                                                           ᠲᠥᠯᠥᠭᠡᠯᠡᠭᠴᠢᠳ  ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                                                                                     ︵2019 ᠣᠨ ᠤ 3 ᠰᠠᠷᠠᠶᠢᠨ 7 ᠤ ᠡᠳᠦᠷ︶                                                                                                                                                                                    ᠬᠡᠤ  ᠴᠧᠩ  ᠳ᠋ᠦᠩ ᠲᠦᠯᠦᠭᠡᠯᠡᠭᠴᠢᠳ ᠡ  ᠄       ᠳᠣᠣᠷ᠎ᠠ  ᠪᠢ  ᠬᠤᠰᠢᠭᠤ  ᠵᠠᠰᠠᠭ   ᠤᠨ ᠣᠷᠳᠣᠨ   ᠢ ᠲᠦᠯᠦᠭᠡᠯᠡᠵᠦ  ᠶᠡᠭᠡ  ᠬᠤᠷᠠᠯ   ᠳᠤ  ᠠᠵᠢᠯ ᠤᠨ  ᠢᠯᠡᠳᠭᠡᠯ  ᠬᠢᠶ᠎ᠡ  ᠂  ᠬᠢᠨᠠᠨ  ᠵᠥᠪᠯᠡᠬᠦ  ᠪᠣᠯᠪᠠᠤ  ᠃  ᠮᠦᠨ ᠴᠤ  ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠨᠦᠬᠦᠳ   ᠠᠴᠠ  ᠰᠠᠨᠠᠯ   ᠢᠶᠠᠨ ᠲᠤᠷᠠᠳᠬᠤ ᠶᠢ ᠬᠦᠰᠡᠵᠦ ᠪᠠᠶᠢᠨ᠎ᠠ  ᠃      ᠨᠢᠭᠡ  ᠂ 2018 ᠤᠨ ᠤ ᠠᠵᠢᠯ ᠤᠨ ᠡᠷᠬᠢᠴᠡᠬᠦᠯᠦᠯ        2018 ᠤᠨ ᠪᠤᠯ ᠲᠠᠶᠢᠹᠤᠰᠧ ᠬᠤᠰᠢᠭᠤᠨ ᠤ ᠬᠦᠭᠵᠢᠯᠳᠡ ᠶᠢᠨ ᠲᠡᠦᠬᠡᠨ ᠲᠡᠭᠡᠷᠡᠬᠢ ᠦᠷᠢᠰᠦᠯᠳᠦᠬᠡᠨ ᠶᠡᠭᠡᠳᠡᠢ᠂ ᠡᠭᠡᠯ ᠪᠤᠰᠤ ᠨᠢᠬᠡᠨ ᠵᠢᠯ ᠪᠤᠯᠤᠨ᠎ᠠ᠃  ᠨᠢᠬᠡ ᠵᠢᠯ ᠤᠨ ᠲᠤᠷᠰᠢ᠂   ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂  ᠠᠶᠢᠮᠠᠭ ᠤᠨ ᠨᠠᠮ ᠤᠨ  ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠳᠤ ᠴᠢᠩᠭ᠎ᠠ ᠤᠳᠤᠷᠢᠳᠤᠯᠭ᠎ᠠ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠠ ᠲᠡᠮᠵᠢᠯᠬᠡ ᠲᠤᠤᠷ᠎ᠠ᠂  ᠬᠦᠴᠢᠷ ᠢ ᠲᠠᠪᠠᠨ ᠡᠷᠡᠮᠡᠬᠡᠶᠢᠯᠡᠨ ᠤᠷᠤᠭᠰᠢᠯᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠡᠷ᠎ᠡ ᠲᠤᠭᠳᠠᠭᠰᠠᠨ ᠡᠯ᠎ᠡ ᠲᠦᠷᠦᠯ ᠤᠨ ᠡᠬᠦᠷᠭᠡ ᠬᠠᠷᠠᠯᠳᠠ ᠪᠠᠨ ᠨᠡᠯᠢᠶᠡᠳ ᠰᠠᠶᠢᠨ ᠪᠡᠶᠡᠯᠡᠬᠦᠯᠦᠭᠰᠡᠨ ᠪᠠᠶᠢᠨ᠎ᠠ᠃   ᠪᠦᠬᠦ ᠵᠢᠯ ᠳᠤ᠂ ᠣᠷᠣᠨ  ᠨᠤᠲᠤᠭ   ᠤᠨ ᠦᠢᠯᠡᠳᠪᠦᠷᠢᠯᠡᠯ   ᠤᠨ  ᠶᠡᠷᠦᠩᠬᠡᠢ  ᠥᠷᠲᠡᠭ 5 % ᠪᠠᠷ  ᠨᠡᠮᠡᠭᠳᠡᠨ  ᠂  ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ  21.4 % ᠪᠠᠷ ᠨᠡᠮᠡᠭᠳᠡᠵᠦ᠂ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ  ᠶᠡᠷᠦᠩᠬᠡᠢ ᠬᠡᠮᠵᠢᠶ᠎ᠡ 6.8 % ᠪᠠᠷ  ᠨᠡᠮᠡᠭᠳᠡᠵᠦ᠂   ᠬᠤᠳᠠ  ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠲᠤᠰᠪᠤᠷᠢ 7.1 %  ᠪᠠ 9.9 %   ᠪᠠᠷ  ᠨᠡᠮᠡᠭᠳᠡᠨ᠂  ᠠᠵᠤ ᠠᠬᠤᠢ ᠨᠡᠶᠢᠬᠡᠮ ᠨᠢ ᠡᠷᠡᠬᠦᠯ ᠲᠤᠭᠳᠠᠭᠤᠨ ᠬᠦᠭᠵᠢᠯᠳᠡ ᠶᠢᠨ ᠪᠠᠶᠢᠳᠠᠯ ᠢᠶᠠᠨ ᠬᠠᠳᠠᠭᠠᠯᠠᠵᠠᠢ᠃       ︵ᠨᠢᠭᠡ︶  ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠠᠮᠵᠢᠯᠳᠠ ᠰᠠᠶᠢᠳᠠᠢ  ᠶᠠᠪᠤᠭᠳᠠᠵᠤ᠂  ᠬᠦᠨᠳᠦ ᠶᠡᠭᠡ ᠲᠦᠭᠰᠢᠬᠦᠷᠢ ᠶᠢ ᠪᠦᠳᠦᠮᠵᠢᠳᠡᠢ ᠨᠠᠮᠳᠠᠭᠤᠯᠪᠡ᠃  ᠦᠷᠢ ᠰᠢᠷᠢ ᠶᠢᠨ ᠴᠤᠬᠤᠮ ᠪᠠᠶᠢᠳᠠᠯ ᠢ ᠤᠶᠢᠯᠠᠭᠠᠵᠤ᠂  ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠦᠷᠢᠯᠡᠬᠦ ᠠᠷᠭ᠎ᠠ ᠲᠦᠰᠦᠪ ᠢ ᠲᠤᠭᠳᠠᠭᠠᠨ᠂  ᠤᠯᠠᠨ ᠵᠦᠢᠯ ᠤᠨ ᠠᠷᠭ᠎ᠠ ᠵᠠᠮ ᠢᠶᠠᠷ  ᠪᠡᠯᠡ  ᠮᠦᠩᠬᠦ ᠬᠤᠷᠠᠮᠳᠤᠭᠤᠯᠤᠨ᠂  ᠪᠦᠬᠦ ᠵᠢᠯ ᠳᠤ  ᠵᠠᠰᠠᠭ ᠤᠨ ᠤᠷᠳᠤᠨ  ᠤ ᠦᠷᠢ ᠦᠭᠴᠡᠭᠡ 5.7 ᠳ᠋ᠦᠩᠰᠢᠭᠤᠷ ᠲᠦᠬᠦᠷᠢᠭ ᠢ ᠰᠢᠢᠳᠪᠦᠷᠢᠯᠡᠵᠦ᠂  ᠰᠢᠰᠲ᠋ᠧᠮ ᠤᠨ ᠲᠤᠳᠤᠭᠠᠳᠤ   ᠶᠢᠨ ᠦᠷᠢ ᠦᠭᠴᠡᠭᠡ ᠶᠢᠨ ᠨᠤᠷᠮ᠎ᠠ ᠶᠢ 59.3% ᠪᠤᠯᠭᠠᠨ ᠪᠠᠭᠤᠷᠠᠭᠤᠯᠵᠤ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠦᠷᠢ ᠶᠢ ᠴᠡᠪᠡᠷᠯᠡᠨ ᠲᠦᠯᠦᠭᠰᠡᠨ ᠪᠠᠶᠢᠨ᠎ᠠ᠃ ᠲᠦᠪ ᠬᠤᠷᠢᠶᠠᠨ ᠤ ﹇2018﹈ 27 ᠲᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂  ︽ ᠵᠠᠰᠠᠭ ᠤᠨ ᠤᠷᠳᠤᠨ ᠤ ᠪᠡᠯᠡ  ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ︾ ᠶᠢ ᠵᠠᠰᠠᠪᠤᠷᠢ ᠤᠷᠤᠭᠤᠯᠤᠨ ᠲᠤᠭᠳᠠᠵᠤ᠂ ᠵᠠᠰᠠᠭ  ᠤᠨ ᠤᠷᠳᠤᠨ ᠤ  ᠨᠢᠭᠤᠭᠳᠠᠮᠠᠯ ᠴᠢᠨᠠᠷᠳᠠᠢ ᠦᠷᠢ ᠶᠢ ᠴᠢᠩᠭ᠎ᠠ ᠬᠢᠵᠠᠭᠠᠷᠯᠠᠨ᠂ ᠤᠷᠤᠨ ᠨᠤᠳᠤᠭ ᠤᠨ ᠵᠠᠰᠠᠭ ᠤᠨ ᠤᠷᠳᠤᠨ ᠤ ᠡᠩ ᠤᠨ ᠵᠢᠬᠡᠯᠡᠯᠬᠡ ᠶᠢᠨ ᠲᠡᠮᠳᠡᠭ 2.67 ᠳ᠋ᠦᠩᠰᠢᠭᠤᠷ ᠲᠦᠬᠦᠷᠢᠭ ᠢ  ᠡᠷᠡᠮᠡᠯᠵᠡᠯᠡᠨ ᠤᠯᠵᠤ᠂  ᠭᠤᠤᠯᠳᠠᠯᠭᠠᠳᠠᠢ ᠠᠷᠠᠳ ᠤᠨ ᠠᠮᠢᠳᠤᠷᠠᠯ᠂ ᠨᠡᠶᠢᠬᠡᠮ ᠤᠨ ᠠᠰᠠᠷᠠᠮᠵᠢ ᠶᠢᠨ ᠲᠦᠷᠦᠯ ᠵᠦᠢᠯ ᠤᠨ ᠪᠡᠯᠡ  ᠮᠦᠩᠬᠦᠨ ᠤ ᠭᠡᠷᠡᠭᠴᠡᠭᠡ ᠶᠢ ᠪᠠᠳᠤᠯᠠᠪᠠ᠃  ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠯᠠᠪᠳᠠᠭᠤᠨ ᠢᠶᠠᠷ ᠠᠬᠢᠭᠰᠠᠨ᠃   ᠪᠦᠬᠦ ᠵᠢᠯ ᠳᠤ 4.5 ᠳ᠋ᠦᠩᠰᠢᠭᠤᠷ ᠲᠦᠬᠦᠷᠢᠭ ᠶᠠᠳᠠᠭᠤ ᠶᠢ ᠳᠡᠳᠬᠦᠬᠦ ᠪᠡᠯᠡ ᠮᠦᠩᠬᠦ  ᠤᠷᠤᠭᠤᠯᠵᠤ  ᠂  ᠡᠬᠦᠨ ᠳᠤ ᠬᠤᠰᠢᠭᠤ ᠱᠠᠳᠤᠨ ᠤ ᠲᠦᠰᠦᠪ ᠢᠶᠠᠷ ᠪᠠᠶᠢᠷᠢᠯᠠᠭᠤᠯᠤᠭᠰᠠᠨ ᠨᠢ 1774 ᠲᠦᠮᠡᠨ ᠲᠦᠬᠦᠷᠢᠭ   ᠲᠤ ᠬᠦᠷᠴᠦ᠂  ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠬᠡ ᠪᠦᠯᠦᠭ︾  ᠲᠦᠷᠦ  ᠶᠢᠨ ᠪᠤᠳᠤᠯᠭ᠎ᠠ ᠶᠢᠨ ᠦᠷ᠎ᠡ ᠨᠦᠯᠦᠬᠡ ᠬᠦᠢᠴᠡᠳ ᠢᠯᠡᠷᠡᠭᠰᠡᠨ ᠪᠠᠶᠢᠨ᠎ᠠ᠃ ︽3 +3︾ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠤᠭᠳᠠᠴᠠ ᠶᠢ ᠬᠦᠨᠵᠡᠬᠡᠢ ᠭᠡᠷᠡᠭᠵᠢᠬᠦᠯᠦᠨ᠂ ᠶᠠᠳᠠᠭᠤ ᠶᠢ ᠳᠡᠳᠬᠦᠬᠦ ᠠᠵᠤ ᠠᠬᠤᠶᠢᠯᠠᠯ ᠤᠳ  ᠨᠢ ᠲᠠᠶᠢᠴᠢᠯᠠᠨ ᠲᠡᠭᠵᠢᠷᠡᠬᠦᠯᠬᠦ ᠠᠮᠠᠯᠠᠯᠳᠠ ᠪᠠᠨ ᠪᠡᠶᠡᠯᠡᠬᠦᠯᠵᠦ᠂ ᠮᠢᠬᠠᠨ ᠤ ᠦᠬᠡᠷ ᠬᠤᠨᠢ ᠨᠠᠶᠢᠳᠠᠵᠤ ᠮᠠᠯᠵᠢᠬᠤ᠂ ︽ᠨᠢᠬᠡ ᠮᠤ᠋ ᠲᠦᠮᠦᠰᠦ ᠬᠤᠶᠠᠷ ᠲᠤᠯᠤᠭᠠᠢ ᠭᠠᠭ᠋ᠠᠢ︾ ᠵᠡᠷᠭᠡ ᠲᠦᠷᠦᠯ ᠵᠦᠢᠯ ᠨᠢ 1778 ᠶᠠᠳᠠᠭᠤ ᠬᠦᠴᠢᠷᠳᠡᠢ ᠡᠷᠦᠬᠡ ᠶᠢ ᠲᠠᠶᠢᠴᠢᠯᠠᠨ ᠤᠷᠤᠯᠭ᠎ᠠ ᠶᠢ ᠨᠢ 3000 ᠢᠯᠡᠬᠦᠦ ᠲᠦᠬᠦᠷᠢᠭ ᠨᠡᠮᠡᠭᠳᠡᠬᠦᠯᠵᠦ᠂ 4 ᠲᠦᠮᠡᠨ ᠺᠢᠯᠤᠸᠠᠲ  ᠤᠨ ᠭᠡᠷᠡᠯ ᠸᠤᠯᠲ ᠪᠠᠷ ᠶᠠᠳᠠᠭᠤ ᠶᠢ ᠳᠡᠳᠬᠦᠬᠦ ᠴᠠᠬᠢᠯᠭᠠᠨ ᠦᠷᠳᠡᠭᠡ ᠰᠦᠯᠵᠢᠶ᠎ᠡ ᠳᠤ ᠤᠷᠤᠵᠤ ᠴᠠᠬᠢᠯᠭᠠᠨ ᠡᠬᠦᠰᠭᠡᠨ ᠂ 182 ᠡᠷᠦᠬᠡ   ᠶᠢᠨ 339 ᠬᠦᠮᠦᠨ ᠢ ᠤᠨᠳᠤᠤ ᠭᠠᠵᠠᠷ ᠲᠤ ᠨᠡᠬᠦᠯᠬᠡᠬᠦ ᠭᠤᠤᠯ ᠴᠤᠭᠴᠠ ᠶᠢᠨ ᠪᠠᠷᠢᠯᠭ᠎ᠠ  ᠲᠡᠬᠦᠰᠦᠭᠰᠡᠨ ᠪᠠᠶᠢᠨ᠎ᠠ᠃  ᠬᠤᠷᠰᠢᠭᠰᠠᠨ ᠡᠮᠨᠡᠯᠬᠡ ᠳᠤ ᠤᠷᠤᠯᠴᠠᠬᠤ ᠬᠤᠪᠢ ᠶᠢᠨ ᠰᠦᠢᠳᠭᠡᠯ ᠢ  ᠨᠦᠬᠦᠪᠦᠷᠢᠯᠡᠬᠦ᠂  ︽ᠭᠤᠷᠪᠠᠨ ᠨᠢᠬᠡ ᠪᠦᠯᠦᠭ︾ ᠢᠶᠠᠷ ᠲᠦᠷᠦᠯ  ᠬᠤᠪᠢᠶᠠᠵᠤ ᠡᠮᠨᠡᠨ ᠵᠠᠰᠠᠬᠤ᠂  ᠦᠨᠳᠦᠰᠦᠨ ᠠᠴᠠ ᠪᠠᠳᠤᠯᠠᠬᠤ᠂ ᠡᠮᠨᠡᠬᠦᠯᠦᠭᠰᠡᠨ ᠤ ᠲᠠᠷᠠᠭ᠎ᠠ ᠮᠦᠩᠬᠦ ᠶᠢ ᠨᠢ ᠲᠦᠯᠦᠬᠦ ᠵᠡᠷᠭᠡ ᠡᠮ ᠡᠮᠨᠡᠯᠬᠡ ᠪᠠᠷ ᠶᠠᠳᠠᠭᠤ ᠶᠢ ᠳᠡᠳᠬᠦᠬᠦ ᠠᠷᠭ᠎ᠠ ᠠᠪᠴᠢᠯ ᠢ  ᠤᠨᠢᠨ ᠲᠡᠭᠡᠷ᠎ᠡ ᠨᠢ  ᠨᠠᠶᠢᠳᠠᠪᠤᠷᠵᠢᠭᠤᠯᠪᠠ᠃   ᠶᠠᠳᠠᠭᠤ ᠬᠦᠴᠢᠷᠳᠡᠢ ᠰᠤᠷᠤᠭᠴᠢ   ᠶᠢᠨ ᠲᠤᠰᠠᠯᠠᠮᠵᠢ  ᠶᠢᠨ ᠮᠦᠩᠬᠦ 1071 ᠲᠦᠮᠡᠨ ᠲᠦᠬᠦᠷᠢᠭ᠂ ᠵᠢᠬᠡᠯᠡᠯᠬᠡ ᠶᠢᠨ ᠮᠦᠩᠬᠦ 913 ᠲᠦᠮᠡᠨ ᠲᠦᠬᠦᠷᠢᠭ᠂ ᠡᠯ᠎ᠡ ᠲᠦᠷᠦᠯ  ᠤᠨ ᠨᠡᠶᠢᠬᠡᠮ ᠤᠨ ᠲᠤᠰᠠᠯᠠᠮᠵᠢ 60 ᠭᠠᠷᠤᠢ ᠲᠦᠮᠡᠨ ᠲᠦᠬᠦᠷᠢᠭ ᠢ ᠲᠠᠷᠬᠠᠭᠠᠵᠤ᠂  ᠨᠠᠭᠠᠳᠤ ᠵᠠᠬ᠎ᠠ ᠶᠢᠨ ᠠᠮᠢᠳᠤᠷᠠᠯ  ᠤᠨ ᠪᠠᠳᠤᠯᠠᠭᠠᠳᠤ ᠡᠷᠦᠬᠡ  ᠪᠠ  ᠶᠠᠳᠠᠭᠤ ᠬᠦᠴᠢᠷᠳᠡᠢ ᠡᠷᠦᠬᠡ ᠶᠢᠨ 2136 ᠰᠤᠷᠤᠭᠴᠢ ᠠᠰᠢᠭ ᠬᠦᠷᠳᠡᠭᠰᠡᠨ ᠪᠠᠶᠢᠨ᠎ᠠ᠃  176 ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠ 1875 ᠬᠠᠪᠰᠤᠷᠤᠨ ᠲᠡᠳᠬᠦᠬᠦ ᠠᠵᠢᠯᠳᠠᠨ ᠢ ᠰᠢᠨ᠎ᠡ ᠪᠠᠷ ᠲᠤᠬᠢᠷᠠᠭᠤᠯᠵᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠢᠨᠠᠨ ᠰᠢᠯᠭᠠᠬᠤ ᠲᠤᠪᠴᠢᠶ᠎ᠠ ᠶᠢ ᠪᠠᠶᠢᠭᠤᠯᠤᠨ᠂ ᠱᠠᠭᠠᠷᠳᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠵᠤ᠂  ᠡᠪᠦᠯ ᠬᠠᠪᠤᠷ ᠤᠨ ᠲᠤᠳᠠᠭᠤᠳᠠᠯ ᠢᠶᠠᠨ ᠨᠦᠬᠦᠬᠦ ᠲᠤᠰᠬᠠᠢ ᠲᠦᠷᠦᠯ ᠤᠨ ᠠᠵᠢᠯᠯᠠᠭ᠎ᠠ ᠪᠦᠳᠦᠮᠵᠢᠳᠡᠢ ᠶᠠᠪᠤᠭᠳᠠᠨ᠂  ᠲᠠᠩᠰᠠ ᠡᠪᠬᠡᠮᠡᠯ ᠡᠳᠦᠷ ᠢᠷᠡᠬᠦᠶ᠎ᠡ ᠪᠦᠷᠢᠨᠰᠢᠵᠦ᠂ ᠡᠯ᠎ᠡ ᠱᠠᠳᠤᠨ ᠤ ᠺᠠᠳᠠᠷ ᠤᠨ ᠬᠠᠪᠰᠤᠷᠤᠨ ᠲᠡᠳᠬᠦᠬᠦ ᠬᠠᠷᠢᠭᠤᠴᠠᠯᠭᠠᠳᠤ ᠰᠡᠳᠬᠢᠯ ᠮᠡᠳᠡᠭᠳᠡᠮ᠎ᠡ ᠴᠢᠩᠭᠠᠷᠠᠭᠰᠠᠨ ᠪᠠᠶᠢᠨ᠎ᠠ᠃  ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭ᠎ᠠ ᠪᠠ ᠲᠦᠪ ᠬᠤᠷᠢᠶᠠᠨ ᠤ ᠴᠡᠭ ᠲᠤᠭᠳᠠᠵᠤ ᠬᠠᠪᠰᠤᠷᠤᠨ ᠲᠡᠳᠬᠦᠬᠦ ᠠᠵᠢᠯ ᠴᠢᠨᠠᠷ ᠰᠠᠶᠢᠳᠠᠢ ᠶᠠᠪᠤᠭᠳᠠᠨ᠂ ᠪᠡᠭᠡᠵᠢᠩ ᠬᠤᠳᠠ  ᠪᠤᠯᠤᠨ ᠴᠠᠩ ᠫᠢᠩ ᠲᠤᠭᠤᠷᠢᠭ ᠤᠨ ᠡᠯ᠎ᠡ ᠲᠦᠷᠦᠯ ᠤᠨ ᠬᠠᠪᠰᠤᠷᠤᠨ ᠲᠡᠳᠬᠦᠬᠦ ᠪᠡᠯᠡ  ᠮᠦᠩᠬᠦ 2600 ᠭᠠᠷᠤᠢ ᠲᠦᠮᠡᠨ ᠲᠦᠬᠦᠷᠢᠭ ᠢ ᠤᠯᠵᠤ᠂ ᠪᠡᠭᠡᠵᠢᠩ   ᠳᠠᠬᠢ ᠲᠠᠷᠢᠶᠠᠯᠠᠩ ᠤᠨ ᠤᠨᠴᠠᠯᠢᠭᠳᠤ ᠪᠦᠳᠦᠭᠡᠭᠳᠡᠬᠦᠨ ᠤ ᠰᠢᠭᠤᠳ ᠪᠤᠷᠤᠯᠠᠭᠤᠯᠭ᠎ᠠ 1280 ᠲᠦᠮᠡᠨ ᠲᠦᠬᠦᠷᠢᠭ ᠲᠤ ᠬᠦᠷᠴᠡᠢ᠃   ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠪᠰᠤᠷᠤᠯᠭ᠎ᠠ ᠪᠠᠷ  ᠮᠠᠯ ᠲᠠᠷᠢᠶᠠᠯᠠᠩ ᠤᠨ ᠤᠨᠴᠠᠯᠢᠭᠳᠤ ᠪᠦᠳᠦᠭᠡᠭᠳᠡᠬᠦᠨ  ᠢ ᠰᠦᠯᠵᠢᠶ᠎ᠡ ᠲᠡᠭᠡᠷ᠎ᠡ ᠪᠤᠷᠤᠯᠠᠭᠤᠯᠤᠨ᠂  ᠪᠤᠷᠤᠯᠠᠭᠤᠯᠭ᠎ᠠ ᠶᠢᠨ ᠬᠡᠮᠵᠢᠶ᠎ᠡ 280 ᠢᠯᠡᠬᠦᠦ ᠲᠦᠮᠡᠨ ᠲᠦᠬᠦᠷᠢᠭ ᠲᠤ ᠬᠦᠷᠴᠦ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ ᠬᠠᠪᠰᠤᠷᠤᠨ ᠲᠡᠳᠬᠦᠬᠦ ᠪᠡᠯᠡ  ᠮᠦᠩᠬᠦ 500 ᠭᠠᠷᠤᠢ ᠲᠦᠮᠡᠨ ᠲᠦᠬᠦᠷᠢᠭ ᠲᠤ  ᠬᠦᠷᠪᠡ᠃  ᠶᠠᠳᠠᠭᠤ ᠶᠢ ᠲᠡᠳᠬᠦᠬᠦ ᠠᠵᠢᠯ ᠤᠨ ︽ᠶᠡᠭᠡ ᠪᠠᠶᠢᠴᠠᠭᠠᠯᠳᠠ᠂ ᠶᠡᠭᠡ ᠴᠡᠭᠴᠡᠯᠡᠯᠳᠡ᠂ ᠶᠡᠭᠡ ᠨᠠᠶᠢᠳᠠᠪᠤᠷᠢᠵᠢᠭᠤᠯᠤᠯᠳᠠ︾   ᠶᠢᠨ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠠᠷᠭ᠎ᠠ ᠠᠪᠴᠢᠯ  ᠤᠨ ᠲᠠᠰᠤᠷᠠᠯᠳᠠ  ᠦᠬᠡᠢ ᠪᠤᠳᠠᠳᠠᠶᠢᠵᠢᠵᠤ ᠨᠠᠷᠢᠯᠢᠭᠵᠢᠬᠤ ᠶᠢ ᠲᠦᠯᠬᠢᠨ ᠠᠬᠢᠭᠤᠯᠤᠭᠰᠠᠨ ᠪᠠᠶᠢᠨ᠎ᠠ᠃  ᠪᠦᠬᠦ ᠬᠤᠰᠢᠭᠤ ᠪᠠᠷ ᠢᠶᠠᠨ ᠴᠢᠷᠮᠠᠶᠢᠨ ᠲᠡᠮᠡᠴᠡᠭᠰᠡᠨ ᠤ ᠳ᠋ᠦᠩ ᠳᠤ᠂ 2018 ᠤᠨ ᠳᠤ  1663 ᠡᠷᠦᠬᠡ 3100 ᠬᠦᠮᠦᠨ ᠶᠠᠳᠠᠭᠤ ᠠᠴᠠ  ᠠᠩᠬᠢᠵᠢᠷᠠᠨ᠂  55 ᠭᠠᠴᠠᠭ᠎ᠠ ᠲᠤᠰᠬᠤᠨ ᠶᠠᠳᠠᠭᠤ ᠶᠢᠨ ᠡᠩᠨᠡᠭᠡ ᠠᠴᠠ ᠭᠠᠷᠴᠤ᠂  ᠶᠠᠳᠠᠭᠤᠷᠠᠯ ᠤᠨ ᠡᠬᠦᠰᠦᠯ ᠤᠨ ᠨᠤᠷᠮ᠎ᠠ  2.79 %  ᠪᠠᠶᠢᠭᠰᠠᠨ ᠠᠴᠠ ᠪᠠᠨ 1.33 %  ᠪᠤᠯᠵᠤ ᠪᠠᠭᠤᠷᠠᠭᠠᠳ᠂   ᠴᠢᠨᠠᠷ ᠰᠠᠶᠢᠳᠠᠢ ᠪᠠᠷ  ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ ᠳᠤ ᠪᠠᠳᠤ ᠰᠠᠭᠤᠷᠢ ᠲᠠᠯᠪᠢᠭᠰᠠᠨ ᠪᠠᠶᠢᠨ᠎ᠠ᠃  ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ  ᠬᠦᠨᠵᠡᠬᠡᠢ ᠦᠷᠨᠢᠭᠰᠡᠨ᠃    ᠴᠡᠯᠮᠡᠭ  ᠠᠭᠠᠷ᠂   ᠴᠡᠩᠬᠡᠷ ᠤᠰᠤ᠂  ᠴᠡᠪᠡᠷ ᠬᠦᠷᠦᠰᠦ ᠪᠠᠨ ᠪᠠᠳᠤᠯᠠᠨ ᠬᠠᠮᠠᠭᠠᠯᠠᠬᠤ ᠲᠠᠶᠢᠯᠠᠯᠳᠤᠭᠠᠨ ᠤᠷᠤᠭᠰᠢᠳᠠᠢ ᠠᠬᠢᠵᠤ᠂  ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠲᠡᠬᠦᠰᠴᠦ᠂ 8 ᠡᠷᠦᠬᠡ ᠤᠬᠢᠶᠠᠯᠭ᠎ᠠ  ᠶᠢᠨ ᠭᠠᠵᠠᠷ ᠤᠨ ᠨᠡᠬᠦᠷᠡᠰᠦ ᠰᠢᠳᠠᠭᠠᠬᠤ ᠵᠤᠤᠬ᠎ᠠ ᠶᠢ ᠴᠠᠬᠢᠯᠭᠠᠨ ᠵᠤᠤᠬ᠎ᠠ ᠪᠤᠯᠭᠠᠨ ᠦᠬᠡᠷᠡᠴᠢᠯᠡᠵᠦ᠂ 3 ᠡᠷᠦᠬᠡ ᠢᠯᠴᠢ ᠬᠠᠩᠭᠠᠬᠤ ᠺᠤᠮᠫᠠᠨᠢ ᠲᠤᠭᠤᠰᠤ ᠠᠷᠢᠯᠭᠠᠵᠦ ᠬᠦᠬᠦᠷ ᠦᠬᠡᠶᠢᠵᠢᠬᠦᠯᠬᠦ ᠮᠡᠷᠭᠡᠵᠢᠯ ᠤᠨ ᠦᠬᠡᠷᠡᠴᠢᠯᠡᠯᠳᠡ ᠬᠢᠵᠦ᠂ ᠬᠤᠳᠠ ᠪᠠᠯᠭᠠᠰᠤᠨ ᠤ 4000 ᠡᠷᠦᠬᠡ ᠶᠢᠨ ᠪᠠᠶᠢᠰᠢᠩ ᠢ ᠠᠰᠠᠷ ᠪᠤᠯᠭᠠᠵᠤ ᠦᠬᠡᠷᠡᠴᠢᠯᠡᠪᠡ᠃  ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ ᠦᠬᠡᠷᠡᠴᠢᠯᠡᠯᠳᠡ ᠶᠢᠨ ᠠᠵᠢᠯ ᠢ ᠬᠢᠵᠦ᠂ 17 ᠡᠷᠦᠬᠡ ᠲᠤᠰᠤ ᠨᠡᠮᠡᠬᠦ ᠦᠷᠳᠡᠭᠡᠨ ᠤ 78 ᠰᠠᠭᠤᠷᠢ ᠭᠠᠵᠠᠷ ᠲᠤᠤᠷᠠᠬᠢ ᠲᠤᠰᠤ ᠬᠠᠳᠠᠭᠠᠯᠠᠬᠤ ᠰᠠᠪᠠ ᠳᠤ  ᠭᠤᠭᠤᠵᠢᠬᠤ   ᠶᠢ ᠰᠡᠷᠭᠡᠶᠢᠯᠡᠬᠦ ᠦᠬᠡᠷᠡᠴᠢᠯᠡᠯᠳᠡ ᠬᠢᠭᠰᠡᠨ ᠪᠠᠶᠢᠨ᠎ᠠ᠃  ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠬᠠᠩᠰᠢ ᠶᠢᠨ ᠦᠬᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠬᠦ ᠡᠷᠴᠢᠮ ᠢ ᠴᠢᠩᠭᠠᠷᠠᠭᠤᠯᠤᠨ᠂   5 ᠲᠦᠮᠡᠨ ᠮᠤ᠋ ᠲᠠᠷᠢᠶᠠᠨ ᠭᠠᠵᠠᠷ ᠲᠤ ᠰᠡᠯᠬᠦᠵᠦ ᠲᠠᠷᠢᠬᠤ᠂ 120 ᠲᠦᠮᠡᠨ ᠮᠤ᠋ ᠲᠠᠷᠢᠶᠠᠨ ᠭᠠᠵᠠᠷ ᠲᠤ ᠨᠠᠶᠢᠷᠠᠯᠭ᠎ᠠ ᠶᠢᠨ ᠪᠤᠷᠳᠤᠭᠤᠷ  ᠭᠡᠷᠡᠭᠯᠡᠬᠦ  ᠂ 15 ᠲᠦᠮᠡᠨ ᠮᠤ᠋ ᠲᠠᠷᠢᠶᠠᠨ ᠭᠠᠵᠠᠷ  ᠲᠤ ᠤᠰᠤ ᠪᠤᠷᠳᠤᠭᠤᠷ ᠢ ᠨᠢᠬᠡ ᠴᠤᠭᠴᠠᠵᠢᠭᠤᠯᠬᠤ᠂ 7 ᠲᠦᠮᠡᠨ ᠮᠤ᠋ ᠲᠠᠷᠢᠶᠠᠨ ᠭᠠᠵᠠᠷ ᠲᠤ ᠬᠦᠨ ᠬᠠᠭᠠᠯᠪᠤᠷᠢᠯᠠᠵᠤ ᠲᠠᠷᠢᠬᠤ ᠠᠷᠭ᠎ᠠ ᠬᠡᠮᠵᠢᠶ᠎ᠡ ᠠᠪᠤᠭᠰᠠᠨ ᠪᠦᠬᠡᠳ ︽ᠭᠤᠷᠪᠠᠨ ᠤᠷᠤᠨ ᠬᠤᠶᠠᠷ ᠱᠤᠭᠤᠮ︾ ᠠᠭᠤᠷᠬᠠᠢ ᠶᠢᠨ ᠤᠷᠴᠢᠨ ᠲᠤᠭᠤᠷᠢᠨ ᠤ ᠵᠠᠰᠠᠯᠳᠠ ᠶᠢ 24  ᠭᠠᠵᠠᠷ ᠲᠤ ᠬᠢᠭᠰᠡᠨ ᠪᠠᠶᠢᠨ᠎ᠠ  ᠃ 2018 ᠤᠨ ᠳᠤ  ᠤᠯᠤᠰ ᠤᠨ ᠭᠤᠤᠯᠳᠠᠯᠭᠠᠳᠠᠢ ᠠᠮᠢ ᠠᠬᠤᠢ ᠶᠢᠨ ᠴᠢᠳᠠᠪᠬᠢᠳᠤ ᠤᠷᠤᠨ ᠤ ᠬᠤᠰᠢᠭᠤ ᠰᠢᠶᠠᠨ ᠭᠡᠪᠴᠢᠶᠡᠨ ᠤ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠰᠢᠯᠭᠠᠨ ᠪᠠᠶᠢᠴᠠᠭᠠᠯᠳᠠ ᠳᠤ ᠮᠠᠨ ᠤ ᠬᠤᠰᠢᠭᠤ ᠨᠢ ᠲᠦᠷᠪᠡᠳᠦᠬᠡᠷ  ᠲᠤ ᠪᠠᠶᠢᠷᠢᠯᠠᠵᠤ᠂  450 ᠲᠦᠮᠡᠨ ᠲᠦᠬᠦᠷᠢᠭ ᠱᠠᠩᠨᠠᠯ ᠤᠨ ᠮᠦᠩᠬᠦ ᠶᠢ ᠤᠯᠵᠠᠢ᠃    ᠮᠠᠯᠵᠢᠬᠤ ᠤᠷᠤᠨ ᠳᠤ ᠮᠠᠯ ᠪᠡᠯᠴᠢᠬᠡᠷ ᠤᠨ ᠲᠡᠩᠴᠡᠬᠦᠷᠢ ᠶᠢᠨ ᠲᠦᠷᠢᠮ ᠢ ᠭᠡᠷᠡᠭᠵᠢᠬᠦᠯᠦᠨ᠂ ᠲᠠᠷᠢᠶᠠᠯᠠᠬᠤ ᠤᠷᠤᠨ ᠳᠤ ᠪᠤᠭ ᠮᠠᠯ ᠢ ᠵᠢᠯ   ᠢᠶᠠᠷ ᠬᠠᠰᠢᠶᠠᠯᠠᠬᠤ ᠲᠦᠷᠢᠮ ᠢ ᠭᠡᠷᠡᠭᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ 3 ᠤᠳᠠᠭᠠᠨ  ᠤ  ᠭᠡᠷᠡᠭ᠂  270 ᠤᠳᠠᠭᠠᠨ ᠤ ᠤᠢ ᠰᠢᠭᠤᠢ ᠶᠢᠨ ᠵᠠᠰᠠᠭ ᠵᠠᠬᠢᠷᠭᠠᠨ ᠤ ᠭᠡᠷᠡᠭ ᠢ ᠪᠠᠶᠢᠴᠠᠭᠠᠨ  ᠰᠢᠢᠳᠪᠦᠷᠢᠯᠡᠵᠦ᠂  ᠨᠤᠳᠤᠭ ᠪᠡᠯᠴᠢᠭᠡᠷ ᠲᠠᠳᠠᠪᠤᠷᠢᠯᠠᠨ ᠭᠡᠷᠡᠭᠯᠡᠬᠦ ᠬᠦᠢᠴᠡᠳᠭᠡᠯ  ᠬᠢᠭᠰᠡᠨ ᠦᠬᠡᠢ 24 ᠲᠦᠷᠦᠯ ᠵᠦᠢᠯ ᠳᠤ ᠴᠡᠭᠴᠡᠯᠡᠯᠳᠡ  ᠬᠢᠭᠰᠡᠨ ᠪᠠᠶᠢᠨ᠎ᠠ᠃  ᠡᠯᠡᠰᠦᠨ ᠤ ᠡᠬᠢ ᠵᠠᠰᠠᠬᠤ ᠢᠨᠵᠧᠨᠧᠷᠢᠩ ᠢ ᠬᠦᠨᠵᠡᠭᠡᠢ ᠦᠷᠨᠢᠬᠦᠯᠵᠦ᠂ ᠬᠦᠮᠦᠨ  ᠤ ᠬᠦᠴᠦ ᠪᠠᠷ ᠮᠤᠳᠤ ᠲᠠᠷᠢᠬᠤ ᠲᠠᠯᠠᠪᠠᠢ 7000 ᠮᠤ᠋᠂ ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ 2025 ᠮᠤ᠋   ᠶᠢ ᠪᠡᠶᠡᠯᠡᠬᠦᠯᠵᠡᠢ᠃ ᠲᠦᠪ ᠬᠤᠷᠢᠶᠠᠨ ᠤ ᠤᠷᠴᠢᠨ ᠲᠤᠭᠤᠷᠢᠨ ᠤ ᠪᠠᠶᠢᠴᠠᠭᠠᠯᠳᠠ ᠪᠠᠷ ᠢᠯᠡᠷᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠨ᠎ᠠ᠃       ︵ᠬᠤᠶᠠᠷ︶ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠤᠯᠠᠮ ᠪᠠᠬᠢᠵᠢᠪᠡ᠃  ᠠᠵᠤ ᠦᠢᠯᠡᠳᠪᠦᠷᠢ  ᠶᠢᠨ ᠠᠵᠤ ᠠᠬᠤᠢ ᠶᠢᠨ ᠨᠦᠬᠡᠴᠡ ᠬᠦᠴᠦᠨ ᠮᠡᠳᠡᠭᠳᠡᠮ᠎ᠡ ᠴᠢᠩᠭᠠᠷᠠᠭᠰᠠᠨ᠃  ᠪᠦᠬᠦ ᠵᠢᠯ ᠳᠤ ᠬᠡᠪᠴᠢᠶᠡᠵᠢᠯ ᠠᠴᠠ ᠲᠡᠭᠡᠭᠰᠢᠬᠢ  ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠳᠡᠭ 14.34 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 7.8 %   ᠪᠠᠷ  ᠨᠡᠮᠡᠭᠳᠡᠪᠡ᠃ ᠨᠡᠶᠢᠳᠡ 6.8 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂ ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠤᠰᠤ ᠴᠠᠬᠢᠯᠭᠠᠨ ᠵᠠᠮ ᠵᠡᠷᠭᠡ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠪᠦᠷᠢᠨᠰᠢᠬᠦᠯᠵᠦ᠂  ᠲᠤᠰ ᠵᠢᠯ ᠳᠤ 17 ᠡᠷᠦᠬᠡ ᠠᠵᠤ ᠠᠬᠤᠶᠢᠯᠠᠯ ᠤᠷᠤᠨ ᠲᠤᠭᠤᠷᠢᠭ ᠲᠤ ᠰᠢᠨ᠎ᠡ ᠪᠠᠷ ᠤᠷᠤᠵᠤ  ᠨᠤᠳᠤᠭᠰᠢᠭᠠᠳ᠂ ᠨᠡᠶᠢᠳᠡ 55 ᠡᠷᠦᠬᠡ ᠪᠤᠯᠵᠤ᠂  ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ 20 ᠡᠷᠦᠬᠡ ᠳᠤ ᠬᠦᠷᠴᠡᠢ᠃  ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠢᠯᠡᠷᠬᠡᠢ ᠠᠮᠵᠢᠯᠳᠠ ᠤᠯᠵᠤ᠂  ᠪᠦᠬᠦ ᠵᠢᠯ ᠳᠤ 41 ᠭᠤᠤᠯᠳᠠᠯᠭᠠᠳᠠᠢ ᠲᠦᠷᠦᠯ ᠵᠦᠢᠯ ᠢ ᠡᠬᠢᠯᠡᠬᠦᠯᠬᠦ ᠪᠤᠶᠤ ᠰᠡᠷᠬᠦᠬᠡᠵᠦ᠂  ᠪᠡᠯᠡ  ᠤᠷᠤᠭᠤᠯᠤᠯᠳᠠ19.24 ᠳ᠋ᠦᠩᠰᠢᠭᠤᠷ ᠲᠦᠬᠦᠷᠢᠭ  ᠲᠤ ᠬᠦᠷᠪᠡ᠃  ᠡᠬᠦᠨ ᠳᠤ ᠠᠶᠢᠮᠠᠭ ᠤᠨ ᠱᠠᠳᠤᠨ ᠤ ᠭᠤᠤᠯᠳᠠᠯᠭᠠᠳᠠᠢ ᠲᠦᠷᠦᠯ ᠵᠦᠢᠯ 11 ᠪᠠᠶᠢᠵᠤ 16.78  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠠᠢ᠃ ᠦᠢᠯᠡᠳᠪᠦᠷᠢᠯᠡᠯ ᠤᠨ ᠴᠢᠳᠠᠮᠵᠢ   ᠪᠠᠷ ᠪᠦᠬᠦ ᠤᠯᠤᠰ ᠲᠤ ᠬᠠᠮᠤᠭ ᠶᠡᠭᠡ ᠪᠤᠯᠬᠤ ᠪᠠᠢ ᠬᠤᠢ ᠱᠧᠩ ᠰᠢᠬᠢᠷ ᠤᠨ ᠦᠢᠯᠡᠳᠪᠦᠷᠢ ᠶᠢ ᠲᠦᠰᠦᠪᠯᠡᠨ ᠪᠠᠶᠢᠭᠤᠯᠵᠤ᠂  ᠦᠢᠯᠡᠳᠪᠦᠷᠢ  ᠨᠢ  ᠪᠦᠳᠦᠬᠡᠨ ᠪᠠᠶᠢᠭᠤᠯᠤᠯᠳᠠ ᠡᠬᠢᠯᠡᠭᠰᠡᠨ ᠠᠴᠠ ᠦᠢᠯᠡᠳᠪᠦᠷᠢᠯᠡᠯ ᠡᠬᠢᠯᠡᠳᠡᠯ᠎ᠡ  ᠵᠦᠪᠬᠡᠨ 17 ᠰᠠᠷ᠎ᠠ ᠯᠠ ᠭᠡᠷᠡᠭᠰᠡᠵᠦ᠂ ᠠᠵᠢᠯ ᠲᠦᠷᠦᠯ ᠤᠨ ᠪᠦᠳᠦᠬᠡᠨ ᠪᠠᠶᠢᠭᠤᠯᠤᠯᠳᠠ ᠶᠢᠨ ᠲᠡᠦᠬᠡᠨ ᠳᠤ ᠰᠢᠨ᠎ᠡ ᠲᠡᠮᠳᠡᠭᠯᠡᠯ ᠡᠬᠦᠳᠦᠭᠡᠳ᠂ 600 ᠭᠠᠷᠤᠢ ᠬᠦᠮᠦᠨ ᠳᠤ ᠠᠵᠢᠯ ᠤᠯᠭᠤᠵᠤ᠂ 55 ᠲᠦᠮᠡᠨ  ᠲᠤᠨ ᠰᠢᠬᠢᠷ ᠤᠨ ᠯᠤᠤᠪᠠᠩ ᠡᠳ᠋ᠰᠢᠬᠦᠯᠵᠦ᠂ 6 ᠲᠦᠮᠡᠨ ᠲᠤᠨ ᠴᠠᠭᠠᠨ ᠰᠢᠬᠢᠷ ᠦᠢᠯᠡᠳᠪᠦᠷᠢᠯᠡᠨ᠂ 4.5 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ᠂ ᠪᠦᠬᠦ ᠠᠶᠢᠮᠠᠭ   ᠤᠨ ᠰᠢᠬᠢᠷ ᠤᠨ ᠠᠵᠤ ᠦᠢᠯᠡᠰ ᠤᠨ ᠬᠤᠭᠤᠰᠤᠨ ᠢ ᠪᠦᠭᠯᠡᠭᠰᠡᠨ ᠪᠦᠬᠡᠳ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠲᠠᠶᠢᠴᠢᠯᠠᠬᠤ ᠰᠢᠨ᠎ᠡ ᠵᠠᠯᠠᠭᠤᠷ ᠪᠤᠯᠤᠭᠰᠠᠨ ᠪᠠᠶᠢᠨ᠎ᠠ᠃ ᠰᠢᠶᠦ᠋ᠩ ᠠᠨ ᠴᠠᠭᠠᠰᠤ ᠰᠦᠯᠢᠶᠤᠤ ᠶᠢᠨ ᠠᠵᠤ ᠦᠢᠯᠡᠰ ᠤᠨ  ᠤᠷᠤᠨ ᠲᠤᠭᠤᠷᠢᠭ ᠤᠨ  ᠨᠢᠬᠡᠳᠦᠬᠡᠷ ᠬᠤᠭᠤᠴᠠᠭᠠᠨ  ᠤ ᠪᠦᠳᠦᠬᠡᠨ ᠪᠠᠶᠢᠭᠤᠯᠤᠯᠳᠠ ᠠᠮᠵᠢᠯᠳᠠᠳᠠᠢ ᠪᠡᠶᠡᠯᠡᠭᠳᠡᠵᠦ᠂ 18 ᠡᠷᠦᠬᠡ ᠠᠵᠤ ᠠᠬᠤᠶᠢᠯᠠᠯ ᠤᠷᠤᠵᠤ ᠨᠤᠳᠤᠭᠰᠢᠭᠠᠳ᠂ ᠦᠢᠯᠡᠳᠪᠦᠷᠢᠯᠡᠯ ᠡᠵᠡᠩᠨᠡᠯᠳᠡ ᠨᠢ ᠠᠯᠬᠤᠮ ᠠᠯᠬᠤᠮ ᠢᠶᠠᠷ ᠵᠢᠷᠤᠮᠵᠢᠪᠠ᠃ ᠱᠧᠩ ᠲᠠᠢ ᠡᠯ ᠡᠮ  ᠤᠨ ᠦᠢᠯᠡᠳᠪᠦᠷᠢ ᠤᠨ ᠨᠢᠬᠡᠳᠦᠬᠡᠷ ᠬᠤᠭᠤᠴᠠᠭ᠎ᠠ᠂  ᠵᠦᠩ ᠴᠧ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠦᠢᠯᠡᠳᠪᠦᠷᠢ᠂ ᠵᠦᠩ ᠪᠧᠨ ᠼᠦᠩ ᠡᠬᠦᠯᠡᠨ ᠪᠤᠳᠤᠯᠳᠠ ᠶᠢᠨ ᠲᠦᠪ ᠵᠡᠷᠭᠡ ᠲᠦᠷᠦᠯ ᠵᠦᠢᠯ ᠠᠰᠢᠭᠯᠠᠯᠳᠠ ᠳᠤ ᠤᠷᠤᠭᠰᠠᠨ ᠪᠠᠶᠢᠨ᠎ᠠ᠃   ᠵᠤᠬᠢᠶᠠᠮᠠᠯ ᠠᠯᠮᠠᠰ  ᠴᠢᠯᠠᠭᠤ  ᠂ 85 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠡᠬᠦᠰᠬᠡᠬᠦ᠂  ᠱᠧᠩ ᠲᠠᠢ ᠡᠯ ᠡᠮ ᠤᠨ ᠦᠢᠯᠡᠳᠪᠦᠷᠢ ᠤᠨ ᠬᠤᠶᠠᠳᠤᠭᠠᠷ ᠬᠤᠭᠤᠴᠠᠭ᠎ᠠ᠂  ᠯᠢᠤᠢ ᠼᠤᠤ ᠲᠠᠩ ᠬᠢᠳᠠᠳ ᠡᠮ ᠤᠨ ᠦᠢᠯᠡᠳᠪᠦᠷᠢᠯᠡᠯ᠂ ᠺᠧ ᠲᠠᠢ ᠯᠦᠩ ᠳ᠋ᠠ ᠺᠤᠮᠫᠠᠨᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ   ᠤᠨ ᠲᠦᠷᠦᠬᠦᠴᠢ ᠬᠤᠭᠤᠴᠠᠭᠠᠨ ᠤ ᠠᠵᠢᠯ ᠤᠳ ᠠᠮᠵᠢᠯᠳᠠᠳᠠᠢ ᠶᠠᠪᠤᠭᠳᠠᠭᠰᠠᠨ ᠪᠠᠶᠢᠨ᠎ᠠ᠃ ᠪᠠᠢ ᠬᠤᠢ ᠱᠧᠩ ᠰᠢᠬᠢᠷ ᠤᠨ ᠦᠢᠯᠡᠳᠪᠦᠷᠢ᠂ ᠲᠠᠯ᠎ᠠ ᠨᠤᠳᠤᠭ ᠠᠷᠢᠬᠢᠨ ᠦᠢᠯᠡᠳᠪᠦᠷᠢ᠂ ᠬᠤᠩ ᠵᠢᠩ ᠶᠤᠸᠠᠨ ᠲᠤᠰᠤᠨ ᠤ ᠦᠢᠯᠡᠳᠪᠦᠷᠢ  ᠵᠡᠷᠭᠡ ᠭᠤᠷᠪᠠᠨ ᠠᠵᠤ ᠠᠬᠤᠶᠢᠯᠠᠯ ᠨᠢ ᠦᠪᠦᠷ ᠮᠤᠩᠭᠤᠯ ᠤᠨ ᠲᠦᠷᠦᠬᠦᠦ ᠪᠦᠯᠦᠭ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠳᠤ ᠤᠷᠤᠵᠤ᠂ ︽ᠲᠠᠯ᠎ᠠ ᠶᠢᠨ ᠸᠠᠩ︾ ᠲᠠᠸᠠᠷ ᠤᠨ ᠲᠡᠮᠳᠡᠭ ᠨᠢ ᠤᠯᠤᠰ ᠤᠨ ᠮᠡᠳᠡᠯᠬᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ᠂ ᠲᠠᠸᠠᠷ ᠤᠨ ᠲᠡᠮᠳᠡᠭ ᠤᠨ ᠲᠤᠪᠴᠢᠶ᠎ᠠ ᠳᠤ ᠲᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠢᠶᠠᠷ ᠲᠤᠭᠳᠠᠭᠠᠭᠳᠠᠪᠠ᠃  ᠱᠧᠩ ᠲᠠᠢ ᠡᠯ  ᠡᠮ ᠤᠨ ᠦᠢᠯᠡᠳᠪᠦᠷᠢ ᠨᠢ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠵᠦᠪᠰᠢᠶᠡᠷᠡᠭᠳᠡᠵᠦ᠂ ᠪᠦᠬᠦ ᠬᠤᠰᠢᠭᠤᠨ ᠤ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3 ᠡᠷᠦᠬᠡ ᠪᠤᠯᠤᠭᠠᠳ᠂  ᠪᠦᠬᠦ ᠠᠶᠢᠮᠠᠭ ᠲᠠᠭᠠᠨ ᠲᠡᠭᠡᠬᠦᠷ  ᠪᠠᠶᠢᠷᠢ ᠳᠤ ᠤᠷᠤᠪᠠ᠃ ᠲᠠᠯ᠎ᠠ ᠨᠤᠳᠤᠭ ᠠᠷᠢᠬᠢᠨ ᠦᠢᠯᠡᠳᠪᠦᠷᠢ ᠠᠺᠠᠳᠢᠮᠢᠴᠢ ᠶᠢᠨ  ᠠᠵᠢᠯᠯᠠᠬᠤ ᠦᠷᠳᠡᠭᠡ ᠪᠠᠶᠢᠭᠤᠯᠤᠭᠰᠠᠨ ᠤ ᠲᠠᠷᠠᠭ᠎ᠠ᠂  ᠬᠤᠩ ᠵᠢᠩ ᠶᠤᠸᠠᠨ ᠲᠤᠰᠤᠨ ᠤ ᠦᠢᠯᠡᠳᠪᠦᠷᠢ ᠨᠢ ᠵᠢᠩ ᠯᠢᠶᠠᠩ ᠪᠦᠯᠦᠭᠯᠡᠯ ᠲᠠᠢ ᠬᠠᠮᠳᠤᠷᠠᠨ ᠶᠠᠮᠠ   ᠶᠢᠨ ᠦᠷ᠎ᠡ ᠤᠨ ᠠᠵᠤ ᠦᠢᠯᠡᠰ  ᠤᠨ ᠰᠤᠳᠤᠯᠤᠨ ᠬᠦᠭᠵᠢᠬᠦᠯᠬᠦ ᠲᠦᠪ   ᠢ ᠪᠠᠶᠢᠭᠤᠯᠤᠭᠠᠳ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠢᠯᠡᠳᠳᠡ ᠴᠢᠩᠭᠠᠷᠠᠭᠰᠠᠨ ᠪᠠᠶᠢᠨ᠎ᠠ᠃  ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠠᠬᠤᠢ ᠲᠠᠯᠠᠪᠠᠢ ᠶᠢᠨ ᠬᠤᠷᠠᠯ ᠢ ᠠᠮᠵᠢᠯᠳᠠᠳᠠᠢ ᠬᠠᠷᠢᠭᠤᠴᠠᠨ ᠡᠷᠬᠢᠯᠡᠵᠦ᠂ ᠪᠦᠬᠦ ᠵᠢᠯ ᠳᠤ 16 ᠪᠦᠯᠦᠭ 300 ᠭᠠᠷᠤᠢ ᠬᠦᠮᠦᠨ ᠤ ᠲᠤᠭᠤᠷᠢᠨ ᠪᠠᠶᠢᠴᠠᠭᠠᠬᠤ ᠪᠦᠯᠬᠦᠮ ᠢ ᠤᠭᠳᠤᠨ ᠵᠤᠴᠢᠯᠠᠵᠤ᠂  ᠮᠠᠨ ᠤ ᠬᠤᠰᠢᠭᠤᠨ ᠤ ᠭᠤᠤᠯᠳᠠᠯᠭᠠᠳᠠᠢ ᠲᠦᠷᠦᠯ ᠵᠦᠢᠯ ᠤᠨ ᠠᠵᠢᠯ ᠪᠦᠬᠦ ᠠᠶᠢᠮᠠᠭ ᠤᠨ 2018 ᠤᠨ ᠤ ᠠᠵᠢᠯ  ᠤᠨ ᠪᠦᠳᠦᠮᠵᠢ ᠶᠢᠨ ᠬᠢᠨᠠᠨ ᠰᠢᠯᠭᠠᠯᠳᠠ ᠳᠤ ᠡᠯ᠎ᠡ ᠬᠤᠰᠢᠭᠤ ᠰᠢᠶᠠᠨ ᠬᠤᠳᠠ ᠶᠢᠨ ᠢᠶᠠᠨ ᠲᠡᠷᠢᠬᠦᠨ ᠳᠤ ᠤᠷᠤᠵᠠᠢ᠃  ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠲᠦᠷᠭᠡᠰᠦᠭᠰᠡᠨ᠃ ᠲᠠᠷᠢᠵᠤ ᠮᠠᠯᠵᠢᠬᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ᠡᠷᠴᠢᠮ ᠴᠢᠩᠭᠠᠷᠠᠵᠤ᠂ ᠲᠠᠸᠠᠷ ᠤᠨ ᠲᠦᠮᠦᠰᠦ ᠲᠠᠷᠢᠬᠤ ᠲᠠᠯᠠᠪᠠᠢ 35 ᠲᠦᠮᠡᠨ ᠮᠤ᠋ ᠪᠤᠯᠵᠤ᠂ 15 ᠲᠦᠮᠡᠨ ᠮᠤ᠋  ᠬᠠᠰᠤᠭᠳᠠᠨ  ᠂  ᠦᠷ᠎ᠡ ᠶᠢᠨ ᠲᠦᠮᠦᠰᠦ᠂ ᠰᠢᠬᠢᠷ ᠤᠨ ᠯᠤᠤᠪᠠᠩ᠂ ᠢᠳᠡᠰᠢᠨ ᠨᠤᠭᠤᠭ᠎ᠠ᠂  ᠡᠮ ᠤᠨ ᠮᠠᠲ᠋ᠧᠷᠢᠶᠠᠯ᠂  ᠡᠪᠡᠰᠦ ᠪᠤᠷᠳᠤᠭ᠎ᠠ ᠵᠡᠷᠭᠡ ᠠᠵᠤ ᠠᠬᠤᠢ ᠶᠢᠨ ᠲᠠᠷᠢᠮᠠᠯ  ᠤᠨ ᠲᠠᠯᠠᠪᠠᠢ 50 ᠲᠦᠮᠡᠨ ᠮᠤ᠋ ᠳᠤ ᠬᠦᠷᠪᠡ᠃  ᠴᠡᠪᠡᠷ ᠡᠬᠦᠯᠳᠡᠷ ᠤᠨ ᠠᠩᠬᠢᠰ ᠬᠠᠷ᠎ᠠ᠂  ᠰᠢᠮᠧᠨ᠋ᠲ᠋ᠠᠷ ᠦᠬᠡᠷ᠂  ᠡᠷᠯᠢᠰᠡᠵᠢᠬᠦᠯᠦᠭᠰᠡᠨ ᠶᠠᠫᠤᠨ  ᠬᠠᠷ᠎ᠠ ᠦᠬᠡᠷ ᠵᠡᠷᠭᠡ ᠰᠠᠶᠢᠨ ᠡᠬᠦᠯᠳᠡᠷ ᠤᠨ ᠮᠢᠬᠠᠨ ᠤ ᠦᠬᠡᠷ 6.8 ᠲᠦᠮᠡᠨ ᠲᠤᠯᠤᠭᠠᠢ ᠳᠤ ᠬᠦᠷᠦᠭᠰᠡᠨ ᠪᠠᠶᠢᠨ᠎ᠠ᠃ ᠵᠦᠩ ᠰᠢᠤᠢ ᠷᠦᠩ ᠲᠠᠢ᠂ ᠡᠤ ᠹᠧᠩ  2 ᠠᠵᠤ ᠠᠬᠤᠶᠢᠯᠠᠯ ᠤᠨ 2000 ᠦᠬᠡᠷ ᠠᠴᠠ ᠲᠡᠭᠡᠭᠰᠢ ᠭᠡᠪᠴᠢᠶ᠎ᠠ ᠲᠠᠢ ᠮᠠᠯᠵᠢᠯ ᠤᠨ ᠲᠠᠯᠠᠪᠠᠢ  ᠲᠤᠰᠪᠤᠷᠢ  ᠪᠠᠶᠢᠭᠤᠯᠤᠭᠳᠠᠭᠰᠠᠨ ᠪᠦᠬᠡᠳ ᠮᠢᠬᠠᠨ ᠤ ᠦᠬᠡᠷ ᠤᠨ ᠪᠠᠷᠢᠮᠵᠢᠶᠠᠳᠤ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠮᠠᠯᠵᠢᠯ ᠤᠨ ᠲᠠᠯᠠᠪᠠᠢ 2 ᠪᠠᠶᠢᠭᠤᠯᠤᠭᠳᠠᠵᠤ᠂   ᠰᠠᠶᠢᠨ ᠡᠬᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 25  ᠪᠠᠶᠢᠭᠤᠯᠤᠭᠳᠠᠨ᠂ ᠭᠡᠪᠴᠢᠶᠡᠵᠢᠭᠰᠡᠨ ᠮᠢᠬᠠᠨ ᠤ ᠦᠬᠡᠷ ᠤᠨ ᠮᠠᠯᠵᠢᠯ ᠤᠨ ᠲᠠᠯᠠᠪᠠᠢ 69  ᠪᠤᠯᠵᠤ ᠬᠦᠭᠵᠢᠭᠡᠳ᠂ ᠪᠦᠬᠦ ᠠᠶᠢᠮᠠᠭ   ᠲᠠᠭᠠᠨ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠨᠡᠮᠡᠭᠳᠡᠯ ᠬᠠᠮᠤᠭ ᠲᠦᠷᠭᠡᠨ ᠭᠠᠵᠠᠷ ᠤᠷᠤᠨ ᠪᠤᠯᠤᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂  ᠳ᠋ᠧ ᠴᠢᠩ ᠶᠤᠸᠠᠨ ᠲᠠᠬᠢᠶ᠎ᠠ  ᠲᠡᠵᠢᠬᠡᠬᠦ ᠠᠵᠤ ᠦᠢᠯᠡᠰ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ᠂ ᠡᠤ ᠹᠧᠩ ᠰᠠᠶᠢᠨ ᠡᠬᠦᠯᠳᠡᠷ ᠤᠨ ᠮᠢᠬᠠᠨ ᠤ ᠦᠬᠡᠷ ᠡᠳ᠋ᠰᠢᠬᠦᠯᠦᠨ ᠪᠤᠯᠪᠠᠰᠤᠷᠠᠭᠤᠯᠬᠤ ᠲᠦᠷᠦᠯ ᠵᠦᠢᠯ ᠤᠷᠤᠭᠰᠢᠳᠠᠢ ᠶᠠᠪᠤᠭᠳᠠᠵᠤ᠂  ᠪᠦᠬᠦ ᠬᠤᠰᠢᠭᠤᠨ ᠤ ᠲᠠᠷᠢᠶᠠᠯᠠᠩ ᠮᠠᠯᠵᠢᠯ ᠤᠨ ᠲᠤᠯᠤᠭᠠᠶᠢᠯᠠᠭᠴᠢ ᠠᠵᠤ ᠠᠬᠤᠶᠢᠯᠠᠯ 7᠂ ᠲᠦᠷᠢᠮᠵᠢᠭᠰᠡᠨ ᠠᠵᠢᠯᠯᠠᠭ᠎ᠠ ᠲᠠᠢ ᠲᠤᠰᠬᠠᠢ ᠬᠤᠷᠰᠢᠶᠠᠵᠢᠯ 300᠂  ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 336 ᠳᠤ ᠬᠦᠷᠴᠦ᠂  ᠵᠤᠬᠢᠶᠠᠨ ᠪᠠᠶᠢᠭᠤᠯᠤᠯᠵᠢᠭᠰᠠᠨ᠂ ᠭᠡᠪᠴᠢᠶᠡᠵᠢᠭᠰᠡᠨ ᠡᠵᠡᠩᠨᠡᠯᠳᠡ ᠶᠢᠨ ᠠᠯᠬᠤᠭ᠎ᠠ ᠤᠯᠠᠮ  ᠬᠤᠷᠳᠤᠯᠠᠵᠠᠢ᠃   ᠪᠦᠬᠦ ᠬᠤᠰᠢᠭᠤᠨ ᠤ ᠤᠷᠭᠠᠨᠢᠭ ᠪᠦᠳᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠬᠦ ᠲᠠᠯᠠᠪᠠᠢ 1742 ᠮᠤ᠋᠂  ᠰᠢᠯᠭᠠᠨ ᠭᠡᠷᠡᠴᠢᠯᠡᠬᠦᠯᠦᠭᠰᠡᠨ ᠲᠠᠯᠠᠪᠠᠢ 520 ᠮᠤ᠋᠂  ᠬᠤᠤᠷᠳᠠᠯ ᠦᠬᠡᠢ  ᠪᠦᠳᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠦᠭᠰᠡᠨ ᠲᠠᠯᠠᠪᠠᠢ 2320 ᠮᠤ᠋ ᠳᠤ ᠬᠦᠷᠴᠦ᠂ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠪᠠ ᠵᠠᠬ᠎ᠠ ᠲᠡᠯᠬᠡᠬᠦᠷ ᠤᠨ ᠦᠷᠢᠰᠦᠯᠳᠦᠬᠦ  ᠴᠢᠳᠠᠪᠤᠷᠢ ᠤᠯᠠᠮ ᠨᠢᠬᠡ ᠠᠯᠬᠤᠮ  ᠲᠡᠭᠡᠭᠰᠢᠯᠡᠭᠰᠡᠨ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠠᠶᠤᠯᠬᠦᠢ ᠶᠢᠨ ᠬᠢᠨᠠᠨ ᠬᠠᠮᠢᠶᠠᠷᠤᠯᠳᠠ ᠶᠢ ᠪᠦᠬᠦ ᠲᠠᠯᠠᠪᠠᠷ ᠴᠢᠩᠭᠠᠳᠬᠠᠵᠤ᠂ ᠠᠹᠠᠷᠢᠺᠠ ᠲᠢᠪ ᠤᠨ ᠭᠠᠭ᠋ᠠᠢ ᠶᠢᠨ ᠬᠢᠵᠢᠭ ᠢ ᠪᠦᠳᠦᠮᠵᠢᠳᠡᠢ ᠰᠡᠷᠭᠡᠶᠢᠯᠡᠨ ᠬᠤᠷᠢᠭᠯᠠᠪᠠ᠃ ︽ ᠲᠠᠷᠢᠶᠠᠨ ᠭᠠᠵᠠᠷ   ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠲᠤᠰᠬᠠᠢ ᠴᠡᠭᠴᠡᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 660 ᠰᠠᠭᠤᠷᠢ ᠪᠠᠷᠢᠯᠭ᠎ᠠ   ᠶᠢᠨ ᠭᠠᠷ ᠬᠦᠢᠴᠡᠳᠭᠡᠯ ᠢ ᠨᠦᠬᠦᠵᠦ  ᠲᠠᠩᠰᠠᠯᠠᠵᠠᠢ᠃  ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢᠨ ᠬᠠᠨᠳᠤᠰᠢ ᠤᠯᠠᠮ ᠰᠠᠶᠢᠵᠢᠷᠠᠭᠰᠠᠨ᠃   ︽ᠬᠠᠭᠠᠨ ᠤ ᠠᠳᠤᠭᠤᠨ ᠵᠤᠰᠠᠭᠠᠯ︾  ᠂ ︽ᠰᠢᠨᠠᠭᠠᠨ ᠪᠤᠯᠠᠭ︾ ᠵᠡᠷᠭᠡ 7 ᠭᠤᠤᠯᠳᠠᠯᠭᠠᠳᠠᠢ ᠵᠢᠭᠤᠯᠴᠢᠯᠠᠯ ᠤᠨ ᠲᠦᠷᠦᠯ ᠵᠦᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠵᠢᠭᠤᠯᠴᠢᠯᠠᠯ ᠳᠤ ᠭᠡᠷᠡᠭᠯᠡᠬᠦ ᠵᠤᠷᠯᠤᠩ 25 ᠶᠢ  ᠪᠠᠶᠢᠭᠤᠯᠪᠠ᠂ ᠤᠶᠤᠯᠢᠭ ᠵᠢᠭᠤᠯᠴᠢᠯᠠᠯ ᠤᠨ ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠱᠠᠳᠤᠴᠢ ᠴᠢᠨᠠᠷᠳᠠᠢ ᠠᠮᠵᠢᠯᠳᠠ ᠤᠯᠵᠤ᠂ ︽ᠲᠠᠶᠢᠹᠤᠰᠧ ᠬᠤᠰᠢᠭᠤᠨ ᠤ ᠤᠶᠤᠯᠢᠭ ᠵᠢᠭᠤᠯᠴᠢᠯᠠᠯ ᠤᠨ ᠲᠠᠪᠴᠠᠩ︾ ᠢ ᠵᠢᠩᠬᠢᠨᠢ ᠪᠠᠷ ᠨᠡᠪᠳᠡᠷᠡᠬᠦᠯᠵᠡᠢ᠃ ᠬᠦᠢᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ᠂ ᠪᠠᠶᠠᠰᠬᠤᠯᠠᠩᠳᠤ ᠲᠦᠮᠦᠰᠦᠨ ᠤ ᠨᠠᠶᠢᠷ᠂  ᠲᠠᠯ᠎ᠠ ᠨᠤᠳᠤᠭ ᠤᠨ ᠮᠦᠩᠬᠦᠨ ᠡᠪᠦᠯ ᠤᠨ ᠨᠠᠭᠠᠳᠤᠮ ᠵᠡᠷᠭᠡ ᠰᠤᠶᠤᠯ ᠵᠢᠭᠤᠯᠴᠢᠯᠠᠯ ᠤᠨ ᠨᠠᠶᠢᠷ ᠨᠠᠭᠠᠳᠤᠮ ᠢ ᠠᠮᠵᠢᠯᠳᠠᠳᠠᠢ ᠡᠷᠬᠢᠯᠡᠵᠦ᠂ ᠪᠦᠬᠦ ᠵᠢᠯ ᠳᠤ 42 ᠲᠦᠮᠡᠨ ᠵᠢᠭᠤᠯᠴᠢᠯᠠᠭᠴᠢ ︵ᠤᠳᠠᠭ᠎ᠠ︶ ᠶᠢ ᠤᠭᠳᠤᠨ  ᠵᠤᠴᠢᠯᠠᠪᠠ᠃  ᠲᠡᠭᠡᠭᠡᠪᠦᠷᠢ ᠶᠢᠨ ᠦᠢᠯᠡᠰ ᠪᠠ ᠪᠤᠳᠠᠰ ᠤᠨ ᠬᠦᠢᠯᠬᠡᠬᠡᠨ ᠤ ᠦᠢᠯᠡᠰ   ᠤᠨ ᠬᠦᠭᠵᠢᠯᠳᠡ ᠲᠦᠷᠭᠡᠰᠴᠦ᠂ ᠪᠦᠬᠦ ᠵᠢᠯ  ᠳᠤ 322.9 ᠲᠦᠮᠡᠨ ᠲᠤᠨ ᠪᠠᠷᠠᠭᠠᠨ ᠤ ᠲᠡᠭᠡᠭᠡᠪᠦᠷᠢ ᠪᠠ 201.8 ᠲᠦᠮᠡᠨ ᠬᠦᠮᠦᠨ ᠤᠳᠠᠭ᠎ᠠ ᠶᠢᠨ ᠠᠶᠠᠨᠴᠢᠨ ᠤ ᠵᠦᠬᠡᠬᠡᠪᠦᠷᠢ ᠶᠢ ᠪᠡᠶᠡᠯᠡᠬᠦᠯᠵᠦ᠂  ᠲᠤᠰᠪᠤᠷᠢ 3%  ᠪᠠ 7%   ᠪᠠᠷ ᠨᠡᠮᠡᠭᠳᠡᠵᠡᠢ᠃ ᠤᠯᠤᠰ ᠤᠨ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ   ᠢ ᠬᠦᠳᠡᠭᠡ ᠲᠤᠰᠬᠤᠨ ᠳᠤ ᠤᠷᠤᠭᠤᠯᠬᠤ ᠵᠢᠱᠢᠶ᠎ᠡ ᠦᠵᠡᠬᠦᠯᠬᠦ ᠬᠤᠰᠢᠭᠤ  ᠶᠢᠨ ᠲᠦᠷᠦᠯ ᠵᠦᠢᠯ ᠢ ᠤᠷᠤᠭᠰᠢᠳᠠᠢ ᠭᠡᠷᠡᠭᠵᠢᠬᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠳᠡ ᠶᠢᠨ ᠦᠢᠯᠡᠴᠢᠯᠡᠬᠡᠨ ᠤ ᠲᠦᠪ᠂ ᠬᠦᠮᠦᠷᠭᠡᠯᠡᠨ ᠬᠠᠳᠠᠭᠠᠯᠠᠬᠤ ᠪᠠ  ᠬᠦᠯᠳᠡᠭᠡᠯᠳᠡ ᠪᠠᠷ ᠬᠦᠷᠭᠡᠬᠦ ᠴᠢᠳᠠᠮᠵᠢ ᠲᠠᠢ ᠪᠤᠳᠠᠰ  ᠤᠨ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠲᠦᠪ   ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ 124 ᠭᠠᠴᠠᠭ᠎ᠠ ᠲᠤᠰᠬᠤᠨ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠷᠳᠡᠭᠡ   ᠶᠢ ᠪᠠᠶᠢᠭᠤᠯᠤᠭᠰᠠᠨ ᠪᠠ ᠲᠡᠰ ᠲᠡᠪᠰᠢᠬᠦᠯᠬᠦ ᠦᠬᠡᠷᠡᠴᠢᠯᠡᠯᠳᠡ ᠬᠢᠵᠦ᠂  ᠪᠦᠬᠦ ᠬᠤᠰᠢᠭᠤᠨ ᠤ ᠲᠠᠩᠰᠠᠯᠠᠭᠤᠯᠤᠭᠰᠠᠨ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ  37 ᠡᠷᠦᠬᠡ᠂  ᠰᠦᠯᠵᠢᠶ᠎ᠡ ᠲᠡᠭᠡᠷ᠎ᠡ  ᠪᠤᠷᠤᠯᠠᠭᠤᠯᠤᠭᠴᠢ  586 ᠡᠷᠦᠬᠡ ᠪᠤᠯᠵᠤ ᠨᠡᠮᠡᠭᠳᠡᠨ᠂  ᠠᠷᠠᠯᠵᠢᠶ᠎ᠠ  ᠰᠤᠯᠢᠯᠴᠠᠭᠠᠨ ᠤ ᠬᠡᠮᠵᠢᠶ᠎ᠡ 1.27  ᠳ᠋ᠦᠩᠰᠢᠭᠤᠷ ᠲᠦᠬᠦᠷᠢᠭ ᠲᠤ  ᠬᠦᠷᠴᠡᠢ᠃ ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠬᠡᠯᠡᠯᠬᠡ ᠶᠢᠨ ᠦᠯᠡᠳᠡᠪᠦᠷᠢ ᠲᠤᠰᠪᠤᠷᠢ 62.74  ᠳ᠋ᠦᠩᠰᠢᠭᠤᠷ ᠲᠦᠬᠦᠷᠢᠭ ᠪᠠ 38.51 ᠳ᠋ᠦᠩᠰᠢᠭᠤᠷ ᠲᠦᠬᠦᠷᠢᠭ ᠲᠤ ᠬᠦᠷᠴᠦ ᠂ 3 % ᠪᠠ 2.5 % ᠪᠠᠷ ᠨᠡᠮᠡᠭᠳᠡᠪᠡ᠃      ︵ᠭᠤᠷᠪᠠ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃  ᠬᠤᠳᠠ ᠰᠠᠭᠤᠷᠢᠨ ᠤ ᠪᠦᠳᠦᠬᠡᠨ ᠪᠠᠶᠢᠭᠤᠯᠤᠯᠳᠠ ᠯᠠᠪᠳᠠᠭᠤᠨ ᠢᠶᠠᠷ ᠠᠬᠢᠭᠰᠠᠨ᠃   ᠪᠤᠤᠴᠠᠩ ᠤᠨ ᠰᠢᠨ᠎ᠡ ᠲᠤᠭᠤᠷᠢᠭ ᠤᠨ ᠪᠤᠤᠴᠠᠩ ᠵᠡᠬᠡᠯᠢ᠂  ᠶᠢᠩ ᠪᠢᠨ ᠵᠠᠮ ᠵᠡᠷᠭᠡ ᠵᠠᠮ ᠵᠡᠬᠡᠯᠢ ᠶᠢᠨ ᠨᠤᠭᠤᠭᠠᠷᠠᠭᠤᠯᠤᠯᠳᠠ ᠪᠠ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠶᠢ ᠬᠢᠵᠦ᠂ 92 ᠲᠦᠮᠡᠨ ᠪᠤᠳᠠ  ᠨᠢᠯᠬ᠎ᠠ ᠮᠤᠳᠤ ᠲᠠᠷᠢᠪᠠ᠃  ᠬᠤᠳᠠ ᠶᠢᠨ ᠲᠤᠳᠤᠷᠠᠬᠢ 17 ᠲᠦᠮᠡᠨ ᠬᠠᠪᠳᠠᠭᠠᠢ ᠲᠦᠷᠪᠡᠯᠵᠢᠨ ᠮᠧᠲᠷ ᠵᠠᠮ ᠢ ᠵᠠᠰᠠᠨ ᠰᠠᠶᠢᠵᠢᠷᠠᠭᠤᠯᠵᠤ᠂  1 ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠲᠡᠪᠢᠰᠴᠦ ᠬᠠᠳᠠᠭᠤᠷᠠᠭᠤᠯᠤᠨ᠂  ᠵᠡᠬᠡᠯᠢ ᠶᠢᠨ ᠳ᠋ᠧᠩ 400   ᠶᠢ ᠤᠭᠰᠠᠷᠠᠵᠠᠢ᠃ ᠢᠯᠴᠢ ᠬᠠᠩᠭᠠᠬᠤ ᠲᠤᠤᠷ ᠬᠤᠭᠤᠯᠠᠢ ᠶᠢ ᠰᠠᠶᠢᠵᠢᠷᠠᠭᠤᠯᠬᠤ PPP ᠲᠦᠷᠦᠯ ᠵᠦᠢᠯ ᠢ ᠯᠠᠪᠳᠠᠭᠤᠨ ᠵᠨᠷ ᠲᠦᠯᠬᠢᠨ ᠠᠬᠢᠭᠤᠯᠵᠤ᠂  12  ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠤᠭᠰᠠᠷᠠᠨ᠂ 2 ᠰᠠᠭᠤᠷᠢ ᠢᠯᠴᠢ ᠰᠤᠯᠢᠭᠳᠠᠭᠤᠯᠬᠤ ᠦᠷᠳᠡᠭᠡ ᠶᠢ ᠰᠢᠨ᠎ᠡ ᠪᠠᠷ ᠪᠠᠶᠢᠭᠤᠯᠪᠠ᠃ ᠰᠢᠨ᠎ᠡ ᠲᠤᠭᠤᠷᠢᠭ ᠤᠨ  ᠤᠰᠤ ᠬᠠᠩᠭᠠᠬᠤ ᠦᠢᠯᠡᠳᠪᠦᠷᠢ   ᠶᠢᠨ ᠪᠦᠳᠦᠬᠡᠨ ᠪᠠᠶᠢᠭᠤᠯᠤᠯᠳᠠ ᠦᠨᠳᠦᠰᠦᠨ ᠳᠡᠭᠡᠨ ᠲᠠᠬᠦᠰᠴᠦ ᠂ 1 ᠬᠤᠳᠳᠤᠭ ᠨᠢ ᠠᠰᠢᠭᠯᠠᠯᠳᠠ ᠳᠤ ᠤᠷᠤᠭᠠᠳ᠂ ᠬᠤᠳᠠ  ᠪᠠᠯᠭᠠᠰᠤᠨ ᠤ ᠤᠰᠤᠨ ᠤ ᠬᠠᠩᠭᠠᠯᠭ᠎ᠠ ᠢᠯᠡᠳᠳᠡ ᠰᠠᠶᠢᠵᠢᠷᠠᠭᠰᠠᠨ ᠪᠠᠶᠢᠨ᠎ᠠ᠃ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤ ᠴᠡᠪᠡᠷᠰᠢᠬᠦᠯᠬᠦ ᠮᠡᠷᠭᠡᠵᠢᠯ ᠤᠨ ᠦᠬᠡᠷᠡᠴᠢᠯᠡᠯᠳᠡ ᠪᠠ ᠰᠢᠪᠠᠷ ᠰᠢᠷᠤᠢ ᠰᠢᠢᠳᠪᠦᠷᠢᠯᠡᠬᠦ ᠲᠦᠷᠦᠯ ᠵᠦᠢᠯ ᠤᠨ ᠪᠠᠷᠢᠯᠭ᠎ᠠ ᠲᠠᠭᠤᠰᠴᠤ ᠠᠰᠢᠭᠯᠠᠯᠳᠠ ᠳᠤ ᠤᠷᠤᠭᠠᠳ᠂ ᠴᠡᠪᠡᠷᠰᠢᠬᠦᠯᠦᠭᠰᠡᠨ ᠤᠰᠤ ᠶᠢ ᠲᠠᠬᠢᠨ ᠭᠡᠷᠡᠭᠯᠡᠬᠦ 5 ᠺᠢᠯᠤᠮᠧᠲᠷ ᠭᠠᠵᠠᠷ ᠲᠤᠤᠷᠠᠬᠢ ᠤᠰᠤᠨ ᠤ ᠰᠤᠪᠠᠭ  ᠤᠨ ᠪᠠᠷᠢᠯᠭ᠎ᠠ   ᠶᠢ ᠲᠠᠭᠤᠰᠬᠠᠪᠠ  ᠃ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠢ  ᠬᠦᠨᠵᠡᠭᠡᠢ ᠲᠦᠯᠬᠢᠨ ᠠᠬᠢᠭᠤᠯᠵᠤ᠂ ᠭᠡᠷ ᠪᠠᠶᠢᠰᠢᠩ   ᠤᠨ ᠲᠦᠷᠢᠶᠡᠰᠦᠨ ᠤ ᠨᠦᠬᠦᠪᠦᠷᠢ 294 ᠲᠦᠮᠡᠨ ᠲᠦᠬᠦᠷᠢᠭ ᠲᠠᠷᠬᠠᠭᠠᠨ᠂ 4 ᠰᠠᠭᠤᠷᠢ ᠬᠠᠭᠤᠴᠢᠷᠠᠭᠰᠠᠨ ᠰᠠᠭᠤᠭᠠᠯᠢ ᠲᠤᠭᠤᠷᠢᠭ ᠲᠤ ᠦᠬᠡᠷᠡᠴᠢᠯᠡᠯᠳᠡ ᠬᠢᠵᠦ᠂  ᠲᠦᠬᠦᠮ ᠪᠦᠳᠦᠬᠦᠯᠢᠭ ᠤᠷᠤᠨ ᠰᠠᠭᠤᠴᠠ ᠶᠢᠨ ᠲᠤᠭᠤᠷᠢᠭ ᠤᠨ ᠦᠬᠡᠷᠡᠴᠢᠯᠡᠯᠳᠡ ᠶᠢᠨ ᠲᠦᠷᠦᠯ ᠵᠦᠢᠯ ᠢ ᠬᠦᠴᠦ ᠲᠠᠯᠪᠢᠵᠤ ᠭᠡᠷᠡᠭᠵᠢᠬᠦᠯᠦᠨ᠂ 731 ᠡᠷᠦᠬᠡ ᠲᠠᠢ ᠭᠡᠷ ᠪᠠᠶᠢᠰᠢᠩ ᠲᠠᠳᠠᠪᠤᠷᠢᠯᠠᠨ ᠭᠡᠷᠡᠭᠯᠡᠬᠦ ᠭᠡᠷ᠎ᠡ ᠲᠤᠭᠳᠠᠵᠤ᠂    ᠨᠦᠬᠦᠪᠦᠷᠢ ᠮᠦᠩᠬᠦ 1.48  ᠳ᠋ᠦᠩᠰᠢᠭᠤᠷ ᠲᠦᠬᠦᠷᠢᠭ ᠢ  ᠲᠠᠷᠬᠠᠭᠠᠨ᠂  ᠶᠠᠩ ᠭᠤᠸᠠᠩ ᠰᠠᠭᠤᠭᠠᠯᠢ ᠲᠤᠭᠤᠷᠢᠭ ᠤᠨ ᠨᠢᠬᠡᠳᠦᠭᠡᠷ ᠪᠦᠯᠦᠭ ᠪᠠᠷᠢᠯᠭ᠎ᠠ ᠢ ᠲᠤᠭᠳᠠᠭᠰᠠᠨ ᠬᠤᠭᠤᠴᠠᠭᠠᠨ ᠳᠤ ᠲᠠᠭᠤᠰᠬᠠᠵᠤ᠂ 436 ᠡᠷᠦᠬᠡ   ᠶᠢ ᠠᠰᠠᠷ ᠲᠤ ᠨᠡᠬᠦᠯᠭᠡᠭᠰᠡᠨ ᠪᠦᠬᠡᠳ  ᠬᠤᠶᠠᠳᠤᠭᠠᠷ  ᠪᠦᠯᠦᠭ ᠤᠨ  ᠪᠦᠳᠦᠬᠡᠨ ᠪᠠᠶᠢᠭᠤᠯᠤᠯᠳᠠ ᠶᠢ ᠡᠬᠢᠯᠡᠭᠰᠡᠨ ᠪᠠᠶᠢᠨ᠎ᠠ᠃ ᠠᠭᠠᠷ  ᠤᠨ ᠰᠡᠷᠭᠡᠶᠢᠯᠡᠯᠳᠡ ᠶᠢᠨ ᠠᠵᠢᠯ ᠦᠢᠯᠡᠰ ᠲᠠᠪᠠᠯᠳᠠᠳᠤ  ᠬᠦᠭᠵᠢᠯᠳᠡ ᠶᠢ ᠪᠡᠶᠡᠯᠡᠬᠦᠯᠵᠦ᠂ ᠭᠤᠤᠯᠳᠠᠯᠭᠠᠳᠠᠢ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠤᠷᠤᠭᠰᠢᠳᠠᠢ ᠶᠠᠪᠤᠭᠳᠠᠨ᠂  ᠵᠢᠯᠤᠭᠤᠳᠤᠯᠭ᠎ᠠ ᠴᠢᠮᠡᠭᠡ ᠬᠤᠯᠪᠤᠭᠠᠨ ᠤ ᠲᠠᠪᠴᠠᠩ ᠤᠨ ᠪᠠᠶᠢᠭᠤᠯᠤᠯᠳᠠ ᠡᠬᠢᠯᠡᠵᠦ᠂ ᠬᠤᠳᠠ ᠶᠢᠨ  ᠰᠡᠷᠭᠡᠶᠢᠯᠡᠨ ᠬᠠᠮᠠᠭᠠᠯᠠᠯᠳᠠ ᠪᠠ ᠮᠡᠳᠡᠭᠡ ᠵᠠᠩᠬᠢᠵᠢᠭᠰᠠᠨ ᠵᠢᠯᠤᠭᠤᠳᠬᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠠᠢ᠃  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠡᠬᠢᠯᠡᠯᠳᠡ ᠰᠠᠶᠢᠨ ᠪᠠᠶᠢᠭ᠎ᠠ᠃  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯ ᠤᠨ ᠲᠦᠯᠦᠪᠯᠡᠭᠡ ᠪᠠ 2019 ᠤᠨ ᠤ ᠭᠡᠷᠡᠭᠵᠢᠬᠦᠯᠬᠦ ᠲᠦᠰᠦᠪ ᠢ  ᠰᠤᠳᠤᠯᠤᠨ ᠲᠤᠭᠳᠠᠭᠠᠵᠤ᠂  ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠬᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠤᠨ᠂ ᠭᠠᠵᠠᠷ ᠰᠢᠷᠤᠢ᠂ ᠨᠤᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠲᠤᠳᠤᠯᠠᠬᠤ ᠠᠵᠢᠯ ᠢ ᠪᠦᠬᠦ ᠲᠠᠯᠠᠪᠠᠷ ᠪᠡᠶᠡᠯᠡᠬᠦᠯᠵᠦ᠂ 15000 ᠦᠨᠡᠮᠯᠡᠯ ᠢ ᠲᠠᠷᠬᠠᠭᠠᠪᠠ᠃  ᠮᠠᠯᠵᠢᠬᠤ ᠲᠠᠷᠢᠶᠠᠯᠠᠬᠤ ᠤᠷᠤᠨ ᠤ  ᠶᠡᠷᠦᠩᠬᠡᠶᠢᠯᠡᠭᠰᠡᠨ ᠦᠬᠡᠷᠡᠴᠢᠯᠡᠯᠳᠡ ᠶᠢ  ᠬᠦᠨᠵᠡᠭᠡᠶᠢᠷᠡᠬᠦᠯᠵᠦ᠂  ᠦᠵᠡᠰᠬᠦᠯᠡᠩᠳᠦ ᠬᠦᠳᠡᠭᠡ ᠲᠤᠰᠬᠤᠨ ᠤ ᠲᠦᠷᠦᠯ ᠵᠦᠢᠯ 4᠂  ︽ᠲᠤᠰᠬᠠᠢ ᠲᠦᠷᠦᠯ ᠢᠶᠠᠷ ᠵᠦᠪᠯᠡᠬᠦ︾ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠲᠦᠷᠦᠯ ᠵᠦᠢᠯ 32 ᠢ ᠭᠡᠷᠡᠭᠵᠢᠬᠦᠯᠦᠨ᠂ 7 ᠭᠠᠴᠠᠭ᠎ᠠ ᠲᠤᠰᠬᠤᠨ ᠢ ᠬᠠᠪᠰᠤᠷᠴᠤ ᠬᠠᠮᠳᠤ ᠶᠢᠨ ᠠᠵᠤ ᠠᠬᠤᠢ ᠶᠢ   ᠨᠢ ᠬᠦᠭᠵᠢᠬᠦᠯᠵᠦ᠂  ᠪᠢᠶᠠᠨ ᠴᠢᠶᠠᠩ ᠲᠤᠰᠬᠤᠨ ᠢᠶᠠᠷ ᠭᠤᠤᠯ  ᠪᠤᠯᠭᠠᠭᠰᠠᠨ  ᠲᠠᠷᠢᠶᠠᠯᠠᠩ ᠤᠨ ᠲᠤᠷᠰᠢᠯᠳᠠ ᠶᠢᠨ ᠲᠦᠷᠦᠯ ᠵᠦᠢᠯ  ᠯᠠᠪᠳᠠᠭᠤᠨ ᠢᠶᠠᠷ ᠡᠬᠢᠯᠡᠪᠡ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯ ᠤᠨ ᠲᠦᠯᠦᠪᠯᠡᠭᠡ ᠶᠢ ᠲᠤᠭᠳᠠᠭᠠᠵᠤ᠂ ᠬᠤᠳᠠ ᠬᠦᠳᠡᠭᠡ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠪᠠ ᠨᠡᠶᠢᠳᠡ ᠶᠢᠨ ᠲᠦᠬᠦᠭᠡᠷᠦᠮᠵᠢ  ᠶᠢᠨ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠤᠨ᠂ 283 ᠲᠦᠮᠡᠨ ᠲᠦᠬᠦᠷᠢᠭ ᠤᠨ ᠪᠡᠯᠡ  ᠮᠦᠩᠬᠦ ᠶᠢ ᠨᠢᠬᠡᠳᠬᠡᠨ ᠲᠤᠬᠢᠷᠠᠭᠤᠯᠵᠤ᠂  ᠤᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠯᠳᠡ ᠶᠢᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ 82 ᠪᠠᠶᠢᠭᠰᠠᠨ ᠠᠴᠠ ᠪᠠᠨ 106  ᠪᠤᠯᠵᠤ ᠨᠡᠮᠡᠭᠳᠡᠪᠡ᠃  ᠨᠤᠷᠠᠬᠤ ᠠᠶᠤᠯᠳᠠᠢ ᠭᠡᠷ ᠪᠠᠶᠢᠰᠢᠩ ᠤᠨ ᠦᠬᠡᠷᠡᠴᠢᠯᠡᠯᠳᠡ ᠶᠢ ᠬᠦᠴᠦᠯᠡᠨ ᠭᠡᠷᠡᠭᠵᠢᠬᠦᠯᠵᠦ᠂ 3545 ᠡᠷᠦᠬᠡ ᠲᠠᠢ ᠰᠢᠨᠡᠳᠬᠡᠨ ᠪᠠᠶᠢᠭᠤᠯᠬᠤ ᠭᠡᠷ᠎ᠡ  ᠲᠤᠭᠳᠠᠭᠠᠳ᠂ ᠲᠤᠰ ᠵᠢᠯ ᠳᠡᠭᠡᠨ 1890 ᠡᠷᠦᠬᠡ ᠶᠢᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠭᠰᠠᠨ ᠪᠠᠶᠢᠨ᠎ᠠ᠃  ᠰᠠᠭᠤᠷᠢ ᠲᠦᠬᠦᠭᠡᠷᠦᠮᠵᠢ ᠶᠢᠨ ᠪᠠᠳᠤᠯᠠᠭ᠎ᠠ ᠲᠠᠰᠤᠷᠠᠯᠳᠠ ᠦᠬᠡᠢ ᠴᠢᠩᠭᠠᠷᠠᠭᠰᠠᠨ᠃  ︽ᠲᠦᠷᠪᠡᠨ ᠰᠠᠶᠢᠨᠳᠠᠢ ᠬᠦᠳᠡᠭᠡ ᠶᠢᠨ ᠵᠠᠮ︾   ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠠᠶᠢᠮᠠᠭ ᠲᠠᠭᠠᠨ ᠬᠠᠮᠤᠭ ᠤᠷᠢᠳᠠᠪᠠᠷ  ︽ᠲᠦᠷᠪᠡᠨ ᠰᠠᠶᠢᠨᠳᠠᠢ ᠬᠦᠳᠡᠭᠡ ᠶᠢᠨ ᠵᠠᠮ︾   ᠤᠨ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ ᠶᠢ ᠲᠤᠭᠳᠠᠭᠠᠭᠰᠠᠨ ᠪᠠᠶᠢᠨ᠎ᠠ  ᠃ ᠴᠢᠶᠠᠨ  ᠫᠤᠤ ᠱᠤᠭᠤᠮ᠂  ᠪᠤᠤ ᠮᠤ᠋ ᠱᠤᠭᠤᠮ᠂ ᠪᠤᠤ ᠴᠢ ᠱᠤᠭᠤᠮ᠂ ᠬᠤᠩ ᠪᠤᠤ ᠱᠤᠭᠤᠮ 4 ᠵᠤᠷᠪᠤᠰ ᠬᠤᠰᠢᠭᠤ ᠰᠤᠮᠤᠨ ᠤ ᠵᠠᠰᠠᠮᠠᠯ ᠵᠠᠮ ᠪᠠᠶᠢᠭᠤᠯᠤᠭᠳᠠᠵᠤ ᠲᠡᠷᠭᠡ ᠨᠡᠪᠳᠡᠷᠡᠨ᠂ ᠬᠤᠰᠢᠭᠤ ᠰᠤᠮᠤᠨ ᠤ ᠭᠤᠤᠯ ᠵᠠᠮ ᠪᠦᠬᠦ ᠲᠠᠯᠠᠪᠠᠷ ᠲᠡᠰ ᠲᠡᠪᠰᠢᠵᠦ᠂  ︽304︾ ᠮᠤᠵᠢ ᠶᠢᠨ ᠵᠠᠮ ᠢ  ᠵᠠᠰᠠᠨ ᠰᠠᠶᠢᠵᠢᠷᠠᠭᠤᠯᠬᠤ ᠢᠨᠵᠧᠨᠧᠷᠢᠩ ᠤᠨ ᠲᠦᠷᠦᠬᠦᠴᠢ ᠬᠤᠭᠤᠴᠠᠭᠠᠨ ᠤ ᠠᠵᠢᠯ ᠦᠨᠳᠦᠰᠦᠨ ᠳᠡᠭᠡᠨ ᠪᠡᠶᠡᠯᠡᠭᠳᠡᠪᠡ᠃   ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠠᠶᠢᠹᠤᠰᠧ ᠬᠤᠰᠢᠭᠤᠨ ᠳᠤ ᠦᠷᠳᠡᠭᠡ ᠪᠠᠶᠢᠭᠤᠯᠬᠤ  ᠡᠷᠡᠮᠡᠯᠵᠡᠯ ᠤᠨ ᠠᠵᠢᠯ  ᠮᠡᠳᠡᠭᠳᠡᠮ᠎ᠡ ᠠᠬᠢᠯᠳᠠ ᠲᠠᠢ ᠪᠠᠶᠢᠭ᠎ᠠ᠃ ᠬᠤ᠋ ᠯᠤ᠋ ᠢᠤᠢ ᠭᠤᠤᠯ ᠤᠨ ᠦᠶ᠎ᠡ ᠰᠡᠷᠭᠡᠶᠢᠯᠡᠬᠦ ᠨᠢᠬᠡᠳᠦᠭᠡᠷ ᠬᠤᠭᠤᠴᠠᠭᠠᠨ ᠤ ᠢᠨᠵᠧᠨᠧᠷᠢᠩ  ᠲᠠᠭᠤᠰᠴᠤ᠂  ᠠᠶᠤᠯᠬᠦᠢ ᠤᠰᠤ ᠤᠮᠳᠠ ᠶᠢ ᠪᠠᠬᠢᠵᠢᠬᠦᠯᠦᠨ ᠴᠢᠨᠠᠷᠵᠢᠭᠤᠯᠬᠤ ᠢᠨᠵᠧᠨᠧᠷᠢᠩ 25  ᠭᠠᠵᠠᠷ ᠲᠤ ᠭᠡᠷᠡᠭᠵᠢᠬᠦᠯᠵᠦ᠂  6828 ᠬᠦᠮᠦᠨ᠂ 2.4 ᠲᠦᠮᠡᠨ ᠮᠠᠯ ᠤᠨ ᠤᠰᠤ ᠤᠮᠳᠠ ᠶᠢ ᠰᠢᠢᠳᠪᠦᠷᠢᠯᠡᠭᠰᠡᠨ ᠪᠠᠶᠢᠨ᠎ᠠ᠃ ᠰᠦᠷᠴᠢᠨ ᠤᠰᠤᠯᠠᠬᠤ ᠠᠷᠭ᠎ᠠ ᠶᠢ ᠲᠤᠰᠤᠯᠠᠭᠤᠯᠤᠨ ᠤᠰᠤᠯᠠᠬᠤ ᠠᠷᠭ᠎ᠠ ᠪᠠᠷ ᠦᠬᠡᠷᠡᠴᠢᠯᠡᠬᠦ ᠲᠠᠯᠠᠪᠠᠢ 1.8 ᠲᠦᠮᠡᠨ ᠮᠤ᠋ ᠨᠡᠮᠡᠭᠳᠡᠵᠦ᠂  ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠦᠬᠡᠷᠡᠴᠢᠯᠡᠯᠳᠡ ᠶᠢᠨ ᠲᠦᠷᠦᠯ ᠵᠦᠢᠯ   ᠢ 5.2 ᠲᠦᠮᠡᠨ ᠮᠤ᠋ ᠳᠤ ᠭᠡᠷᠡᠭᠵᠢᠬᠦᠯᠦᠨ᠂ 35 ᠬᠠᠪᠳᠠᠭᠠᠢ ᠲᠦᠷᠪᠡᠯᠵᠢᠨ ᠺᠢᠯᠤᠮᠧᠲᠷ  ᠪᠠᠭ᠎ᠠ ᠰᠠᠪᠠ ᠭᠠᠵᠠᠷ ᠤᠨ ᠵᠠᠰᠠᠯᠳᠠ  ᠶᠢ ᠬᠢᠪᠡ᠃  10  ᠺᠢᠯᠤᠸᠤᠯᠲ  ᠪᠠ ᠲᠡᠬᠦᠨ ᠠᠴᠠ  ᠪᠠᠭ᠎ᠠ  ᠬᠦᠴᠦᠳᠡᠯᠳᠦ ᠴᠠᠬᠢᠯᠭᠠᠨ ᠱᠤᠭᠤᠮ ᠢ 91.6 ᠺᠢᠯᠤᠮᠧᠲᠷ ᠪᠠᠶᠢᠭᠤᠯᠵᠤ᠂ 27 ᠰᠠᠤᠷᠢ ᠴᠠᠬᠢᠯᠭᠠᠨ ᠬᠤᠪᠢᠰᠬᠠᠭᠤᠷ  ᠤᠭᠰᠠᠷᠠᠨ᠂  ᠪᠦᠬᠦ ᠵᠢᠯ   ᠤᠨ ᠴᠠᠬᠢᠯᠭᠠᠨ ᠤ ᠪᠤᠷᠤᠯᠠᠭᠤᠯᠭ᠎ᠠ 3.88  ᠳ᠋ᠦᠩᠰᠢᠭᠤᠷ ᠺᠢᠯᠤᠸᠠᠲ ᠳᠤ ᠬᠦᠷᠴᠡᠢ᠃  140 ᠭᠠᠴᠠᠭ᠎ᠠ ᠲᠤᠰᠬᠤᠨ   ᠳᠤ ᠴᠠᠬᠢᠯᠭᠠᠨ ᠬᠤᠯᠪᠤᠭ᠎ᠠ  ᠲᠦᠭᠡᠮᠡᠯᠵᠢᠬᠦᠯᠬᠦ ᠠᠵᠢᠯ ᠢ ᠬᠢᠵᠦ᠂   ᠪᠦᠬᠦ ᠬᠤᠰᠢᠭᠤᠨ ᠤ ᠵᠠᠰᠠᠭ ᠵᠠᠬᠢᠷᠭᠠᠨ ᠤ ᠭᠠᠴᠠᠭ᠎ᠠ ᠲᠤᠰᠬᠤᠨ  ᠳᠤ ᠰᠦᠯᠵᠢᠶ᠎ᠡ ᠨᠡᠪᠳᠡᠷᠡᠬᠦ ᠨᠤᠷᠮ᠎ᠠ 100 % ᠳᠤ ᠬᠦᠷᠦᠭᠰᠡᠨ ᠪᠠᠶᠢᠨ᠎ᠠ᠃        ︵ᠲᠦᠷᠪᠡ︶ ᠠᠷᠠᠳ ᠲᠦᠮᠡᠨ ᠤ ᠠᠵᠠ ᠵᠢᠷᠭᠠᠯ ᠦᠷᠬᠦᠯᠵᠢᠯᠡᠨ ᠨᠡᠮᠡᠭᠳᠡᠪᠡ᠃  ᠠᠷᠠᠳ ᠤᠨ ᠠᠮᠢᠳᠤᠷᠠᠯ  ᠤᠨ ᠪᠠᠳᠤᠯᠠᠭ᠎ᠠ ᠲᠠᠰᠤᠷᠠᠯᠳᠠ ᠦᠬᠡᠢ ᠲᠡᠬᠦᠯᠳᠡᠷᠵᠢᠭᠰᠡᠨ᠃  ᠪᠦᠬᠦ ᠵᠢᠯ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠭᠰᠡᠨ ᠵᠠᠷᠤᠳᠠᠯ 18.6 ᠳ᠋ᠦᠩᠰᠢᠭᠤᠷ ᠲᠦᠬᠦᠷᠢᠭ ᠲᠤ ᠬᠦᠷᠴᠦ᠂  ᠡᠩ ᠤᠨ ᠨᠡᠶᠢᠳᠡ  ᠶᠢᠨ ᠲᠦᠰᠦᠪ ᠤᠨ ᠵᠠᠷᠤᠯᠭ᠎ᠠ ᠶᠢᠨ 88.4 % ᠶᠢ  ᠡᠵᠡᠯᠡᠨ᠂ ᠵᠢᠯ ᠤᠨ ᠡᠬᠢᠨ ᠳᠤ ᠠᠮᠠᠯᠳᠠᠭᠰᠠᠨ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠳ  ᠦᠷ᠎ᠡ ᠪᠦᠳᠦᠮᠵᠢ ᠲᠠᠢ ᠨᠠᠶᠢᠳᠠᠪᠤᠷᠢᠵᠢᠭᠰᠠᠨ ᠪᠠᠶᠢᠨ᠎ᠠ᠃ 10105 ᠠᠵᠢᠯ  ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ ᠠᠵᠢᠯ ᠤᠯᠤᠭᠰᠠᠨ ᠬᠦᠮᠦᠨ 1649 ᠨᠡᠮᠡᠭᠳᠡᠵᠦ᠂ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ 378 ᠲᠦᠮᠡᠨ ᠲᠦᠬᠦᠷᠢᠭ ᠲᠠᠷᠬᠠᠭᠠᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ 3.09 % ᠳᠤ ᠬᠢᠵᠠᠭᠠᠷᠯᠠᠭᠳᠠᠵᠠᠢ᠃ ᠵᠢᠶᠠᠨ ᠰᠢᠩ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ᠂  ᠭᠠᠯ ᠰᠡᠷᠭᠡᠶᠢᠯᠡᠬᠦ ᠶᠡᠭᠡ ᠠᠩᠬᠢ ᠶᠢᠨ  ᠭᠡᠷ ᠪᠠᠷᠢᠯᠭ᠎ᠠ ᠠᠰᠢᠭᠯᠠᠯᠳᠠ ᠳᠤ ᠤᠷᠤᠵᠤ᠂  ᠪᠦᠬᠦ ᠠᠶᠢᠮᠠᠭ ᠤᠨ ᠠᠩᠬᠠᠳᠠᠭᠴᠢ ᠤᠷᠤᠨ ᠪᠦᠰᠡᠴᠢ ᠴᠢᠨᠠᠷᠳᠠᠢ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠦᠨᠳᠦᠰᠦᠨ ᠳᠡᠭᠡᠨ ᠲᠠᠭᠤᠰᠤᠭᠰᠠᠨ ᠪᠠᠶᠢᠨ᠎ᠠ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠪᠠᠷᠢᠮᠵᠢᠶ᠎ᠠ ᠲᠤᠰᠪᠤᠷᠢ 1.7 % ᠪᠠ 2 % ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠤᠷᠤᠨ ᠤ ᠤᠨᠴᠠ ᠬᠦᠴᠢᠷᠳᠡᠢ ᠬᠦᠮᠦᠰ᠂  ᠬᠤᠳᠠ ᠪᠠᠯᠭᠠᠰᠤᠨ ᠤ ︽ᠭᠤᠷᠪᠠ ᠦᠬᠡᠢ︾ ᠬᠦᠮᠦᠰ᠂ ᠦᠨᠦᠴᠢᠨ ᠬᠡᠦᠭᠡᠳ ᠤᠨ ᠠᠰᠠᠷᠠᠮᠵᠢ ᠶᠢᠨ ᠮᠦᠩᠬᠦᠨ ᠤ ᠪᠠᠷᠢᠮᠵᠢᠶ᠎ᠠ  ᠵᠢᠯ ᠲᠠᠷᠠᠭᠠᠯᠠᠨ ᠦᠰᠴᠡᠢ᠃  ᠨᠠᠰᠤᠵᠢᠯ ᠤᠨ  ᠠᠰᠠᠷᠠᠮᠵᠢ ᠶᠢᠨ ᠤᠯᠭᠤᠮᠵᠢ ᠶᠢ ᠲᠤᠬᠢᠷᠠᠭᠤᠯᠬᠤ ᠠᠵᠢᠯ ᠢ ᠨᠢᠮᠪᠠᠢ ᠨᠠᠶᠢᠳᠠᠪᠤᠷᠢᠵᠢᠭᠤᠯᠵᠤ᠂ ᠦᠨᠳᠦᠰᠦᠨ ᠡᠮᠨᠡᠯᠬᠡ ᠶᠢᠨ ᠲᠠᠭᠠᠳᠬᠠᠯ ᠤᠨ ᠦᠬᠡᠷᠡᠴᠢᠯᠡᠯᠳᠡ ᠶᠢ ᠪᠦᠬᠦ ᠲᠠᠯᠠᠪᠠᠷ ᠬᠦᠨᠵᠡᠭᠡᠶᠢᠷᠡᠬᠦᠯᠪᠡ᠃ 2760 ᠨᠡᠷ᠎ᠡ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠠᠩᠰᠠᠯᠠᠨ ᠬᠠᠷᠭᠤᠭᠤᠯᠵᠤ ᠲᠡᠭᠡᠭᠰᠢ ᠮᠡᠳᠡᠬᠦᠯᠦᠨ᠂  207 ᠨᠡᠷ᠎ᠡ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠡᠷᠢᠭ ᠠᠴᠠ ᠬᠠᠯᠠᠭᠳᠠᠭᠰᠠᠳ  ᠲᠤ ᠠᠵᠢᠯ  ᠲᠤᠬᠢᠷᠠᠭᠤᠯᠵᠤ᠂ ᠡᠯ᠎ᠡ ᠲᠦᠷᠦᠯ ᠤᠨ ᠠᠰᠠᠷᠠᠨ ᠬᠠᠷᠠᠭᠠᠯᠵᠠᠬᠤ ᠮᠦᠩᠬᠦ ᠪᠠ ᠠᠮᠢᠳᠤᠷᠠᠯ ᠤᠨ ᠨᠦᠬᠦᠪᠦᠷᠢ  ᠶᠢᠨ ᠪᠠᠷᠢᠮᠵᠢᠶ᠎ᠠ ᠦᠷᠬᠦᠯᠵᠢᠯᠡᠨ ᠲᠡᠭᠡᠭᠰᠢᠯᠡᠪᠡ᠃ ᠬᠦᠯᠦᠰᠦᠨ ᠠᠵᠢᠯᠴᠢᠨ ᠤ ᠴᠠᠯᠢᠩ ᠢ  ᠪᠠᠳᠤᠯᠠᠬᠤ  ᠠᠵᠢᠯᠯᠠᠭ᠎ᠠ ᠶᠢ ᠡᠷᠴᠢᠮᠳᠡᠢ ᠦᠷᠨᠢᠬᠦᠯᠵᠦ᠂  ᠬᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠪᠦᠳᠦᠮᠵᠢᠳᠡᠢ ᠰᠠᠶᠢᠨ ᠬᠠᠮᠠᠭᠠᠯᠠᠭᠰᠠᠨ ᠪᠠᠶᠢᠨ᠎ᠠ᠃ ᠨᠡᠶᠢᠬᠡᠮ ᠤᠨ ᠦᠢᠯᠡᠰ ᠲᠦᠷᠭᠡᠨ ᠬᠦᠭᠵᠢᠭᠰᠡᠨ᠃  ᠠᠷᠠᠳ ᠲᠦᠮᠡᠨ ᠤ ᠰᠠᠨᠠᠭᠠᠨ ᠳᠤ ᠲᠠᠭᠠᠯᠠᠭᠳᠠᠭᠰᠠᠨ ᠰᠤᠷᠭᠠᠨ ᠬᠦᠮᠦᠵᠢᠯ   ᠤᠨ ᠠᠵᠢᠯ ᠢ ᠬᠢᠵᠦ᠂ ᠴᠧᠩ ᠪᠸᠢ ᠬᠡᠦᠭᠡᠳ ᠤᠨ ᠴᠡᠴᠡᠷᠯᠢᠭ ᠢ ᠪᠠᠶᠢᠭᠤᠯᠤᠨ᠂  9 ᠰᠤᠷᠭᠠᠭᠤᠯᠢ ᠶᠢᠨ ᠵᠤᠷᠯᠤᠩ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠠᠶᠢᠵᠢᠷᠠᠭᠤᠯᠵᠤ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠨ᠂ ᠮᠤᠩᠭᠤᠯ ᠦᠨᠳᠦᠰᠦᠳᠡᠨ ᠤ ᠬᠡᠦᠭᠡᠳ ᠤᠨ ᠴᠡᠴᠡᠷᠯᠢᠭ ᠪᠠ  ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠤᠨ ᠶᠡᠷᠦᠩᠬᠡᠶᠢᠯᠡᠭᠰᠡᠨ ᠠᠰᠠᠷ ᠤᠨ ᠲᠦᠷᠦᠬᠦᠴᠢ ᠬᠤᠭᠤᠴᠠᠭᠠᠨ ᠤ ᠠᠵᠢᠯ ᠢ ᠡᠬᠢᠯᠡᠬᠦ ᠪᠠᠷ ᠪᠡᠯᠡᠬᠡᠨ ᠪᠤᠯᠪᠠ᠃ 86 ᠨᠡᠷ᠎ᠡ ᠪᠠᠭᠰᠢ ᠡᠯᠰᠡᠵᠦ᠂  ᠰᠤᠷᠭᠠᠨ ᠬᠦᠮᠦᠵᠢᠯ ᠤᠨ ᠠᠵᠢᠯ ᠤᠨ ᠪᠦᠳᠦᠮᠵᠢ ᠶᠢᠨ ᠱᠠᠩᠨᠠᠯ  ᠤᠨ ᠮᠦᠩᠬᠦ 100 ᠲᠦᠮᠡᠨ ᠲᠦᠬᠦᠷᠢᠭ ᠢ ᠲᠠᠷᠬᠠᠭᠠᠨ᠂  ᠮᠤᠩᠭᠤᠯ ᠦᠨᠳᠦᠰᠦᠳᠡᠨ ᠤ ᠰᠤᠷᠭᠠᠭᠤᠯᠢ ᠶᠢᠨ  ᠦᠨᠳᠦᠷ ᠲᠤᠮᠳᠠᠳᠤ ᠳᠤ ᠲᠡᠪᠰᠢᠬᠦ ᠰᠢᠯᠭᠠᠯᠳᠠ ᠶᠢᠨ ᠬᠢᠷᠢ ᠪᠦᠳᠦᠮᠵᠢ  ᠪᠦᠬᠦ ᠠᠶᠢᠮᠠᠭ ᠲᠤ ᠲᠡᠳ᠋ᠯᠡᠵᠦ᠂ ᠪᠤᠤᠴᠠᠩ  ᠤᠨ ᠨᠢᠬᠡᠳᠦᠭᠡᠷ ᠲᠤᠮᠳᠠᠳᠤ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠨ ᠤᠷᠤᠭᠰᠠᠨ ᠨᠤᠷᠮ᠎ᠠ 53.71%   ᠳᠤ ᠬᠦᠷᠴᠦ᠂ ᠲᠡᠭᠡᠷ᠎ᠡ ᠵᠢᠯ ᠠᠴᠠ ᠪᠠᠨ 2.4 ᠵᠠᠭᠤᠨ ᠤ ᠬᠤᠪᠢ ᠶᠢᠨ ᠴᠡᠭ ᠲᠡᠭᠡᠭᠰᠢᠯᠡᠵᠡᠢ ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠮᠤᠵᠢ ᠤᠷᠤᠨ ᠠᠯᠤᠰᠯᠠᠨ ᠡᠮᠨᠡᠬᠦᠯᠬᠦ ᠳᠤ ᠰᠢᠭᠤᠳ ᠲᠠᠩᠰᠠ ᠴᠠᠶᠢᠷᠠᠭᠤᠯᠬᠤ ᠠᠷᠭ᠎ᠠ ᠶᠢ ᠪᠦᠬᠦ ᠲᠠᠯᠠᠪᠠᠷ ᠭᠡᠷᠡᠭᠵᠢᠬᠦᠯᠦᠨ᠂  ᠡᠮᠴᠢᠯᠡᠬᠡᠨ ᠤ ᠦᠢᠯᠡᠴᠢᠯᠡᠭᠡ ᠶᠢᠨ ᠴᠢᠳᠠᠪᠤᠷᠢ ᠲᠠᠰᠤᠷᠠᠯᠳᠠ ᠦᠬᠡᠢ  ᠴᠢᠩᠭᠠᠷᠠᠵᠤ᠂  ᠬᠢᠳᠠᠳ ᠮᠤᠩᠭᠤᠯ ᠡᠮᠨᠡᠯᠬᠡ  ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠲᠦᠪ ᠂ ᠵᠦᠩ ᠾᠧ ᠡᠮᠨᠡᠯᠬᠡ ᠶᠢᠨ ᠬᠤᠷᠢᠶ᠎ᠠ᠂ 18 ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠦᠷᠦᠭᠡ᠂ 5 ᠡᠷᠦᠬᠡ ᠮᠤᠩᠭᠤᠯ ᠬᠢᠳᠠᠳ ᠡᠮᠨᠡᠯᠬᠡ ᠶᠢᠨ ᠭᠠᠵᠠᠷ ᠬᠢᠭᠡᠳ ᠬᠤᠰᠢᠭᠤ ᠡᠮᠨᠡᠯᠬᠡ ᠶᠢᠨ ᠬᠤᠷᠢᠶᠠᠨ ᠤ ᠴᠦᠮ᠎ᠡ ᠶᠢᠨ ᠰᠤᠷᠢᠨᠵᠢᠨ ᠢᠶᠠᠷ ᠪᠠᠶᠢᠴᠠᠭᠠᠬᠤ ᠲᠦᠪ᠂ ᠴᠢᠰᠤ ᠴᠡᠪᠡᠷᠰᠢᠬᠦᠯᠬᠦ ᠰᠠᠯᠠᠭ᠎ᠠ ᠵᠡᠷᠭᠡ   ᠨᠢ ᠠᠰᠢᠭᠯᠠᠯᠳᠠ ᠳᠤ  ᠤᠷᠤᠵᠤ᠂  ᠡᠮᠨᠡᠯᠬᠡ ᠶᠢᠨ ᠪᠠᠶᠢᠭᠤᠯᠤᠮᠵᠢ ᠶᠢᠨ ᠡᠬᠦᠳᠡᠨ ᠡᠮᠨᠡᠯᠬᠡ ᠳᠤ ᠡᠮᠨᠡᠬᠦᠯᠦᠭᠰᠡᠨ ᠬᠦᠮᠦᠨ ᠲᠤᠭ᠎ᠠ 14.3 ᠲᠦᠮᠡ ᠳᠤ ᠬᠦᠷᠴᠦ᠂ 10.7 % ᠪᠠᠷ ᠨᠡᠮᠡᠭᠳᠡᠨ᠂  ᠡᠮᠨᠡᠯᠬᠡ ᠳᠤ  ᠰᠠᠭᠤᠭᠰᠠᠨ ᠬᠦᠮᠦᠨ ᠲᠤᠭ᠎ᠠ 6974 ᠳᠤ ᠬᠦᠷᠴᠦ᠂ 28.6% ᠪᠠᠷ ᠨᠡᠮᠡᠭᠳᠡᠭᠰᠡᠨ ᠪᠠᠶᠢᠨ᠎ᠠ᠃ ᠲᠠᠶᠢᠹᠤᠰᠧ ᠵᠡᠬᠦᠨ ᠭᠠᠷ ᠬᠤᠰᠢᠭᠤ ᠶᠠᠮᠤᠨ ᠤ ᠮᠦᠽᠸᠢ ᠳᠤ ᠵᠠᠰᠠᠯᠳᠠ ᠬᠢᠵᠦ᠂  ᠬᠤᠰᠢᠭᠤᠨ ᠤ ᠤᠯᠠᠨ ᠨᠡᠶᠢᠳᠡ ᠶᠢᠨ ᠨᠤᠮ ᠤᠨ ᠤᠷᠳᠤᠨ ᠨᠢ ᠲᠡᠰ ᠲᠡᠪᠰᠢᠵᠦ ᠤᠯᠤᠰ ᠤᠨ ᠬᠤᠶᠠᠳᠤᠭᠠᠷ ᠲᠡᠰ ᠤᠨ ᠨᠤᠮ ᠤᠨ ᠤᠷᠳᠤᠨ ᠪᠤᠯᠵᠠᠢ᠃  ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯᠳᠤ ᠰᠤᠶᠤᠯ ᠤᠨ ᠤᠳᠤᠮᠰᠢᠯ ᠢ ᠵᠠᠯᠭᠠᠮᠵᠢᠯᠠᠬᠤ ᠪᠠᠷ ᠭᠤᠤᠯ ᠰᠡᠳᠦᠪ ᠪᠤᠯᠭᠠᠨ᠂  ᠤᠯᠠᠭᠠᠨᠮᠦ᠋ᠴᠢᠷ ᠤᠨ ︽ᠵᠢᠷᠭᠤᠭ᠎ᠠ ᠳᠤ  ᠤᠷᠤᠵᠤ︾ ᠠᠷᠠᠳ ᠲᠦᠮᠡᠨ ᠳᠤ ᠦᠢᠯᠡᠴᠢᠯᠡᠬᠦ ᠲᠤᠭᠯᠠᠯᠳᠠ ᠶᠢ 100 ᠭᠠᠷᠤᠢ ᠲᠠᠯᠠᠪᠠᠢ ᠭᠠᠷᠭᠠᠵᠤ ᠰᠤᠨᠢᠷᠬᠠᠭᠤᠯᠪᠠ᠃ ᠡᠬᠦᠨ ᠤ ᠬᠠᠮᠳᠤ᠂ ᠠᠵᠢᠯᠴᠢᠨ ᠤ ᠡᠪᠯᠡᠯ᠂ ᠵᠠᠯᠠᠭᠤᠴᠤᠳ   ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠵᠡᠮᠳᠡᠭᠴᠤᠳ  ᠤᠨ ᠬᠤᠯᠪᠤᠭ᠎ᠠ ᠵᠡᠷᠭᠡ ᠡᠪᠯᠡᠯ ᠬᠤᠯᠪᠤᠭᠠᠨ ᠤ ᠵᠤᠬᠢᠶᠠᠨ ᠪᠠᠶᠢᠭᠤᠯᠤᠯᠳᠠ ᠤᠨ ᠦᠢᠯᠡᠳᠦᠯ ᠮᠡᠳᠡᠭᠳᠡᠮ᠎ᠡ ᠴᠢᠩᠭᠠᠷᠠᠵᠤ ᠢᠷᠡᠭᠰᠡᠨ ᠪᠠᠶᠢᠨ᠎ᠠ᠃       ︵ᠲᠠᠪᠤ︶  ᠨᠡᠶᠢᠬᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠳᠡᠢ ᠲᠦᠯᠬᠢᠨ ᠠᠬᠢᠭᠤᠯᠵᠤ᠂ 1 ᠤᠳᠠᠭᠠᠨ ᠤ  ᠬᠠᠷ᠎ᠠ ᠪᠦᠯᠦᠭ ᠤᠨ ᠭᠡᠷᠡᠭ ᠢ ᠢᠯᠡᠷᠡᠬᠦᠯᠦᠨ᠂ 8 ᠬᠦᠮᠦᠨ ᠢ ᠪᠠᠷᠢᠪᠴᠢᠯᠠᠵᠤ᠂  ᠪᠤᠰᠤᠳ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠭᠡᠷᠡᠭ 6᠂  ᠡᠷᠡᠬᠦᠦ ᠶᠢᠨ ᠬᠡᠷᠡᠭ 115᠂  ᠠᠮᠤᠷ ᠲᠦᠪᠰᠢᠨ ᠤ ᠭᠡᠷᠡᠭ 343 ᠶᠢ ᠢᠯᠡᠷᠡᠬᠦᠯᠦᠨ ᠰᠢᠳᠭᠡᠭᠰᠡᠨ ᠪᠠᠶᠢᠨ᠎ᠠ᠃ ᠶᠦᠩ ᠹᠧᠩ  ᠲᠤᠮᠢᠯᠠᠭᠰᠠᠨ ᠰᠠᠯᠪᠤᠷᠢ ᠶᠢᠨ ᠠᠯᠪᠠᠨ ᠠᠰᠠᠷ ᠠᠰᠢᠭᠯᠠᠯᠳᠠ ᠳᠤ ᠤᠷᠤᠵᠤ᠂ ᠲᠤᠳᠤᠭᠠᠳᠤ ᠶᠢ ᠬᠠᠮᠠᠭᠠᠯᠠᠬᠤ ᠲᠤᠰᠠᠯᠠᠭᠴᠢ ᠴᠠᠭᠳᠠᠭ᠎ᠠ 41 ᠶᠢ  ᠡᠯᠰᠡᠪᠡ᠃  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠭᠳᠠᠴᠠ ᠶᠢ ᠲᠠᠰᠤᠷᠠᠯᠳᠠ ᠦᠬᠡᠢ ᠰᠢᠨᠡᠴᠢᠯᠡᠵᠦ᠂ ᠤᠯᠠᠨ ᠲᠦᠮᠡᠨ ᠤ ᠵᠦᠢ ᠵᠤᠬᠢᠰᠳᠠᠢ ᠬᠦᠰᠡᠯ ᠱᠠᠭᠠᠷᠳᠠᠯᠭ᠎ᠠ ᠶᠢ ᠬᠦᠴᠦ ᠲᠠᠯᠪᠢᠵᠤ ᠰᠢᠢᠳᠪᠦᠷᠢᠯᠡᠨ᠂  ᠤᠯᠠᠨ ᠢ  ᠴᠤᠭᠯᠠᠭᠤᠯᠤᠨ ᠭᠡᠷᠡᠭ ᠡᠳᠦᠵᠦ ᠨᠡᠶᠢᠬᠡᠮ ᠤᠨ ᠠᠮᠤᠷ ᠲᠦᠪᠰᠢᠨ ᠢ  ᠰᠠᠮᠠᠭᠤᠷᠠᠭᠤᠯᠬᠤ ᠦᠢᠯᠡ  ᠠᠵᠢᠯᠯᠠᠭ᠎ᠠ ᠳᠤ  ᠬᠠᠤᠯᠢ  ᠶᠤᠰᠤᠭᠠᠷ ᠴᠢᠩᠭ᠎ᠠ ᠴᠤᠬᠢᠯᠳᠠ ᠦᠭᠴᠦ᠂   ᠪᠦᠬᠦ ᠵᠢᠯ ᠳᠤ ᠵᠠᠬᠢᠳᠠᠯ ᠰᠤᠷᠪᠤᠯᠵᠢᠯᠠᠭ᠎ᠠ ᠶᠢᠨ ᠭᠡᠷᠡᠭ 129 ᠭᠡᠷᠡᠭ   ᠢ ᠬᠦᠯᠢᠶᠡᠨ ᠠᠪᠴᠤ᠂  107   ᠶᠢ ᠨᠢ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ᠂  ᠭᠡᠷ ᠪᠠᠶᠢᠰᠢᠩ ᠨᠤᠷᠠᠭᠠᠵᠤ ᠨᠡᠬᠦᠯᠬᠡᠬᠦ᠂  ᠭᠠᠵᠠᠷ ᠨᠤᠳᠤᠭ ᠤᠨ ᠵᠢᠭᠤᠷᠠᠭᠠᠨ ᠵᠡᠷᠭᠡ ᠨᠢᠬᠡ ᠪᠦᠯᠦᠭ ᠲᠤᠪᠤᠶᠢᠮ᠎ᠠ ᠠᠰᠠᠭᠤᠳᠠᠯ ᠪᠦᠳᠦᠮᠵᠢᠳᠡᠢ ᠰᠢᠢᠳᠪᠦᠷᠢᠯᠡᠭᠳᠡᠪᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠪᠦᠬᠦ ᠲᠠᠯᠠᠪᠠᠷ ᠲᠦᠯᠬᠢᠨ ᠠᠬᠢᠭᠤᠯᠵᠤ᠂ ᠤᠯᠠᠨ ᠲᠡᠰ ᠲᠠᠪᠬᠤᠷᠭ᠎ᠠ᠂ ᠤᠯᠠᠨ  ᠬᠦᠷᠢᠶ᠎ᠠ ᠴᠠᠷ᠎ᠠ ᠳᠠᠬᠢ ᠬᠠᠤᠯᠢ ᠪᠠᠷ ᠵᠠᠰᠠᠬᠤ  ᠬᠢᠷᠢ ᠲᠦᠪᠰᠢᠨ ᠢ ᠲᠡᠭᠡᠭᠰᠢᠯᠡᠬᠦᠯᠦᠨ᠂  ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ ᠲᠤᠰᠬᠤᠨ ᠢ ᠤᠯᠤᠰ ᠤᠨ ᠬᠠᠤᠯᠢ ᠴᠠᠭᠠᠵᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ ᠠᠴᠠ ᠪᠦᠬᠦ ᠤᠯᠤᠰ  ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠬᠦᠯᠬᠦ ᠲᠤᠰᠬᠤᠨ ᠪᠤᠯᠭᠠᠭᠰᠠᠨ ᠪᠠᠶᠢᠨ᠎ᠠ᠃  ᠵᠦᠷᠢᠴᠡᠯ ᠵᠢᠭᠤᠷᠠᠭᠠᠨ  ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠤᠭᠳᠠᠴᠠ ᠶᠢ ᠤᠯᠠᠮ ᠴᠢᠨᠠᠭᠰᠢᠳᠠ ᠪᠦᠷᠢᠨᠰᠢᠬᠦᠯᠦᠨ ᠲᠡᠬᠦᠯᠳᠡᠷᠵᠢᠬᠦᠯᠵᠦ ᠂ 233 ᠤᠳᠠᠭᠠᠨ ᠤ ᠵᠦᠷᠢᠴᠡᠯ ᠵᠢᠭᠤᠷᠠᠭᠠᠨ ᠢ ᠡᠶᠡᠳᠡᠬᠦᠯᠦᠨ ᠰᠢᠢᠳᠪᠦᠷᠢᠯᠡᠪᠡ᠃  ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢ ᠲᠤᠭᠳᠠᠭᠰᠠᠨ ᠴᠠᠭ ᠲᠤ ᠪᠡᠶᠡᠯᠡᠬᠦᠯᠵᠦ᠂ ᠦᠨᠳᠦᠰᠦᠨ ᠱᠠᠳᠤᠨ ᠤ ᠵᠠᠰᠠᠭ ᠤᠨ ᠡᠷᠭᠡ ᠶᠢᠨ ᠪᠠᠶᠢᠭᠤᠯᠤᠯᠳᠠ ᠴᠢᠩᠭᠠᠷᠠᠭᠰᠠᠨ ᠪᠠᠶᠢᠨ᠎ᠠ᠃ ᠪᠡᠭᠡᠵᠢᠩ ᠤᠨ ᠲᠤᠭᠤᠷᠢᠨ ᠳᠠᠬᠢ ︽ᠬᠠᠮᠠᠭᠠᠯᠠᠯᠳᠠ ᠶᠢᠨ ᠭᠤᠤᠯ︾ ᠤᠨ ᠢᠨᠵᠧᠨᠧᠷᠢᠩ ᠢ ᠨᠠᠷᠢᠨ ᠨᠢᠮᠪᠠᠢ ᠭᠡᠷᠡᠭᠵᠢᠬᠦᠯᠵᠦ᠂ ᠪᠦᠬᠦ ᠤᠯᠤᠰ᠂ ᠪᠦᠬᠦ ᠤᠷᠤᠨ ᠤ ︽ᠬᠤᠶᠠᠷ ᠬᠤᠷᠠᠯ︾ ᠵᠡᠷᠭᠡ ᠴᠢᠬᠤᠯᠠ ᠴᠠᠭ ᠡᠷᠡᠨ ᠤ ᠠᠮᠤᠷ ᠢ ᠬᠠᠮᠠᠭᠠᠯᠠᠬᠤ ᠠᠵᠢᠯ ᠡᠬᠦᠷᠭᠡ ᠶᠢ ᠠᠮᠵᠢᠯᠳᠠᠳᠠᠢ ᠪᠡᠶᠡᠯᠡᠬᠦᠯᠪᠡ᠃  ᠬᠤᠳᠠ ᠶᠢᠨ ᠬᠢᠨᠠᠨ ᠡᠵᠡᠮᠳᠡᠬᠦ ᠰᠢᠰᠲ᠋ᠧᠮ ᠢ  ᠪᠠᠶᠢᠭᠤᠯᠤᠨ ᠭᠡᠷᠡᠭᠯᠡᠵᠦ᠂  ᠬᠤᠳᠠ ᠶᠢᠨ ᠵᠠᠮ ᠬᠠᠷᠢᠯᠴᠠᠭᠠᠨ ᠤ ᠡᠮᠬᠢ ᠲᠢᠭᠯᠡᠮ ᠮᠡᠳᠡᠭᠳᠡᠬᠦᠶᠢᠴᠡ ᠰᠠᠶᠢᠵᠢᠷᠠᠪᠠ᠃ ᠠᠶᠤᠯᠬᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠡᠬᠦᠰᠬᠦ ᠶᠢ ᠡᠷᠡᠰ ᠬᠤᠷᠢᠭᠯᠠᠪᠠ᠃ ᠦᠨᠳᠦᠰᠦᠳᠡᠨ ᠤ ᠪᠦᠯᠬᠦᠮᠳᠡᠯ ᠤᠨ ᠤᠬᠠᠭᠤᠯᠭ᠎ᠠ ᠬᠦᠮᠦᠵᠢᠯ ᠪᠠ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠨᠡᠶᠢᠬᠡᠮ ᠤᠨ ᠡᠶ᠎ᠡ ᠵᠤᠬᠢᠴᠠᠯ ᠤᠯᠠᠮ ᠨᠢᠬᠡ ᠠᠯᠬᠤᠮ ᠪᠠᠬᠢᠵᠢᠭ᠍ᠰᠡᠨ ᠪᠠᠶᠢᠨ᠎ᠠ᠃       ︵ᠵᠢᠷᠭᠤᠭ᠎ᠠ︶  ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠦᠢᠯᠡᠳᠦᠯᠬᠡ ᠪᠠᠨ ᠵᠢᠯᠤᠭᠤᠳᠤᠭᠤᠯᠬᠤ ᠪᠠ ᠠᠵᠢᠯ ᠢᠶᠠᠨ ᠠᠬᠢᠭᠤᠯᠬᠤ ᠶᠢ ᠪᠠᠷᠢᠮᠳᠠᠯᠠᠨ᠂ ︽ᠲᠦᠷᠪᠡᠨ ᠤᠬᠠᠮᠰᠠᠷ︾ ᠢ ᠪᠠᠳᠤᠳᠬᠠᠵᠤ᠂ ︽ᠲᠦᠷᠪᠡᠨ ᠢᠳᠡᠭᠡᠯ︾  ᠢ ᠪᠠᠬᠢᠵᠢᠬᠦᠯᠦᠨ᠂  ︽ᠬᠤᠶᠠᠷ ᠢ ᠬᠠᠮᠠᠭᠠᠯᠠᠬᠤ︾ ᠶᠢ ᠦᠢᠯᠡᠳᠦᠯᠬᠡᠵᠢᠬᠦᠯᠵᠦ᠂ ᠤᠯᠤᠰ ᠲᠦᠷᠦ ᠲᠡᠭᠡᠷ᠎ᠡ ᠪᠠᠨ ᠡᠷᠡᠰ ᠪᠠᠳᠤ ᠵᠦᠪ ᠤᠨᠤᠪᠴᠢᠳᠠᠢ ᠪᠠᠶᠢᠬᠤ ᠶᠢ ᠴᠠᠭ ᠢᠮᠠᠭᠳᠠ  ᠪᠠᠷᠢᠮᠳᠠᠯᠠᠭᠰᠠᠨ ᠪᠠᠶᠢᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠲᠠᠯᠠᠪᠠᠷ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠬᠠᠤᠯᠢ ᠶᠢᠨ ᠵᠦᠪᠯᠡᠭᠴᠢ ᠶᠢᠨ ᠲᠦᠷᠢᠮ ᠢ ᠭᠡᠷᠡᠭᠵᠢᠬᠦᠯᠦᠨ᠂ ᠴᠢᠬᠤᠯᠠ  ᠶᠡᠭᠡ ᠰᠢᠢᠳᠪᠦᠷᠢᠳᠦ ᠪᠤᠳᠤᠯᠭ᠎ᠠ ᠶᠢ ᠲᠤᠭᠳᠠᠭᠠᠬᠤ ᠳᠤ ᠲᠤᠰᠬᠠᠢ ᠮᠡᠷᠭᠡᠵᠢᠯᠳᠡᠨ ᠨᠤᠳ᠋ᠯᠠᠬᠤ᠂  ᠲᠦᠭᠰᠢᠬᠦᠷᠢ ᠶᠢ ᠦᠨᠡᠯᠡᠬᠦ᠂ ᠬᠠᠤᠯᠢ ᠶᠢᠨ ᠲᠠᠭᠠᠤ ᠬᠢᠨᠠᠨ ᠪᠠᠶᠢᠴᠠᠭᠠᠬᠤ᠂  ᠬᠠᠮᠳᠤ ᠤᠯᠠᠨ ᠢᠶᠠᠷ ᠢᠶᠠᠨ ᠰᠢᠢᠳᠪᠦᠷᠢ ᠭᠠᠷᠭᠠᠬᠤ ᠵᠡᠷᠭᠡ ᠬᠠᠤᠯᠢ ᠶᠢᠨ ᠶᠠᠪᠤᠴᠠ ᠶᠢ ᠭᠡᠷᠡᠭᠵᠢᠬᠦᠯᠪᠡ᠃  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠪᠦᠯᠬᠦᠮ ᠤᠨ ᠬᠠᠷᠢᠭᠤ ᠲᠤᠰᠬᠠᠭᠰᠠᠨ ᠰᠠᠨᠠᠯ ᠶᠤᠰᠤᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠠᠳᠬᠤᠵᠤ ᠨᠠᠶᠢᠳᠠᠪᠤᠷᠢᠵᠢᠭᠤᠯᠵᠠᠢ᠃  ᠡᠷᠭᠡ ᠲᠤᠰᠢᠶᠠᠯ ᠳᠤ ᠬᠢᠨᠠᠯᠳᠠ ᠲᠠᠯᠪᠢᠬᠤ ᠪᠠᠨ ᠲᠠᠰᠤᠷᠠᠯᠳᠠ ᠦᠬᠡᠢ ᠴᠢᠩᠭᠠᠳᠬᠠᠵᠤ᠂  ᠲᠦᠰᠦᠪ   ᠤᠨ ᠭᠡᠷᠡᠭᠵᠢᠬᠦᠯᠦᠯᠳᠡ᠂ ᠠᠷᠠᠳ ᠤᠨ ᠠᠮᠢᠳᠤᠷᠠᠯ   ᠲᠤ ᠭᠡᠷᠡᠭᠰᠡᠬᠦ  ᠪᠡᠯᠡ  ᠮᠦᠩᠬᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ᠂  ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ  ᠵᠡᠷᠭᠡ ᠶᠢ ᠴᠢᠩᠭᠠᠳᠬᠠᠨ᠂  ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠡ ᠶᠢᠨ ᠡᠳ᠋ ᠤᠨ ᠶᠠᠪᠤᠳᠠᠯ ᠤᠨ ᠲᠤᠳᠤᠭᠠᠳᠤ ᠡᠵᠡᠮᠰᠢᠯ ᠤᠨ ᠲᠦᠷᠢᠮ ᠢ  ᠲᠡᠬᠦᠯᠳᠡᠷᠵᠢᠬᠦᠯᠪᠡ᠃  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠳᠠ᠂ ᠬᠠᠤᠯᠢ ᠶᠢᠨ ᠬᠢᠨᠠᠯᠳᠠ ᠬᠢᠭᠡᠳ ᠤᠯᠤᠰ ᠲᠦᠷᠦ ᠶᠢᠨ ᠵᠦᠪᠯᠡᠯᠬᠡᠨ ᠤ  ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ  ᠰᠠᠨᠠᠯ ᠰᠠᠨᠠᠭᠤᠯᠭ᠎ᠠ 140 ᠬᠤᠪᠢ᠂  ᠤᠯᠤᠰ ᠲᠦᠷᠦ ᠶᠢᠨ ᠵᠦᠪᠯᠡᠯᠬᠡᠨ ᠤ  ᠭᠡᠰᠢᠬᠦᠳ ᠤᠨ ᠰᠠᠨᠠᠯ ᠲᠤᠷᠠᠳᠤᠯᠭ᠎ᠠ 103 ᠬᠤᠪᠢ   ᠶᠢ ᠬᠦᠯᠢᠶᠡᠨ ᠠᠪᠴᠤ ᠬᠦᠢᠴᠡᠳᠭᠡᠭᠡᠳ᠂ ᠬᠦᠢᠴᠡᠳᠭᠡᠭᠰᠡᠨ ᠨᠤᠷᠮ᠎ᠠ 100 %   ᠳᠤ ᠬᠦᠷᠴᠡᠢ᠃  ᠵᠠᠰᠠᠭ ᠤᠨ ᠶᠠᠪᠤᠳᠠᠯ ᠤᠨ ᠨᠡᠶᠢᠳᠡᠯᠡᠯ ᠢ ᠴᠢᠩᠭᠠᠳᠬᠠᠵᠤ᠂ ᠴᠢᠬᠤᠯᠠ  ᠶᠡᠭᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠬᠦ ᠪᠠ ᠭᠡᠷᠡᠭᠵᠢᠬᠦᠯᠬᠦ᠂ ᠨᠡᠶᠢᠳᠡ ᠶᠢᠨ ᠡᠬᠢ ᠪᠠᠶᠠᠯᠢᠭ  ᠢ ᠬᠤᠪᠢᠶᠠᠷᠢᠯᠠᠨ ᠲᠤᠬᠢᠷᠠᠭᠤᠯᠬᠤ᠂ ᠨᠡᠶᠢᠬᠡᠮ ᠤᠨ ᠠᠰᠠᠷᠠᠮᠵᠢ ᠶᠢᠨ ᠦᠢᠯᠡᠰ ᠢ ᠭᠡᠷᠡᠭᠵᠢᠬᠦᠯᠬᠦ ᠵᠡᠷᠭᠡ ᠳᠤ ᠪᠦᠬᠦ ᠶᠠᠪᠤᠴᠠ ᠶᠢᠨ ᠨᠡᠶᠢᠳᠡᠯᠡᠯ  ᠬᠢᠵᠡᠢ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ  ᠲᠤᠬᠢᠷᠠᠭᠤᠯᠵᠤ  ᠰᠢᠯᠢᠳᠡᠭᠵᠢᠬᠦᠯᠦᠨ᠂  ᠠᠷᠠᠳ ᠤᠨ ᠲᠦᠯᠦᠬᠡ ᠵᠠᠰᠠᠭ ᠶᠠᠪᠤᠭᠤᠯᠬᠤ ᠦᠢᠯᠡᠳᠦᠯ ᠢ ᠤᠯᠠᠮ ᠰᠠᠶᠢᠨ ᠪᠠᠳᠠᠷᠠᠭᠤᠯᠪᠠ᠃ ᠰᠡᠯᠬᠦᠵᠦ ᠲᠠᠷᠢᠬᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ᠂ ᠬᠤᠳᠠ ᠶᠢᠨ ᠬᠤᠤᠰ ᠵᠠᠰᠠᠯᠳᠠ᠂  ᠬᠢᠴᠢᠶᠡᠯ ᠤᠨ ᠲᠢᠩᠬᠢᠮ  ᠤᠨ ᠵᠢᠭᠠᠨ ᠰᠤᠷᠭᠠᠯᠳᠠ᠂  ᠡᠯᠧᠺᠲᠷᠤᠨᠴᠢᠯᠡᠭᠰᠡᠨ ᠲᠠᠭᠠᠭᠠᠴᠢᠯᠠᠯ  ᠵᠠᠷᠯᠠᠯᠳᠠ ᠵᠡᠷᠭᠡ ᠳᠤ ᠦᠬᠡᠷᠡᠴᠢᠯᠡᠯᠳᠡ ᠬᠢᠬᠦ ᠲᠤᠷᠰᠢᠯᠳᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ﹈ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠠᠷᠠᠳ ᠲᠤ ᠲᠦᠬᠦᠮ ᠦᠵᠡᠬᠦᠯᠬᠦ ᠶᠢ  ᠴᠢᠨᠠᠭᠰᠢᠳᠠ ᠠᠬᠢᠭᠤᠯᠤᠨ᠂  ᠠᠵᠤ ᠠᠬᠤᠶᠢᠯᠠᠯ ᠪᠠ ᠤᠯᠠᠨ ᠲᠦᠮᠡᠨ ᠳᠤ ᠨᠢᠬᠡ ᠴᠤᠩᠬᠤᠪᠴᠢ ᠪᠠᠷ ᠦᠢᠯᠡᠴᠢᠯᠡᠵᠦ᠂  ᠪᠦᠬᠦ ᠵᠢᠯ ᠳᠤ  ᠡᠯ᠎ᠡ ᠲᠦᠷᠦᠯ ᠤᠨ ᠬᠢᠨᠠᠨ ᠵᠦᠪᠰᠢᠶᠡᠷᠡᠬᠦ  ᠵᠦᠢᠯ 73857   ᠶᠢ ᠬᠦᠯᠢᠶᠡᠨ ᠠᠪᠴᠤ᠂ 70547 ᠶᠢ ᠨᠢ ᠬᠦᠢᠴᠡᠳᠭᠡᠭᠡᠳ᠂ ᠬᠦᠢᠴᠡᠳᠭᠡᠭᠰᠡᠨ ᠨᠤᠷᠮ᠎ᠠ 95.5 %   ᠳᠤ ᠬᠦᠷᠴᠦ᠂  ᠪᠦᠬᠦ ᠵᠢᠯ ᠳᠤ ᠠᠵᠤ ᠠᠬᠤᠶᠢᠯᠠᠯ ᠪᠠ ᠬᠤᠪᠢ ᠬᠦᠮᠦᠨ ᠳᠤ 547 ᠲᠦᠮᠡᠨ ᠲᠦᠬᠦᠷᠢᠭ   ᠤᠨ ᠭᠠᠶᠢᠯᠢ ᠰᠦᠢᠳᠭᠡᠯ ᠢ ᠪᠠᠭᠠᠰᠬᠠᠨ ᠦᠭᠴᠡᠢ᠃        ᠲᠦᠯᠦᠭᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ ᠪᠢᠳᠡ ᠬᠠᠷᠢᠭᠤᠴᠠᠯᠭ᠎ᠠ ᠡᠬᠦᠷᠭᠡᠯᠡᠬᠦ ᠤᠪᠤᠷ ᠢᠶᠠᠷ  ᠴᠢᠷᠮᠠᠶᠢᠨ ᠠᠵᠢᠯᠯᠠᠵᠤ᠂ ᠡᠯ᠎ᠡ ᠲᠦᠷᠦᠯ ᠤᠨ ᠦᠷᠢᠰᠦᠯᠳᠦᠬᠡᠨ ᠪᠠ ᠲᠦᠭᠰᠢᠬᠦᠷᠢ ᠶᠢ ᠪᠦᠳᠦᠮᠵᠢᠳᠡᠢ ᠲᠤᠯᠵᠤ ᠠᠷᠭᠠᠴᠠᠭᠠᠨ᠂  ᠤᠶᠤᠨ ᠤᠬᠠᠭᠠᠨ ᠪᠠ ᠬᠦᠴᠦᠨ ᠴᠢᠳᠠᠯ ᠢᠶᠠᠷ ᠢᠶᠠᠨ ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠵᠦ᠂   ᠬᠠᠯᠠᠭᠤᠨ ᠰᠡᠳᠬᠢᠯ ᠪᠠ ᠬᠦᠯᠦᠰᠦ ᠬᠦᠳᠡᠯᠮᠦᠷᠢ ᠪᠠᠷ ᠢᠶᠠᠨ ᠡᠯ᠎ᠡ ᠵᠦᠢᠯ ᠤᠨ ᠠᠮᠠᠯᠠᠯᠳᠠ ᠪᠠᠨ ᠪᠡᠶᠡᠯᠡᠬᠦᠯᠦᠨ᠂  ᠠᠵᠤ ᠠᠬᠤᠢ ᠶᠢᠨ ᠤᠷᠤᠭᠤᠳᠠᠯ ᠤᠨ ᠲᠠᠷᠤᠯᠳᠠ ᠶᠢ ᠲᠤᠯᠵᠤ᠂  ᠡᠯ᠎ᠡ ᠲᠦᠷᠦᠯ ᠤᠨ ᠲᠦᠭᠰᠢᠬᠦᠷᠢ  ᠶᠢ ᠰᠡᠷᠭᠡᠶᠢᠯᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠲᠠᠶᠢᠯᠠᠯᠳᠤᠭᠠᠨ   ᠤ ᠱᠠᠳᠤᠴᠢ ᠴᠢᠨᠠᠷᠳᠠᠢ ᠢᠯᠠᠯᠳᠠ ᠶᠢ ᠤᠯᠵᠤ᠂  ᠮᠠᠰᠢ ᠤᠯᠠᠨ ᠨᠡᠶᠢᠬᠡᠮ ᠤᠨ ᠵᠦᠷᠢᠴᠡᠯ ᠢ ᠰᠢᠢᠳᠪᠦᠷᠢᠯᠡᠬᠡᠳ᠂ ᠠᠵᠤ ᠠᠬᠤᠢ ᠨᠡᠶᠢᠬᠡᠮ ᠤᠨ ᠬᠦᠭᠵᠢᠯᠳᠡ  ᠨᠡᠩ ᠦᠷᠭᠡᠨ ᠲᠡᠯᠬᠡᠷ ᠤᠷᠤᠨ ᠵᠠᠢ ᠬᠢᠭᠡᠳ ᠨᠡᠩ ᠬᠡᠬᠡᠨ ᠰᠠᠷᠠᠭᠤᠯ  ᠠᠯᠤᠰ ᠢᠷᠡᠭᠡᠳᠦᠢ  ᠶᠢ ᠤᠭᠳᠤᠭᠰᠠᠨ ᠶᠤᠮ᠃  ᠡᠳᠡᠭᠡᠷ ᠠᠮᠵᠢᠯᠳᠠ ᠪᠦᠳᠦᠮᠵᠢ ᠪᠤᠯ  ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶ᠎ᠠ ᠬᠢᠭᠡᠳ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠰᠠᠭ ᠤᠨ ᠤᠷᠳᠤᠨ ᠤ ᠪᠠᠳᠤ ᠤᠳᠤᠷᠢᠳᠤᠯᠭ᠎ᠠ᠂  ᠬᠠᠯᠠᠭᠤᠨ ᠬᠠᠯᠠᠮᠵᠢᠯᠠᠯ ᠠᠴᠠ ᠢᠷᠡᠭᠰᠡᠨ ᠦᠷ᠎ᠡ ᠪᠦᠳᠦᠬᠡᠯ᠂  ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ   ᠪᠠᠷ ᠤᠳᠤᠷᠢᠳᠤᠨ ᠬᠠᠮᠢᠶᠠᠷᠴᠤ᠂ ᠰᠢᠨᠵᠢᠯᠡᠬᠦ ᠤᠠᠬᠠᠭᠠᠨᠴᠢ ᠪᠠᠷ ᠰᠢᠢᠳᠪᠦᠷᠢ ᠲᠤᠭᠳᠠᠭᠰᠠᠨ ᠤ ᠦᠷ᠎ᠡ ᠪᠦᠳᠦᠬᠡᠯ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠦᠴᠦᠳᠡᠢ ᠲᠡᠮᠵᠢᠯᠬᠡ ᠦᠵᠡᠬᠦᠯᠵᠦ᠂ ᠪᠦᠳᠦᠮᠵᠢᠳᠡᠢ ᠬᠢᠨᠠᠯᠳᠠ ᠲᠠᠯᠪᠢᠭᠰᠠᠨ ᠤ ᠦᠷ᠎ᠡ ᠪᠦᠳᠦᠬᠡᠯ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠤᠯᠠᠨ ᠲᠦᠮᠡᠨ ᠤ ᠬᠦᠴᠢᠷ ᠪᠡᠷᠭᠡ ᠶᠢ ᠲᠠᠪᠠᠵᠤ᠂  ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠤ ᠦᠷ᠎ᠡ ᠪᠦᠳᠦᠬᠡᠯ ᠪᠤᠯᠤᠨ᠎ᠠ᠃  ᠠᠳᠡ ᠪᠢ ᠬᠤᠰᠢᠭᠤ ᠵᠠᠰᠠᠭ ᠤᠨ ᠣᠷᠳᠤᠨ ᠢ ᠲᠦᠯᠦᠭᠡᠯᠡᠵᠦ᠂   ᠦᠪᠡᠷ ᠦᠪᠡᠷ ᠤᠨ ᠠᠵᠢᠯ ᠤᠨ ᠪᠠᠶᠢᠷᠢ ᠲᠡᠭᠡᠷ᠎ᠡ ᠪᠠᠨ ᠬᠦᠴᠦ ᠬᠦᠯᠦᠰᠦ ᠪᠠᠨ ᠰᠢᠪᠬᠠᠵᠤ᠂  ᠤᠬᠠᠭᠠᠨ ᠴᠢᠳᠠᠯ ᠢᠶᠠᠨ ᠡᠷᠬᠦᠵᠦ ᠪᠠᠶᠢᠭ᠎ᠠ ᠪᠦᠬᠦ ᠬᠤᠰᠢᠭᠤᠨ ᠤ ᠺᠠᠳᠠᠷ ᠤᠯᠠᠨ ᠲᠦᠮᠡᠨ᠂ ᠠᠷᠠᠳ  ᠤᠨ  ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ  ᠂  ᠴᠡᠷᠢᠭ  ᠴᠠᠭᠳᠠᠭ᠎ᠠ  ᠂ ᠲᠠᠶᠢᠹᠤᠰᠧ ᠬᠤᠰᠢᠭᠤᠨ ᠤ ᠪᠦᠳᠦᠬᠡᠨ ᠪᠠᠶᠢᠭᠤᠯᠤᠯᠳᠠ   ᠳᠤ ᠬᠠᠯᠠᠮᠵᠢ ᠲᠡᠮᠵᠢᠯᠬᠡ ᠦᠵᠡᠬᠦᠯᠦᠭᠰᠡᠨ ᠨᠡᠶᠢᠬᠡᠮ ᠤᠨ  ᠡᠯ᠎ᠡ ᠡᠳᠡᠭᠡᠳ  ᠤᠨ ᠬᠦᠮᠦᠰ ᠲᠤ ᠴᠢᠩ ᠰᠡᠳᠬᠢᠯ ᠤᠨ ᠬᠦᠨᠳᠦᠳᠬᠡᠯ ᠪᠠ ᠲᠠᠯᠠᠷᠬᠠᠯ  ᠲᠡᠪᠰᠢᠬᠦᠯᠦᠶ᠎ᠡ︕       ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠲᠠᠭᠠᠤ᠂ ᠪᠢᠳᠡ ᠪᠠᠰᠠ ᠮᠠᠨ ᠤ ᠬᠤᠰᠢᠭᠤᠨ ᠤ ᠬᠦᠭᠵᠢᠯᠳᠡ ᠳᠤ ᠲᠡᠩᠴᠡᠬᠦᠷᠢ ᠦᠬᠡᠢ ᠬᠠᠩᠭᠠᠯᠳᠠ ᠦᠬᠡᠢ ᠠᠰᠠᠭᠤᠳᠠᠯ ᠲᠤᠪᠤᠶᠢᠮ᠎ᠠ ᠤᠷᠤᠰᠢᠵᠤ᠂  ᠠᠷᠠᠳ ᠲᠦᠮᠡᠨ  ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠲᠠᠢ ᠨᠡᠯᠢᠶᠡᠳ ᠶᠡᠭᠡ ᠵᠦᠷᠢᠶ᠎ᠠ ᠲᠠᠢ ᠪᠠᠶᠢᠭ᠎ᠠ ᠭᠡᠳᠡᠭ ᠢ ᠰᠡᠷᠭᠡᠭ ᠢᠶᠠᠷ ᠤᠯᠵᠤ ᠲᠠᠨᠢᠭᠤᠰᠢᠳᠠᠢ ᠪᠠᠶᠢᠨ᠎ᠠ᠃ ᠨᠢᠬᠡ ᠳᠤ᠂ ᠠᠵᠤ ᠠᠬᠤᠢ ᠶᠢᠨ ᠤᠷᠤᠭᠤᠳᠠᠯ ᠤᠨ ᠲᠠᠷᠤᠯᠳᠠ ᠦᠷᠬᠦᠯᠵᠢᠯᠡᠨ ᠨᠡᠮᠡᠭᠳᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ  ᠬᠤᠷᠳᠤᠴᠠ ᠤᠳᠠᠭᠠᠨ᠂  ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ  ᠶᠡᠬᠡᠰᠭᠡᠬᠦ   ᠶᠢᠨ ᠲᠠᠭᠠᠤ ᠬᠦᠭᠵᠢᠯᠳᠡ ᠶᠢᠨ ᠶᠠᠰᠤ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠡᠬᠦᠷᠭᠡ ᠬᠦᠨᠳᠦ ᠵᠠᠮ ᠬᠤᠯᠠ  ᠪᠠᠶᠢᠭ᠎ᠠ᠃ ᠬᠤᠶᠠᠷ ᠲᠤ᠂ ᠬᠦᠭᠵᠢᠯᠳᠡ ᠶᠢᠨ ᠨᠦᠬᠡᠴᠡ ᠬᠦᠴᠦᠨ ᠢ  ᠦᠷᠬᠦᠯᠵᠢᠯᠡᠨ ᠴᠢᠩᠭᠠᠷᠠᠭᠤᠯᠬᠤ ᠴᠢᠬᠤᠯᠠᠳᠠᠢ ᠪᠠᠶᠢᠵᠤ᠂ ᠤᠷᠤᠨ ᠲᠤᠭᠤᠷᠢᠭ ᠤᠨ ᠲᠠᠭᠠᠭᠠᠴᠠ ᠬᠦᠷᠦᠯᠴᠡᠬᠦ ᠦᠬᠡᠢ᠂  ᠨᠤᠳᠤᠭᠰᠢᠭᠰᠠᠨ ᠲᠦᠷᠦᠯ ᠵᠦᠢᠯ   ᠲᠠᠢ ᠬᠤᠯᠪᠤᠭᠳᠠᠬᠤ  ᠢᠵᠢ ᠪᠦᠷᠢᠳᠦᠭᠰᠡᠨ ᠠᠵᠤ ᠦᠢᠯᠡᠰ ᠤᠨ ᠰᠤᠨᠤᠯᠳᠠ ᠬᠦᠷᠦᠯᠴᠡᠬᠦ ᠦᠬᠡᠢ᠂  ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠴᠢᠩᠭ᠎ᠠ ᠪᠤᠰᠤ ᠪᠠᠶᠢᠭ᠎ᠠ᠃ ᠭᠤᠷᠪᠠ ᠳᠤ᠂ ᠬᠦᠳᠡᠭᠡ ᠲᠤᠰᠬᠤᠨ ᠤ ᠦᠨᠳᠦᠰᠦᠨ ᠠᠵᠢᠯ ᠪᠠᠭᠤᠷᠠᠢ᠂  ᠲᠠᠷᠢᠶᠠᠯᠠᠩ ᠤᠨ ᠬᠦᠭᠵᠢᠯᠳᠡ ᠶᠢᠨ ᠬᠦᠳᠡᠯᠭᠡᠭᠴᠢ  ᠬᠦᠴᠦ ᠴᠢᠩᠭ᠎ᠠ ᠪᠤᠰᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠡᠬᠦᠷᠭᠡ ᠬᠦᠨᠳᠦ ᠪᠠᠶᠢᠭ᠎ᠠ᠃ ᠲᠦᠷᠪᠡ ᠳᠤ᠂  ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠨ᠂  ᠲᠤᠭᠳᠠᠮᠠᠯ ᠵᠠᠷᠤᠯᠭ᠎ᠠ ᠵᠢᠯ   ᠠᠴᠠ ᠵᠢᠯ ᠨᠡᠮᠡᠭᠳᠡᠵᠦ᠂ ᠤᠷᠤᠯᠭ᠎ᠠ ᠵᠠᠷᠤᠯᠭ᠎ᠠ  ᠶᠢᠨ ᠵᠦᠷᠢᠴᠡᠯ ᠲᠤᠪᠤᠶᠢᠮ᠎ᠠ ᠪᠠᠶᠢᠭ᠎ᠠ᠃  ᠲᠠᠪᠤ ᠳᠤ᠂  ᠨᠡᠶᠢᠬᠡᠮ ᠪᠠ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ   ᠳᠠᠬᠢ ᠲᠤᠳᠠᠭᠤᠳᠠᠯ ᠪᠠᠰᠠ ᠮᠠᠰᠢ ᠠᠷᠪᠢᠨ ᠪᠠᠶᠢᠵᠤ᠂ ᠢᠯᠠᠩᠭᠤᠶ᠎ᠠ ᠰᠤᠷᠭᠠᠨ ᠬᠦᠮᠦᠵᠢᠯ᠂ ᠡᠮ ᠡᠮᠨᠡᠯᠬᠡ᠂  ᠰᠠᠭᠤᠭᠠᠯᠢ ᠲᠤᠭᠤᠷᠢᠭ ᠤᠨ ᠬᠠᠮᠢᠶᠠᠷᠤᠯᠳᠠ᠂ ᠵᠠᠮ ᠬᠠᠷᠢᠯᠴᠠᠭᠠᠨ ᠤ ᠬᠠᠮᠢᠶᠠᠷᠤᠯᠳᠠ᠂ ᠢᠳᠡᠭᠡᠨ ᠤ ᠠᠮᠤᠷ ᠲᠦᠪᠰᠢᠨ᠂  ᠬᠤᠳᠠ ᠪᠠᠯᠭᠠᠰᠤᠨ ᠤ ᠰᠠᠭᠤᠷᠢ ᠪᠦᠳᠦᠬᠡᠨ ᠪᠠᠶᠢᠭᠤᠯᠤᠯᠳᠠ ᠪᠠ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠦᠢᠯᠡᠴᠢᠯᠡᠬᠡᠨ ᠤ ᠲᠠᠯᠠᠪᠠᠷ᠂  ᠠᠷᠠᠳ ᠲᠦᠮᠡᠨ ᠤ ᠬᠦᠰᠡᠯ ᠱᠠᠭᠠᠷᠳᠠᠯᠭ᠎ᠠ ᠯᠤᠭ᠎ᠠ  ᠪᠠᠰᠠ ᠮᠡᠳᠡᠭᠳᠡᠮ᠎ᠡ ᠵᠦᠷᠢᠶ᠎ᠠ ᠲᠠᠢ ᠪᠠᠶᠢᠭ᠎ᠠ᠃ ᠵᠢᠷᠭᠤᠭ᠎ᠠ ᠳᠤ᠂ ᠬᠦᠭᠵᠢᠯᠳᠡ ᠶᠢᠨ ᠤᠷᠴᠢᠨ ᠲᠤᠭᠤᠷᠢᠨ ᠤᠨ ᠰᠢᠯᠢᠳᠡᠭᠵᠢᠯᠳᠡ ᠪᠠᠰᠠ ᠬᠦᠷᠦᠯᠴᠡᠬᠦ ᠦᠬᠡᠢ ᠪᠠᠶᠢᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ᠂ ᠦᠢᠯᠡᠴᠢᠯᠡᠬᠦ ᠬᠢᠷᠢ ᠲᠦᠪᠰᠢᠨ ᠪᠠ  ᠠᠵᠢᠯ ᠤᠨ ᠬᠢᠷᠢ ᠴᠢᠳᠠᠪᠤᠷᠢ ᠬᠡᠪ ᠪᠤᠯᠪᠠᠰᠤᠷᠠᠯ ᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠴᠢᠬᠤᠯᠠᠳᠠᠢ ᠪᠠᠶᠢᠭ᠎ᠠ᠃ ᠡᠳᠡᠭᠡᠷ ᠠᠰᠠᠭᠤᠳᠠᠯ ᠢ ᠪᠢᠳᠡ ᠡᠷᠭᠡᠪᠰᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂  ᠵᠠᠶᠢᠯᠠᠵᠤ ᠲᠠᠳᠠᠭᠠᠯᠵᠠᠬᠤ ᠦᠬᠡᠢ᠂ ᠨᠢᠭᠤᠵᠤ ᠬᠠᠯᠬᠠᠯᠠᠬᠤ ᠦᠬᠡᠢ  ᠪᠠᠶᠢᠵᠤ᠂  ᠡᠷᠡᠰ ᠴᠢᠩᠭ᠎ᠠ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠭᠡᠷᠡᠭᠳᠡᠢ᠃       ᠨᠢᠳᠦᠨ ᠡᠮᠦᠨᠡᠬᠢ ᠬᠦᠭᠵᠢᠯᠳᠡ ᠶᠢᠨ ᠪᠠᠶᠢᠳᠠᠯ ᠢ ᠠᠵᠢᠭᠯᠠᠪᠠᠯ᠂  ᠭᠡᠳᠦᠶᠢᠪᠡᠷ ᠬᠤᠷᠸ᠎ᠠ ᠠᠵᠤ ᠠᠬᠤᠢ ᠶᠢᠨ ᠤᠷᠤᠭᠤᠳᠠᠯ ᠤᠨ ᠲᠠᠷᠤᠭᠠᠰᠤ ᠲᠤᠯᠭᠠᠷᠠᠵᠤ ᠪᠠᠶᠢᠪᠠᠴᠤ᠂ ᠮᠠᠨ ᠤ ᠬᠤᠰᠢᠭᠤᠨ ᠤ ᠭᠡᠯᠪᠡᠷᠢ ᠪᠠᠨ ᠬᠤᠪᠢᠷᠠᠭᠤᠯᠵᠤ ᠬᠦᠭᠵᠢᠬᠦ ᠳᠤ ᠠᠰᠢᠭᠳᠠᠢ ᠴᠢᠬᠤᠯᠠ  ᠶᠡᠭᠡ ᠠᠵᠠ ᠲᠤᠬᠢᠶᠠᠯ ᠬᠤᠪᠢᠷᠠᠭ᠎ᠠ ᠦᠬᠡᠢ᠂ ᠮᠠᠨ ᠤ ᠬᠤᠰᠢᠭᠤᠨ ᠤ ᠬᠦᠭᠵᠢᠯᠳᠡ ᠶᠢᠨ ᠡᠷᠡᠬᠦᠯ ᠲᠤᠭᠳᠠᠭᠤᠨ ᠦᠨᠳᠦᠰᠦᠨ ᠪᠠᠶᠢᠳᠠᠯ ᠬᠤᠪᠢᠷᠠᠭ᠎ᠠ ᠦᠬᠡᠢ᠂  ᠴᠢᠨᠠᠷ ᠰᠠᠶᠢᠳᠠᠢ ᠬᠦᠭᠵᠢᠯᠳᠡ  ᠳᠤ ᠲᠤᠯᠭᠠᠭᠤᠷᠢ ᠪᠤᠯᠬᠤ ᠤᠷᠴᠢᠨ ᠠᠬᠤᠢ ᠶᠢᠨ ᠨᠦᠬᠦᠴᠡᠯ ᠬᠤᠪᠢᠷᠠᠭ᠎ᠠ ᠦᠬᠡᠢ᠂ ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠬᠤ ᠶᠡᠷᠦᠩᠬᠡᠢ ᠪᠠᠶᠢᠳᠠᠯ ᠬᠤᠪᠢᠷᠠᠭ᠎ᠠ ᠦᠬᠡᠢ ᠶᠤᠮ᠃ ᠢᠯᠠᠩᠭᠤᠶ᠎ᠠ᠂ ᠤᠶᠢᠷ᠎ᠠ ᠶᠢᠨ ᠬᠡᠳᠦᠨ ᠵᠢᠯ  ᠤᠨ ᠴᠢᠷᠮᠠᠶᠢᠯᠭ᠎ᠠ ᠪᠠᠷ ᠲᠠᠮᠵᠢᠭᠠᠳ ᠮᠠᠨ ᠤ ᠬᠤᠰᠢᠭᠤᠨ ᠤ ᠠᠵᠤ ᠦᠢᠯᠡᠰ ᠤᠨ ᠰᠠᠭᠤᠷᠢ ᠠᠯᠭᠤᠷ ᠢᠶᠠᠷ ᠵᠤᠵᠠᠭᠠᠷᠠᠵᠤ ᠂   ᠬᠠᠳᠠᠭᠤ ᠵᠦᠬᠡᠯᠡᠨ ᠤᠷᠴᠢᠨ ᠲᠤᠭᠤᠷᠢᠨ ᠲᠠᠰᠤᠷᠠᠯᠳᠠ ᠦᠬᠡᠢ ᠰᠠᠶᠢᠵᠢᠷᠠᠨ᠂ ᠬᠦᠭᠵᠢᠯᠳᠡ ᠶᠢᠨ ᠬᠦᠳᠡᠯᠭᠡᠭᠴᠢ ᠬᠦᠴᠦᠨ ᠦᠷᠬᠦᠯᠵᠢᠯᠡᠨ ᠴᠢᠩᠭᠠᠷᠠᠵᠤ᠂ ᠤᠯᠤᠰ ᠲᠦᠷᠦ ᠶᠢᠨ ᠠᠮᠢ ᠠᠬᠤᠢ ᠤᠯᠠᠮ ᠰᠠᠶᠢᠨ ᠪᠤᠯᠤᠭᠰᠠᠨ ᠭᠡᠳᠡᠭ ᠢ ᠤᠯᠵᠤ ᠬᠠᠷᠠᠭᠤᠰᠢᠳᠠᠢ᠃ ᠪᠢᠳᠡ ᠵᠦᠪᠬᠡᠨ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠳᠠᠯ ᠢᠶᠠᠨ ᠨᠦᠬᠦᠪᠦᠷᠢᠯᠡᠵᠦ᠂  ᠠᠵᠠ ᠲᠤᠬᠢᠶᠠᠯ ᠢ  ᠡᠵᠡᠮᠳᠡᠨ᠂ ᠪᠦᠬᠦ ᠬᠦᠴᠦᠨ   ᠢᠶᠠᠷ ᠴᠢᠷᠮᠠᠶᠢᠪᠠᠯ᠂  ᠨᠢᠬᠡᠨ ᠵᠤᠷᠪᠤᠰ ᠴᠢᠨᠠᠷ ᠰᠠᠶᠢᠳᠠᠢ  ᠬᠦᠭᠵᠢᠯᠳᠡ ᠶᠢᠨ ᠵᠠᠮ ᠢᠶᠠᠷ ᠴᠢᠮᠪᠠᠢ ᠯᠠᠪᠳᠠᠭᠤᠨ ᠠᠯᠬᠤᠵᠤ ᠲᠡᠶᠢᠯᠬᠦ ᠶᠤᠮ᠃       ᠬᠤᠶᠠᠷ᠂ 2019 ᠤᠨ ᠤ ᠠᠵᠢᠯ ᠤᠨ ᠪᠠᠶᠢᠷᠢᠯᠠᠭᠤᠯᠤᠯᠳᠠ       2019 ᠤᠨ ᠪᠤᠯ  ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠠᠨ ᠤ ᠬᠤᠰᠢᠭᠤ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠲᠠᠶᠢᠯᠠᠯᠳᠤᠭᠠᠨ ᠤ ᠰᠢᠢᠳᠪᠦᠷᠢᠳᠦ  ᠢᠯᠠᠯᠳᠠ ᠶᠢ ᠤᠯᠬᠤ ᠵᠢᠯ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠵᠠᠩᠭᠢᠯᠠᠭ᠎ᠠ ᠶᠢᠨ ᠵᠢᠯ ᠪᠤᠯᠤᠨ᠎ᠠ᠃  ᠡᠨᠡ  ᠵᠢᠯ ᠤᠨ  ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ  ᠄   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂  ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠵᠤ᠂  ︽ᠲᠠᠪᠤ ᠶᠢ ᠨᠢᠬᠡ ᠴᠤᠭᠴᠠᠵᠢᠭᠤᠯᠬᠤ︾  ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂  ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠪᠠᠷ ᠠᠬᠢᠭᠤᠯᠤᠨ  ᠂ ᠦᠪᠡᠷᠳᠡᠭᠡᠨ ᠵᠠᠰᠠᠬᠤ ᠤᠷᠤᠨ᠂ ᠠᠶᠢᠮᠠᠭ   ᠤᠨ ᠨᠠᠮ ᠤᠨ ᠬᠤᠷᠢᠶ᠎ᠠ᠂ ᠠᠶᠢᠮᠠᠭ  ᠤᠨ ᠵᠠᠬᠢᠷᠭ᠎ᠠ  ᠬᠢᠭᠡᠳ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠵᠤ᠂  ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠪᠠ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠬᠦᠭ ᠠᠶᠠᠰ ᠢ  ᠪᠠᠷᠢᠮᠳᠠᠯᠠᠨ᠂  ︽ ᠠᠵᠤ ᠦᠢᠯᠡᠰ ᠤᠨ ᠰᠠᠭᠤᠷᠢ ᠶᠢ ᠤᠯᠠᠮ ᠪᠠᠬᠢᠵᠢᠬᠦᠯᠬᠦ᠂ ᠬᠦᠭᠵᠢᠯᠳᠡ ᠶᠢᠨ ᠨᠦᠬᠦᠴᠡᠯ ᠢ ᠤᠯᠠᠮ ᠪᠦᠷᠢᠨᠰᠢᠬᠦᠯᠬᠦ᠂ ᠠᠷᠠᠳ ᠤᠨ ᠠᠮᠢᠳᠤᠷᠠᠯ ᠢ ᠤᠯᠠᠮ ᠰᠠᠶᠢᠵᠢᠷᠠᠭᠤᠯᠬᠤ᠂  ᠨᠡᠶᠢᠬᠡᠮ ᠤᠨ ᠤᠷᠴᠢᠨ ᠠᠬᠤᠢ ᠶᠢ ᠤᠯᠠᠮ ᠡᠶ᠎ᠡ ᠵᠤᠬᠢᠴᠠᠯ ᠲᠠᠢ ᠪᠤᠯᠭᠠᠬᠤ︾ ᠬᠠᠷᠠᠯᠳᠠ ᠶᠢᠨ ᠲᠤᠭᠤᠷᠢᠨ ᠳᠤ᠂ ᠴᠢᠨᠠᠷ ᠰᠠᠶᠢᠳᠠᠢ ᠬᠦᠭᠵᠢᠯᠳᠡ ᠪᠠ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ  ᠲᠠᠯ᠎ᠠ ᠶᠢ ᠤᠳᠤᠷᠢᠳᠤᠭᠤᠯᠵᠤ᠂  ᠨᠡᠮᠡᠭᠳᠡᠯ ᠢ ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠷᠢᠯᠳᠦᠴᠡ   ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠨᠢᠬᠡᠳᠦᠯᠳᠡᠢ ᠲᠦᠯᠦᠪᠯᠡᠨ ᠠᠬᠢᠭᠤᠯᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ  ᠰᠠᠶᠢᠨ ᠬᠢᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ  ᠢᠶᠠᠷ ᠭᠡᠷᠡᠭᠵᠢᠬᠦᠯᠦᠨ᠂ ᠦᠨᠳᠦᠷ ᠴᠢᠨᠰᠠᠭ᠎ᠠ ᠲᠠᠢ ᠪᠠᠷ ᠶᠠᠳᠠᠭᠤ   ᠠᠴᠠ ᠠᠩᠬᠢᠵᠢᠠᠷᠠᠬᠤ ᠶᠢ ᠪᠠᠳᠤᠯᠠᠵᠤ᠂  ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠡᠴᠦᠰ ᠤᠨ ᠢᠯᠠᠯᠳᠠ ᠶᠢ ᠤᠯᠬᠤ ᠳᠤ ᠰᠢᠢᠳᠪᠦᠷᠢᠳᠦ ᠴᠢᠨᠠᠷᠳᠠᠢ ᠰᠠᠭᠤᠷᠢ  ᠶᠢ ᠲᠠᠯᠪᠢᠨ᠂  ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠬᠡᠯᠡᠨ᠎ᠡ᠃  ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ  ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ   ᠢ 5.8 % ᠪᠠᠷ  ᠂  ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 13.6 % ᠪᠠᠷ  ᠂   ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ  ᠶᠡᠷᠦᠩᠬᠡᠢ ᠬᠡᠮᠵᠢᠶ᠎ᠡ ᠶᠢ 6.1 % ᠪᠠᠷ  ᠨᠡᠮᠡᠭᠳᠡᠬᠦᠯᠵᠦ  ᠂ ᠨᠡᠶᠢᠳᠡ ᠶᠢᠨ  ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.58 ᠳ᠋ᠦᠩᠰᠢᠭᠤᠷ ᠲᠦᠬᠦᠷᠢᠭ ᠲᠤ ᠬᠦᠷᠭᠡᠵᠦ᠂  ᠨᠢᠳᠤᠨᠤᠨ ᠲᠠᠢ  ᠲᠡᠩᠴᠡᠬᠦᠦ ᠪᠠᠶᠢᠬᠤ ᠶᠢ  ᠪᠠᠳᠤᠯᠠᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3% ᠳᠤ ᠬᠢᠵᠠᠭᠠᠷᠯᠠᠵᠤ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ  ᠲᠤᠰᠪᠤᠷᠢ 5% ᠪᠠ 6% ᠪᠠᠷ   ᠨᠡᠮᠡᠭᠳᠡᠬᠦᠯᠦᠨ᠂  ᠭᠤᠤᠯ ᠪᠤᠯᠬᠤ ᠪᠤᠬᠢᠷ ᠪᠤᠳᠠᠰ  ᠤᠨ ᠭᠠᠳᠠᠭᠰᠢᠯᠠᠭᠤᠯᠤᠯᠳᠠ ᠶᠢᠨ  ᠬᠡᠮᠵᠢᠶ᠎ᠡ ᠶᠢ ᠦᠷᠬᠦᠯᠵᠢᠯᠡᠨ ᠪᠠᠭᠠᠰᠬᠠᠨ᠎ᠠ᠃          ᠪᠢᠳᠡ ᠡᠷᠭᠡᠪᠰᠢ ᠬᠠᠳᠠᠭᠤ ᠲᠠᠶᠢᠨ ᠤ ᠪᠡᠯᠡᠳᠭᠡᠯ ᠢ ᠰᠠᠶᠢᠨ ᠬᠢᠵᠦ᠂  ᠲᠤᠤᠷᠠᠬᠢ ᠬᠡᠳᠦᠨ ᠲᠠᠯ᠎ᠠ ᠶᠢᠨ  ᠠᠵᠢᠯ ᠢ ᠰᠠᠶᠢᠳᠤᠷ ᠠᠳᠬᠤᠬᠤ ᠭᠡᠷᠡᠭᠳᠡᠢ᠄        ︵ᠨᠢᠬᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ  ᠰᠠᠶᠢᠨ ᠬᠢᠵᠦ᠂ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠲᠦᠭᠰᠢᠬᠦᠷᠢ ᠶᠢ ᠴᠢᠩᠭ᠎ᠠ ᠰᠡᠷᠭᠡᠶᠢᠯᠡᠨ ᠨᠠᠮᠳᠠᠭᠤᠯᠬᠤ ᠭᠡᠷᠡᠭᠳᠡᠢ᠃   ᠵᠠᠰᠠᠭ ᠤᠨ ᠤᠷᠳᠤᠨ ᠤ ᠦᠷᠢ ᠰᠢᠷᠢ ᠶᠢᠨ ᠲᠦᠭᠰᠢᠬᠦᠷᠢ ᠶᠢ  ᠢᠳᠡᠪᠬᠢᠳᠡᠢ ᠰᠡᠷᠭᠡᠶᠢᠯᠡᠵᠦ  ᠂ ᠡᠳ᠋  ᠤᠨ ᠵᠠᠰᠠᠭ ᠠᠴᠠ ᠪᠡᠯᠡ  ᠤᠷᠤᠭᠤᠯᠤᠭᠰᠠᠨ ᠰᠢᠨ᠎ᠡ ᠲᠦᠷᠦᠯ ᠵᠦᠢᠯ ᠨᠢᠬᠡᠪᠦᠷᠢ ᠳᠤ ᠪᠦᠷ ᠦᠷᠢ ᠦᠭᠴᠡᠭᠡᠨ ᠤ ᠲᠦᠭᠰᠢᠬᠦᠷᠢ ᠶᠢᠨ ᠦᠨᠡᠯᠡᠯᠳᠡ ᠬᠢᠨ᠎ᠡ᠃ ᠦᠷᠢ ᠰᠢᠷᠢ ᠶᠢ  ᠰᠢᠢᠳᠪᠦᠷᠢᠯᠡᠬᠦ ᠠᠷᠭ᠎ᠠ ᠲᠦᠰᠦᠪ ᠢ ᠤᠯᠠᠮ ᠨᠢᠬᠡ ᠠᠯᠬᠤᠮ ᠲᠡᠬᠦᠯᠳᠡᠷᠵᠢᠬᠦᠯᠦᠨ ᠨᠠᠷᠢᠯᠢᠬᠵᠢᠭᠤᠯᠵᠤ᠂ ᠡᠳ᠋ ᠤᠨ ᠵᠠᠰᠠᠭ ᠤᠨ ᠬᠠᠳᠠᠭᠠᠯᠠᠮᠵᠢ ᠮᠦᠩᠬᠦ ᠶᠢ ᠡᠷᠬᠢᠯᠳᠡ ᠳᠤ  ᠤᠷᠤᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠬᠦ ᠵᠡᠷᠭᠡ ᠠᠷᠭ᠎ᠠ ᠪᠠᠷ  ᠦᠷᠢ ᠰᠢᠷᠢ ᠶᠢ ᠢᠳᠡᠪᠬᠢᠳᠡᠢ ᠰᠢᠢᠳᠪᠦᠷᠢᠯᠡᠨ᠎ᠡ  ᠃ ᠮᠦᠩᠬᠦᠨ ᠬᠦᠢᠯᠬᠡᠬᠡᠨ ᠤ ᠢᠳᠡᠭᠡᠮᠵᠢᠳᠦ ᠵᠢᠬᠡᠯᠡᠯᠬᠡ ᠶᠢᠨ ᠵᠦᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ  ᠂ ᠠᠷᠠᠳ ᠤᠨ ᠬᠤᠭᠤᠷᠤᠨᠳᠤᠬᠢ ᠦᠨᠳᠦᠷ ᠬᠦᠦ ᠲᠠᠢ ᠵᠢᠬᠡᠯᠡᠯᠬᠡ ᠶᠢ ᠪᠠᠶᠢᠴᠠᠭᠠᠨ ᠴᠡᠭᠴᠡᠯᠡᠬᠦ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂  ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠤᠯᠢ ᠶᠤᠰᠤᠭᠠᠷ  ᠡᠷᠡᠬᠦᠯ ᠪᠤᠰᠤ ᠵᠢᠬᠡᠯᠡᠯᠬᠡ ᠶᠢ ᠰᠢᠢᠳᠪᠦᠷᠢᠯᠡᠬᠦ ᠳᠤ ᠲᠡᠮᠵᠢᠯᠬᠡ  ᠦᠵᠡᠬᠦᠯᠦᠨ᠎ᠡ᠃  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠦ ᠢᠯᠠᠯᠳᠠ ᠶᠢ ᠲᠡᠮᠡᠴᠡᠨ ᠤᠯᠬᠤ ᠭᠡᠷᠡᠭᠳᠡᠢ᠃  ︽3 +3︾ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠤᠭᠳᠠᠴᠠ ᠶᠢ ᠤᠯᠠᠮ ᠨᠢᠬᠡ ᠠᠯᠬᠤᠮ ᠨᠠᠷᠢᠯᠢᠬᠵᠢᠭᠤᠯᠤᠨ ᠲᠡᠬᠦᠯᠳᠡᠷᠵᠢᠬᠦᠯᠵᠦ᠂  ᠤᠷᠳᠤ ᠬᠤᠭᠤᠴᠠᠭᠠᠨ ᠤ ᠦᠷ᠎ᠡ ᠪᠦᠳᠦᠮᠵᠢ ᠲᠠᠢ ᠶᠠᠳᠠᠭᠤ ᠶᠢ ᠳᠡᠳᠬᠦᠬᠦ ᠠᠵᠤ ᠦᠢᠯᠡᠰ ᠢ ᠴᠢᠬᠤᠯᠠᠴᠢᠯᠠᠨ ᠬᠦᠭᠵᠢᠬᠦᠯᠵᠦ᠂ ᠦᠢᠯᠡᠳᠪᠦᠷᠢᠯᠡᠯ ᠪᠤᠷᠤᠯᠠᠭᠤᠯᠭ᠎ᠠ ᠬᠦᠨᠳᠡᠶᠢᠷᠡᠬᠦ᠂ ᠲᠦᠭᠰᠢᠬᠦᠷᠢ ᠶᠢᠨ ᠪᠠᠳᠤᠯᠠᠭ᠎ᠠ ᠲᠤᠳᠠᠭᠳᠠᠬᠤ ᠵᠡᠷᠭᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠶᠠᠳᠠᠭᠤ ᠬᠦᠴᠢᠷᠳᠡᠢ ᠬᠦᠮᠦᠨ  ᠠᠮᠠ ᠶᠢᠨ ᠤᠷᠤᠯᠴᠠᠯᠭ᠎ᠠ ᠶᠢᠨ ᠬᠡᠮᠵᠢᠶ᠎ᠡ ᠪᠠ ᠰᠢᠭᠤᠳ ᠠᠰᠢᠭ ᠬᠦᠷᠳᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠳ᠋ᠧ ᠴᠢᠩ ᠶᠤᠸᠠᠨ ᠲᠠᠬᠢᠶ᠎ᠠ ᠲᠡᠵᠢᠬᠡᠬᠦ ᠦᠢᠯᠡᠰ᠂ ᠬᠤᠸᠠ ᠱᠧᠩ ᠯᠤᠢ ᠨᠧᠩ ᠵᠠᠭᠤᠨ ᠲᠤᠰᠬᠤᠨ ᠤ ᠠᠵᠤ ᠦᠢᠯᠡᠰ ᠤᠨ ᠲᠤᠭᠤᠷᠢᠭ᠂  ᠬᠤᠶᠠᠳᠤᠭᠠᠷ ᠬᠤᠭᠤᠴᠠᠭᠠᠨ ᠤ ᠭᠡᠷᠡᠯ ᠸᠤᠯᠲ ᠤᠨ ᠴᠠᠬᠢᠯᠭᠠᠨ ᠦᠷᠳᠡᠭᠡ᠂  ᠴᠠᠭᠠᠰᠤ ᠰᠦᠯᠢᠶᠤᠤ ᠶᠢᠨ ᠦᠢᠯᠡᠳᠪᠦᠷᠢᠯᠡᠯ᠂ ᠶᠠᠫᠤᠨ ᠮᠠᠶ᠋ᠢᠭ ᠤᠨ ᠴᠢᠷᠦᠬᠦᠯ ᠱᠠᠬᠠᠢ ᠶᠢᠨ ᠦᠢᠯᠡᠳᠪᠦᠷᠢᠯᠡᠯ ᠵᠡᠷᠭᠡ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ  ᠵᠦᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠤᠰ ᠵᠢᠯ ᠳᠡᠭᠡᠨ ᠠᠰᠢᠭ ᠬᠦᠷᠳᠡᠬᠦ ᠶᠢ ᠪᠠᠳᠤᠯᠠᠨ᠎ᠠ᠃  ︽ᠬᠤᠶᠠᠷ ᠳᠤ ᠦᠯᠦ ᠵᠤᠪᠠᠵᠤ ᠭᠤᠷᠪᠠ ᠶᠢ ᠵᠠᠪᠠᠯ ᠪᠠᠳᠤᠯᠠᠬᠤ︾   ᠳᠤ ᠨᠦᠯᠦᠬᠡ ᠪᠤᠯᠬᠤ ᠲᠤᠪᠤᠶᠢᠮ᠎ᠠ ᠠᠰᠠᠭᠤᠳᠠᠯ ᠢ  ᠠᠩᠬᠠᠷᠤᠯ ᠲᠠᠯᠪᠢᠨ ᠰᠢᠢᠳᠪᠦᠷᠢᠯᠡᠵᠦ᠂  ᠠᠷᠪᠠᠨ ᠲᠦᠷᠦᠯ ᠤᠨ ︽ᠦᠬᠡᠶᠢᠰᠬᠡᠨ ᠴᠡᠪᠡᠷᠯᠡᠵᠦ ᠪᠠᠷᠢᠮᠵᠢᠶ᠎ᠠ ᠳᠤ ᠬᠦᠷᠭᠡᠬᠦ︾ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂   ᠪᠦᠬᠦᠶᠢᠯᠡ ᠠᠵᠢᠯ ᠤᠨ  ᠬᠢᠷᠢ ᠲᠦᠪᠰᠢᠨ ᠤ ᠲᠡᠭᠡᠭᠰᠢᠯᠡᠯᠳᠡ ᠶᠢ  ᠠᠬᠢᠭᠤᠯᠤᠨ᠎ᠠ᠃  ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨ᠂ ᠨᠢᠬᠡ ᠪᠦᠯᠦᠭ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠤᠷᠤᠭᠤᠯᠬᠤ  ᠪᠠᠷ ᠴᠢᠷᠮᠠᠶᠢᠵᠤ᠂ ᠰᠤᠷᠭᠠᠨ ᠬᠦᠮᠦᠵᠢᠯ᠂ ᠡᠮ ᠡᠮᠨᠡᠯᠬᠡ᠂ ᠬᠦᠳᠡᠯᠮᠦᠷᠢ ᠶᠢᠨ ᠶᠠᠪᠤᠳᠠᠯ ᠵᠡᠷᠭᠡ ᠬᠦᠷᠢᠶ᠎ᠡ ᠴᠠᠷ᠎ᠠ ᠶᠢᠨ ᠬᠠᠮᠳᠤᠷᠠᠯᠴᠠᠭ᠎ᠠ ᠶᠢ  ᠪᠠᠶᠢᠩᠭᠤᠵᠢᠭᠤᠯᠬᠤ ᠭᠡᠷᠡᠭᠳᠡᠢ᠃  ᠲᠦᠪ ᠤᠨ ᠲᠤᠭᠤᠷᠢᠨ ᠪᠠᠶᠢᠴᠠᠭᠠᠯᠳᠠ ᠶᠢᠨ ᠪᠦᠯᠬᠦᠮ ᠤᠨ ᠬᠠᠷᠢᠭᠤ ᠲᠤᠰᠬᠠᠭᠰᠠᠨ ᠰᠠᠨᠠᠯ ᠶᠤᠰᠤᠭᠠᠷ ᠠᠰᠠᠭᠤᠳᠠᠯ ᠢ ᠨᠠᠷᠢᠨ ᠨᠢᠮᠪᠠᠢ ᠴᠡᠭᠴᠡᠯᠡᠨ ᠰᠠᠶᠢᠵᠢᠷᠠᠭᠤᠯᠵᠤ᠂  ᠶᠠᠳᠠᠭᠤ  ᠠᠴᠠ ᠭᠠᠷᠬᠤ ᠡᠷᠡᠮᠡᠯᠵᠡᠯ ᠲᠡᠪᠰᠢᠬᠦᠯᠬᠦ᠂ ᠰᠢᠯᠭᠠᠨ ᠪᠠᠶᠢᠴᠠᠭᠠᠯᠳᠠ ᠶᠢ ᠤᠭᠳᠤᠬᠤ ᠵᠡᠷᠭᠡ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠨ ᠬᠢᠨ᠎ᠡ᠃  ᠡᠨᠡ  ᠵᠢᠯ  2300 ᠬᠦᠮᠦᠨ᠂ 14 ᠭᠠᠴᠠᠭ᠎ᠠ ᠲᠤᠰᠬᠤᠨ ᠤ ᠪᠦᠬᠦᠨ  ᠢᠶᠠᠷ ᠢᠶᠠᠨ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠂  ︽ᠶᠠᠳᠠᠭᠤ ᠶᠢᠨ ᠮᠠᠯᠠᠭᠠᠢ ᠪᠠᠨ ᠠᠪᠴᠤ ᠬᠠᠶᠠᠬᠤ︾ ᠬᠠᠷᠠᠯᠳᠠ ᠶᠢ  ᠴᠢᠨᠠᠷ ᠰᠠᠶᠢᠳᠠᠢ ᠪᠡᠶᠡᠯᠡᠬᠦᠯᠦᠨ᠎ᠡ᠃  ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠨᠡᠩ ᠶᠡᠭᠡ ᠦᠷ᠎ᠡ ᠪᠦᠳᠦᠮᠵᠢ ᠳᠤ ᠬᠦᠷᠭᠡᠬᠦ ᠭᠡᠷᠡᠭᠳᠡᠢ᠃   ᠨᠡᠬᠦᠷᠡᠰᠦᠨ ᠤ ᠪᠤᠬᠢᠷᠳᠤᠯ ᠤᠨ ᠵᠠᠰᠠᠯᠳᠠ  ᠶᠢ ᠴᠢᠩᠭᠠᠳᠬᠠᠵᠤ᠂  ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠢ ᠠᠰᠢᠭᠯᠠᠯᠳᠠ ᠳᠤ ᠤᠷᠤᠭᠤᠯᠤᠨ᠂  ᠵᠠᠮ᠂ ᠪᠠᠷᠢᠯᠭ᠎ᠠ ᠶᠢᠨ ᠭᠠᠵᠠᠷ ᠤᠨ ᠲᠤᠭᠤᠰᠤ ᠰᠢᠷᠤᠢ ᠶᠢᠨ ᠰᠡᠷᠭᠡᠶᠢᠯᠡᠯᠳᠡ ᠶᠢ ᠴᠢᠩᠭᠠᠳᠬᠠᠵᠤ᠂  ᠠᠭᠠᠷ ᠮᠠᠨᠳᠠᠯ ᠤᠨ ᠬᠠᠮᠠᠭᠠᠯᠠᠯᠳᠠ ᠶᠢᠨ ᠲᠠᠶᠢᠨ ᠤ ᠢᠯᠠᠯᠳᠠ ᠶᠢ ᠤᠯᠤᠨ᠎ᠠ᠃  ᠨᠠᠭᠤᠷ ᠭᠤᠤᠯ ᠤᠨ ᠲᠠᠷᠤᠭ᠎ᠠ ᠶᠢᠨ ᠲᠦᠷᠢᠮ ᠢ ᠬᠦᠨᠵᠡᠬᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂  ᠬᠦᠷᠦᠰᠦᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠳᠠ ᠬᠢᠭᠡᠳ  ᠤᠤᠭᠤᠬᠤ ᠤᠰᠤᠨ ᠤ ᠰᠤᠷᠪᠤᠯᠵᠢ ᠶᠢᠨ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ   ᠶᠢ ᠪᠠᠶᠢᠭᠤᠯᠤᠨ᠂  ᠴᠡᠪᠡᠷ ᠤᠰᠤᠨ ᠤ ᠬᠠᠮᠠᠭᠠᠯᠠᠯᠳᠠ ᠶᠢᠨ ᠲᠠᠶᠢᠨ   ᠢ ᠰᠠᠶᠢᠨ ᠬᠢᠨ᠎ᠡ  ᠃  ᠬᠦᠷᠦᠰᠦ ᠰᠢᠷᠤᠢ ᠶᠢᠨ ᠪᠤᠬᠢᠷᠳᠤᠯ ᠶᠢᠨ ᠤᠳᠤᠬᠢ ᠪᠠᠶᠢᠳᠠᠯ ᠤᠨ ᠪᠠᠶᠢᠴᠠᠭᠠᠯᠳᠠ ᠶᠢ ᠬᠢᠵᠦ᠂ ᠬᠦᠨᠳᠦ ᠲᠡᠮᠦᠷᠯᠢᠭ ᠤᠨ  ᠲᠠᠷᠢᠶᠠᠨ ᠭᠠᠵᠠᠷ ᠢ ᠪᠤᠬᠢᠷᠳᠤᠭᠤᠯᠬᠤ ᠲᠦᠭᠰᠢᠬᠦᠷᠢ ᠶᠢ ᠪᠠᠶᠢᠴᠠᠭᠠᠨ ᠴᠡᠭᠴᠡᠯᠡᠵᠦ᠂ ᠰᠦᠯᠢᠶᠤᠤ ᠪᠦᠷᠬᠦᠪᠴᠢ᠂ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠨ᠂  ᠠᠷᠭᠠᠯ ᠬᠤᠮᠤᠯ ᠢ ᠡᠬᠢ ᠪᠠᠶᠠᠯᠢᠬᠵᠢᠭᠤᠯᠤᠨ ᠭᠡᠷᠡᠭᠯᠡᠵᠦ᠂ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠲᠤᠷ᠎ᠠ ᠪᠠᠷ ᠬᠠᠶᠠᠬᠤ ᠳᠤ ᠲᠤᠰᠬᠠᠢ ᠴᠡᠭᠴᠡᠯᠡᠯᠳᠡ ᠬᠢᠬᠦ ᠪᠠᠨ ᠴᠢᠩᠭᠠᠳᠬᠠᠨ᠂ ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠲᠠᠶᠢᠨ ᠢ ᠰᠠᠶᠢᠨ ᠬᠢᠨ᠎ᠡ᠃ ᠠᠮᠢ ᠠᠬᠤᠢ ᠶᠢᠨ  ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂  ᠠᠭᠤᠯᠠ ᠲᠤᠪᠤ ᠶᠢᠨ ᠨᠤᠭᠤᠭᠠᠷᠠᠭᠤᠯᠤᠯᠳᠠ᠂  ᠡᠯᠡᠰᠦᠨ ᠤ ᠡᠬᠢ ᠶᠢᠨ ᠵᠠᠰᠠᠯᠳᠠ᠂ ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢᠨ ᠪᠦᠳᠦᠬᠡᠨ ᠪᠠᠶᠢᠭᠤᠯᠤᠯᠳᠠ  ᠶᠢᠨ ᠢᠨᠵᠧᠨᠧᠷᠢᠩ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠤᠶᠢᠵᠢᠭᠤᠯᠤᠯᠳᠠ ᠶᠢᠨ ᠲᠠᠯᠠᠪᠠᠢ 6.6 ᠲᠦᠮᠡᠨ ᠮᠤ᠋ ᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 3000 ᠮᠤ᠋᠂  ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ 1000 ᠮᠤ᠋   ᠶᠢ ᠪᠡᠶᠡᠯᠡᠬᠦᠯᠦᠨ᠎ᠡ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠮᠦᠩᠬᠦ ᠶᠢ ᠲᠠᠷᠬᠠᠭᠠᠬᠤ ᠪᠠ ᠮᠡᠯ ᠪᠡᠯᠴᠢᠭᠡᠷ ᠤᠨ ᠲᠡᠩᠴᠡᠬᠦᠷᠢ ᠶᠢᠨ ᠬᠠᠷᠢᠭᠤᠴᠠᠯᠭ᠎ᠠ   ᠶᠢ ᠬᠦᠢᠴᠡᠳᠭᠡᠬᠦ  ᠬᠤᠯᠪᠤᠭᠳᠠᠯ ᠤᠨ ᠲᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠳᠤᠭ ᠪᠡᠯᠴᠢᠬᠡᠷ ᠢ ᠰᠢᠯᠭᠠᠨ ᠦᠨᠡᠯᠡᠬᠦ ᠪᠠ ᠤᠷᠢᠳᠴᠢᠯᠠᠨ ᠰᠡᠷᠡᠮᠵᠢᠯᠡᠬᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠪᠡᠯᠴᠢᠬᠡᠷᠯᠡᠬᠦᠯᠬᠦ ᠶᠢ ᠴᠠᠭᠠᠵᠠᠯᠠᠬᠤ ᠤᠷᠤᠨ ᠳᠤ  ᠨᠢᠬᠡ ᠮᠠᠯ ᠴᠤ ᠪᠡᠯᠴᠢᠬᠡᠬᠦ ᠦᠬᠡᠢ᠂ ᠮᠡᠯ ᠪᠡᠯᠴᠢᠬᠡᠷ ᠢ ᠲᠡᠩᠴᠡᠬᠦᠯᠬᠦ ᠤᠷᠤᠨ ᠳᠤ ᠨᠢᠬᠡ ᠮᠠᠯ ᠴᠤ ᠭᠡᠳᠦᠷᠡᠬᠦᠯᠬᠦ ᠦᠬᠡᠢ ᠪᠠᠶᠢᠯᠠᠭᠠᠨ᠎ᠠ᠃        ︵ᠬᠤᠶᠠᠷ︶ ᠠᠵᠤ ᠦᠢᠯᠡᠰ ᠤᠨ ᠪᠦᠳᠦᠴᠡ   ᠶᠢᠨ ᠰᠢᠯᠢᠳᠡᠭᠵᠢᠵᠦ ᠲᠡᠰ ᠲᠡᠪᠰᠢᠬᠦ ᠶᠢ ᠠᠬᠢᠭᠤᠯᠤᠨ᠂ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠬᠡᠬᠡᠨ ᠤ ᠡᠨᠧᠷᠬᠢ ᠶᠢ ᠪᠤᠶᠢᠵᠢᠭᠤᠯᠤᠨ᠎ᠠ᠃  ᠠᠵᠤ ᠦᠢᠯᠡᠳᠪᠦᠷᠢ  ᠶᠢᠨ ᠰᠢᠨ᠎ᠡ  ᠭᠡᠯᠪᠡᠷᠢᠵᠢᠭᠰᠡᠨ ᠬᠢᠷᠢ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃  ᠦᠢᠯᠡᠳᠪᠦᠷᠢᠯᠡᠯ ᠡᠬᠢᠯᠡᠭᠰᠡᠨ ᠲᠦᠷᠦᠯ ᠵᠦᠢᠯ ᠤᠨ ᠲᠤᠭᠳᠠᠭᠤᠨ ᠶᠠᠪᠤᠭᠳᠠᠬᠤ ᠶᠢ ᠠᠬᠢᠭᠤᠯᠵᠤ᠂ ᠲᠤᠰ ᠵᠢᠯ   ᠳᠤ 3 ᠠᠴᠠ ᠲᠡᠭᠡᠭᠰᠢ ᠠᠵᠤ ᠠᠬᠤᠶᠢᠯᠠᠯ ᠤᠨ ᠬᠡᠪᠴᠢᠶᠡᠵᠢᠯ ᠢ ᠲᠡᠭᠡᠭᠰᠢᠯᠡᠬᠦᠯᠦᠨ᠎ᠡ᠃ ᠲᠠᠯ᠎ᠠ ᠨᠤᠳᠤᠭ ᠠᠷᠢᠬᠢᠨ ᠦᠯᠡᠳᠪᠦᠷᠢ ᠶᠢᠨ ᠶᠡᠷᠦᠩᠬᠡᠶᠢᠯᠡᠭᠰᠡᠨ ᠠᠰᠠᠷ ᠪᠠ  ᠵᠤᠭᠤᠷᠢ ᠶᠢᠨ ᠪᠠᠶᠢᠭᠤᠯᠤᠯᠳᠠ ᠶᠢ ᠬᠢᠵᠦ᠂ ᠪᠦᠳᠦᠭᠡᠭᠳᠡᠬᠦᠨ ᠤ ᠴᠢᠨᠠᠷ ᠴᠢᠨᠰᠠᠭ᠎ᠠ ᠶᠢ ᠦᠷᠬᠦᠯᠵᠢᠯᠡᠨ  ᠪᠠᠳᠤᠳᠬᠠᠵᠤ  ᠲᠡᠭᠡᠰᠢᠯᠡᠬᠦᠯᠦᠭᠰᠡᠨ ᠰᠠᠭᠤᠷᠢᠨ ᠲᠡᠭᠡᠷ᠎ᠡ  ᠪᠤᠷᠤᠯᠠᠭᠤᠯᠭ᠎ᠠ ᠶᠢᠨ ᠵᠠᠬ᠎ᠠ ᠶᠢ ᠲᠠᠰᠤᠷᠠᠯᠳᠠ ᠦᠬᠡᠢ  ᠦᠷᠭᠡᠳᠭᠡᠨ᠎ᠡ᠃ ᠬᠤᠩ ᠵᠢᠩ ᠶᠤᠸᠠᠨ ᠲᠤᠰᠤᠨ ᠤ  ᠦᠢᠯᠡᠳᠪᠦᠷᠢ ᠶᠢᠨ ᠨᠡᠷᠡᠳᠦ ᠲᠡᠮᠳᠡᠭ  ᠤᠨ ᠡᠬᠦᠳᠦᠯᠳᠡ ᠪᠠ ᠵᠠᠬ᠎ᠠ ᠲᠡᠯᠬᠡᠬᠦᠷ ᠤᠨ ᠪᠤᠷᠤᠯᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠳᠤ ᠲᠡᠮᠵᠢᠯᠬᠡ ᠦᠵᠡᠬᠦᠯᠦᠨ᠂ ᠬᠤᠪᠢᠴᠠᠭᠠᠨ ᠤ ᠲᠦᠷᠢᠮ ᠤᠨ ᠦᠬᠡᠷᠡᠴᠢᠯᠡᠯᠳᠡ ᠶᠢ ᠢᠳᠡᠪᠬᠢᠳᠡᠢ ᠲᠦᠯᠦᠪᠯᠡᠨ ᠠᠬᠢᠭᠤᠯᠵᠤ᠂ ᠦᠷᠢᠰᠦᠯᠳᠦᠬᠡᠨ ᠤ ᠬᠦᠴᠦᠨ ᠪᠠ ᠵᠠᠬ᠎ᠠ ᠲᠡᠯᠬᠡᠬᠦᠷ   ᠤᠨ ᠡᠵᠡᠯᠡᠪᠦᠷᠢ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ ᠪᠠᠢ ᠬᠤᠢ ᠱᠧᠩ ᠰᠢᠬᠢᠷ ᠤᠨ ᠦᠢᠯᠡᠳᠪᠦᠷᠢ ᠶᠢᠨ ᠰᠡᠬᠦᠯ ᠬᠤᠷᠢᠶᠠᠬᠤ ᠢᠨᠵᠧᠨᠧᠷᠢᠩ ᠪᠠ ᠦᠢᠯᠡᠳᠪᠦᠷᠢ ᠶᠢᠨ ᠲᠤᠭᠤᠷᠢᠭ  ᠤᠨ ᠬᠠᠳᠠᠭᠤᠷᠠᠭᠤᠯᠤᠯᠳᠠ ᠨᠤᠭᠤᠭᠠᠷᠠᠭᠤᠯᠤᠯᠳᠠ ᠭᠤᠶᠤᠵᠢᠭᠤᠯᠤᠯᠳᠠ ᠶᠢᠨ ᠢᠨᠵᠧᠨᠧᠷᠢᠩ ᠢ ᠲᠦᠷᠭᠡᠨ ᠪᠡᠶᠡᠯᠡᠬᠦᠯᠵᠦ᠂  ᠵᠠᠬᠢᠶᠠᠯᠠᠭ᠎ᠠ ᠪᠠᠷ ᠰᠢᠬᠢᠷ ᠤᠨ ᠯᠤᠤᠪᠠᠩ ᠲᠠᠷᠢᠬᠤ ᠲᠠᠯᠠᠪᠠᠢ ᠶᠢ  ᠦᠷᠭᠡᠳᠬᠡᠨ᠂  ᠶᠡᠷᠦᠩᠬᠡᠢ ᠺᠤᠮᠫᠠᠨᠢ ᠶᠢ ᠡᠨᠡ ᠵᠢᠯ ᠭᠤᠤᠯ ᠵᠠᠬ᠎ᠠ ᠲᠡᠯᠬᠡᠬᠦᠷ ᠲᠤ ᠭᠠᠷᠭᠠᠬᠤ ᠪᠠᠷ  ᠴᠢᠷᠮᠠᠶᠢᠵᠤ᠂ ᠱᠧᠩ ᠲᠠᠢ ᠡᠯ ᠺᠤᠮᠫᠠᠨᠢ ᠶᠢᠨ ᠦᠢᠯᠡᠳᠪᠦᠷᠢᠯᠡᠯ ᠢᠶᠠᠨ ᠶᠡᠬᠡᠰᠬᠡᠵᠦ ᠦᠷ᠎ᠡ ᠠᠰᠢᠭ ᠢᠶᠠᠨ ᠨᠡᠮᠡᠭᠳᠡᠬᠦᠯᠬᠦ ᠶᠢ  ᠠᠬᠢᠭᠤᠯᠤᠨ᠂ ᠶᠡᠷᠦᠩᠬᠡᠢ ᠺᠤᠮᠫᠠᠨᠢ ᠶᠢ ᠲᠡᠳᠬᠦᠵᠦ  ᠡᠨᠡ  ᠵᠢᠯ ᠦᠢᠯᠡᠰ ᠪᠦᠳᠦᠬᠡᠬᠦ ᠵᠠᠬ᠎ᠠ ᠲᠡᠯᠬᠡᠬᠦᠷ ᠲᠤ ᠭᠠᠷᠭᠠᠨ᠎ᠠ᠃ ᠴᠠᠭᠠᠰᠤ ᠰᠦᠯᠢᠶᠤᠤ   ᠶᠢᠨ ᠠᠵᠤ ᠦᠢᠯᠡᠰ ᠤᠨ ᠲᠤᠭᠤᠷᠢᠭ  ᠤᠨ ᠲᠦᠷᠦᠬᠦᠦ ᠪᠦᠯᠦᠭ ᠤᠷᠤᠵᠤ ᠨᠤᠳᠤᠭᠰᠢᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢ ᠲᠦᠷᠢᠮᠵᠢᠬᠦᠯᠦᠨ᠂ ᠨᠢᠷᠤᠭᠤᠪᠴᠢ ᠠᠵᠤ ᠠᠬᠤᠶᠢᠯᠠᠯ ᠢ ᠲᠡᠳᠬᠦᠨ ᠬᠦᠴᠦᠷᠭᠡᠭᠵᠢᠬᠦᠯᠵᠦ᠂ ᠲᠡᠭᠡᠳᠦ ᠰᠢᠨ᠎ᠡ ᠮᠡᠷᠭᠡᠵᠢᠯ  ᠤᠨ ᠤᠷᠤᠨ ᠲᠤᠭᠤᠷᠢᠭ ᠤᠨ ᠬᠠᠮᠢᠶᠠᠷᠤᠯᠳᠠ ᠶᠢᠨ ᠲᠦᠪᠰᠢᠨ ᠢ ᠲᠠᠰᠤᠷᠠᠯᠳᠠ ᠦᠬᠡᠢ ᠲᠡᠭᠡᠰᠢᠯᠡᠬᠦᠯᠦᠨ᠎ᠡ᠃ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠶᠢ ᠲᠦᠷᠭᠡᠳᠬᠡᠨ᠂ ᠱᠧᠩ ᠲᠠᠢ ᠡᠯ ᠺᠤᠮᠫᠠᠨᠢ ᠶᠢᠨ ᠬᠤᠶᠠᠳᠤᠭᠠᠷ ᠬᠤᠭᠤᠴᠠᠭ᠎ᠠ᠂ ᠳ᠋ᠧ ᠴᠢᠩ ᠶᠤᠸᠠᠨ ᠦᠨᠳᠡᠭᠡ ᠮᠢᠬᠠᠨ ᠤ ᠦᠢᠯᠡᠳᠪᠦᠷᠢᠯᠡᠯ ᠵᠡᠷᠭᠡ ᠲᠦᠷᠦᠯ ᠵᠦᠢᠯ ᠢ ᠡᠨᠡ ᠳᠡᠭᠡᠨ ᠦᠢᠯᠡᠳᠪᠦᠷᠢᠯᠡᠯ  ᠡᠬᠢᠯᠡᠬᠦᠯᠬᠦ ᠪᠠᠷ ᠴᠢᠷᠮᠠᠶᠢᠨ᠎ᠠ᠃ ᠵᠣᠬᠢᠶᠠᠮᠠᠯ ᠠᠯᠮᠠᠰ ᠴᠢᠯᠠᠭᠤ  ᠂ 85 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  ᠯᠢᠤᠢ ᠼᠤᠤ ᠲᠠᠩ ᠬᠢᠳᠠᠳ ᠡᠮ ᠤᠨ ᠦᠢᠯᠡᠳᠪᠦᠷᠢᠯᠡᠯ᠂  ᠺᠧ ᠲᠠᠢ ᠯᠦᠩ ᠳ᠋ᠠ ᠺᠤᠮᠫᠠᠨᠢ ᠶᠢᠨ ᠬᠤᠶᠠᠳᠤᠭᠠᠷ  ᠬᠤᠭᠤᠴᠠᠭ᠎ᠠ᠂ ᠴᠠᠭᠠᠰᠤ ᠰᠦᠯᠢᠶᠤᠤ ᠶᠢᠨ ᠠᠵᠤ ᠦᠢᠯᠡᠰ ᠤᠨ ᠲᠤᠭᠤᠷᠢᠭ ᠤᠨ ᠬᠤᠶᠠᠳᠤᠭᠠᠷ ᠬᠤᠭᠤᠴᠠᠭ᠎ᠠ  ᠵᠡᠷᠭᠡ ᠲᠦᠷᠦᠯ ᠵᠦᠢᠯ ᠤᠨ ᠬᠦᠢᠴᠡᠳᠭᠡᠯ ᠢ  ᠲᠦᠷᠭᠡᠨ ᠬᠢᠵᠦ᠂ 5 ᠰᠠᠷ᠎ᠠ ᠶᠢᠨ ᠡᠬᠢ ᠪᠠᠷ ᠪᠦᠳᠦᠬᠡᠨ ᠪᠠᠶᠢᠭᠤᠯᠤᠯᠳᠠ ᠡᠬᠢᠯᠡᠬᠦ ᠶᠢ ᠪᠠᠳᠤᠯᠠᠨ᠎ᠠ᠃ ᠵᠤᠬᠢᠶᠠᠮᠠᠯ ᠠᠯᠮᠠᠰ ᠴᠢᠯᠠᠭᠤ ᠦᠢᠯᠡᠳᠬᠦ ᠲᠦᠷᠦᠯ ᠵᠦᠢᠯ ᠳᠤ ᠲᠦᠰᠢᠭᠯᠡᠨ᠂ ᠬᠡᠳᠦ ᠬᠠᠳᠠᠭᠤ ᠮᠠᠲ᠋ᠧᠷᠢᠶᠠᠯ ᠤᠨ ᠠᠵᠤ ᠦᠢᠯᠡᠰ  ᠤᠨ ᠬᠦᠭᠵᠢᠯᠳᠡ ᠶᠢᠨ ᠲᠦᠯᠦᠪᠵᠢᠬᠦᠯᠬᠡ ᠶᠢ ᠱᠠᠯᠠᠪᠳᠠᠨ ᠲᠤᠭᠳᠠᠭᠠᠵᠤ᠂ ᠲᠡᠬᠦᠨ ᠲᠠᠢ ᠢᠵᠢ ᠪᠦᠷᠢᠳᠦᠭᠰᠡᠨ ᠬᠤᠯᠪᠤᠭᠳᠠᠬᠤ ᠠᠵᠤ ᠦᠢᠯᠡᠰ ᠤᠨ ᠬᠡᠯᠬᠢᠶᠡᠰᠦ ᠶᠢ ᠰᠤᠨᠤᠭᠠᠨ᠎ᠠ᠃  ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠤᠭᠤᠷᠢᠭ ᠤᠨ ᠶᠡᠷᠦᠩᠬᠡᠢ ᠲᠦᠯᠦᠪᠵᠢᠬᠦᠯᠬᠡ ᠪᠠ ᠠᠵᠤ ᠦᠢᠯᠡᠰ ᠤᠨ ᠲᠦᠯᠦᠪᠵᠢᠬᠦᠯᠬᠡ   ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ 1 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠨ᠂ ᠤᠷᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠪᠦᠷᠢᠨᠰᠢᠬᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠪᠤᠯᠪᠠᠰᠤᠷᠠᠭᠤᠯᠤᠯᠳᠠ᠂  ᠬᠠᠳᠠᠭᠤᠯᠢᠭ ᠮᠠᠲ᠋ᠧᠷᠢᠶᠠᠯ ᠤᠨ ᠨᠠᠷᠢᠯᠢᠭ ᠪᠤᠯᠪᠠᠰᠤᠷᠠᠭᠤᠯᠤᠯᠳᠠ᠂ ᠠᠮᠢᠳᠤ ᠪᠤᠳᠠᠰ ᠤᠨ ᠡᠮ ᠲᠠᠩ ᠦᠢᠯᠡᠳᠪᠦᠷᠢᠯᠡᠬᠦ ᠵᠡᠷᠭᠡ ᠭᠤᠤᠯᠳᠠᠯᠭᠠᠳᠠᠢ ᠬᠦᠷᠢᠶ᠎ᠡ ᠴᠠᠷ᠎ᠠ ᠶᠢᠨ ᠲᠤᠭᠤᠷᠢᠨ ᠳᠤ᠂ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠦᠯᠦᠪᠯᠡᠨ ᠤᠷᠤᠭᠤᠯᠵᠤ᠂  ᠪᠦᠬᠦ ᠵᠢᠯ ᠳᠤ ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠬᠡᠮᠵᠢᠶ᠎ᠡ ᠶᠢ 30 ᠳ᠋ᠦᠩᠰᠢᠭᠤᠷ ᠲᠦᠬᠦᠷᠢᠭ   ᠲᠤ ᠬᠦᠷᠭᠡᠬᠦ ᠪᠠᠷ ᠴᠢᠷᠮᠠᠶᠢᠨ᠎ᠠ᠃  ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ︽ᠲᠦᠮᠦᠰᠦ ᠶᠢ ᠪᠠᠭᠠᠰᠬᠠᠵᠤ ᠨᠤᠭᠤᠭ᠎ᠠ ᠡᠮ ᠡᠪᠡᠰᠦ ᠶᠢ ᠶᠡᠬᠡᠰᠭᠡᠬᠦ︾ ᠰᠡᠳᠬᠢᠴᠡ ᠪᠠᠷ᠂ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ ᠤᠨᠴᠠᠯᠢᠭᠳᠤ ᠲᠠᠷᠢᠮᠠᠯ ᠤᠨ ᠲᠠᠯᠠᠪᠠᠢ ᠶᠢ ᠦᠷᠭᠡᠳᠭᠡᠵᠦ᠂ ᠡᠨᠡ  ᠵᠢᠯ 12 ᠲᠦᠮᠡᠨ ᠮᠤ᠋ ᠰᠢᠬᠢᠷ ᠤᠨ ᠯᠤᠤᠪᠠᠩ᠂ 5 ᠲᠦᠮᠡᠨ ᠮᠤ᠋ ᠲᠦᠮᠦᠰᠦ᠂ 5 ᠲᠦᠮᠡᠨ ᠮᠤ᠋ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭ᠎ᠠ᠂ 3 ᠲᠦᠮᠡᠨ ᠮᠤ᠋ ᠡᠮ ᠤᠨ ᠮᠠᠲ᠋ᠧᠷᠢᠶᠠᠯ᠂ 2 ᠲᠦᠮᠡᠨ ᠮᠤ᠋  ᠨᠤᠶᠢᠯ ᠠᠷᠪᠠᠢ᠂ 20 ᠲᠦᠮᠡᠨ ᠮᠤ᠋ ᠡᠪᠡᠰᠦ ᠪᠤᠷᠳᠤᠭ᠎ᠠ ᠲᠠᠷᠢᠨ᠎ᠠ᠃ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠦᠷᠬᠦᠯᠵᠢᠯᠡᠨ ᠬᠦᠭᠵᠢᠬᠦᠯᠵᠦ᠂ ᠵᠢᠯ ᠳᠤ 5000 ᠲᠤᠯᠤᠭᠠᠢ ᠰᠠᠶᠢᠨ ᠡᠬᠦᠯᠳᠡᠷ ᠤᠨ ᠮᠢᠬᠠᠨ ᠤ ᠦᠬᠡᠷ ᠤᠷᠤᠭᠤᠯᠤᠨ᠂ 2 ᠰᠠᠭᠤᠷᠢ  ᠭᠡᠪᠴᠢᠶᠡᠵᠢᠭᠰᠡᠨ  ᠪᠤᠬ᠎ᠠ ᠮᠠᠯᠵᠢᠬᠤ ᠲᠠᠯᠠᠪᠠᠢ ᠶᠢ ᠪᠠᠶᠢᠭᠤᠯᠬᠤ ᠪᠠᠷ ᠡᠷᠡᠮᠡᠯᠵᠡᠯᠡᠨ ᠮᠡᠳᠡᠬᠦᠯᠵᠦ᠂  ᠠᠩᠬᠢᠰ ᠦᠬᠡᠷ ᠪᠠ ᠰᠢᠮᠧᠨᠲ᠋ᠠᠷ ᠦᠬᠡᠷ ᠤᠨ ᠭᠤᠤᠯᠳᠠᠯᠭᠠᠳᠤ ᠰᠦᠷᠦᠭ 5 ᠶᠢ ᠪᠠᠶᠢᠭᠤᠯᠤᠨ᠎ᠠ᠃ ᠡᠤ ᠹᠧᠩ ᠺᠤᠮᠫᠠᠨᠢ ᠶᠢᠨ ᠮᠢᠬᠠᠨ ᠤ ᠦᠬᠡᠷ ᠤᠨ ᠨᠠᠷᠢᠯᠢᠭ ᠪᠤᠯᠪᠠᠰᠤᠷᠠᠭᠤᠯᠤᠯᠳᠠ᠂ ᠴᠠᠩ ᠫᠢᠩ   ᠤᠨ ᠬᠦᠵᠡᠯᠵᠡᠬᠡᠨ᠎ᠡ ᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ᠂ ᠼᠠᠨ ᠶᠤᠸᠠᠨ ᠬᠢᠳᠠᠳ ᠡᠮ ᠤᠨ ᠮᠠᠲ᠋ᠧᠷᠢᠶᠠᠯ  ᠤᠨ ᠵᠠᠬ᠎ᠠ ᠲᠡᠯᠬᠡᠬᠦᠷ ᠵᠡᠷᠭᠡ ᠲᠦᠷᠦᠯ ᠵᠦᠢᠯ ᠢ ᠡᠨᠡ ᠵᠢᠯ ᠦᠢᠯᠡᠳᠪᠦᠷᠢᠯᠡᠯ ᠡᠬᠢᠯᠡᠬᠦᠯᠬᠦ ᠪᠠᠷ ᠴᠢᠷᠮᠠᠶᠢᠨ᠎ᠠ᠃ ᠠᠷᠭᠠᠯ  ᠬᠤᠭ ᠢ ᠡᠬᠢ ᠪᠠᠶᠠᠯᠢᠬᠵᠢᠭᠤᠯᠤᠨ ᠠᠰᠢᠭᠯᠠᠬᠤ ᠲᠤᠷᠰᠢᠯᠳᠠ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠨᠠᠮᠤᠭ ᠤᠨ ᠭᠡᠢ ᠪᠠᠷ ᠴᠠᠬᠢᠯᠭᠠᠨ ᠭᠠᠷᠭᠠᠬᠤ ᠦᠢᠯᠡᠳᠪᠦᠷᠢ ᠢ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠴᠤᠭᠴᠠ ᠶᠢ ᠲᠡᠳᠬᠦᠨ  ᠬᠦᠭᠵᠢᠬᠦᠯᠵᠦ᠂  200 ᠡᠷᠦᠬᠡ ᠲᠤᠰᠬᠠᠢ ᠬᠤᠷᠰᠢᠶᠠᠵᠢᠯ ᠢ ᠱᠠᠭᠠᠷᠳᠠᠯᠭ᠎ᠠ ᠶᠤᠰᠤᠭᠠᠷ ᠴᠡᠭᠴᠡᠯᠡᠨ ᠲᠦᠷᠢᠮᠵᠢᠬᠦᠯᠵᠦ᠂ ᠪᠠᠷᠢᠮᠵᠢᠶᠠᠳᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 150 ᠶᠢ ᠰᠢᠨ᠎ᠡ ᠪᠠᠷ ᠬᠢᠨᠠᠨ ᠲᠤᠭᠳᠠᠭᠠᠨ᠎ᠠ᠃  ᠵᠢᠵᠢᠭ ᠲᠠᠷᠢᠶᠠᠴᠢᠨ ᠡᠷᠦᠬᠡ ᠶᠢ ᠲᠡᠳᠬᠦᠬᠦ ᠪᠠ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢ ᠤᠷᠭᠠᠨᠢᠭ ᠢᠶᠠᠷ ᠵᠤᠯᠭᠠᠭᠤᠯᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂  ︽ᠲᠠᠷᠢᠶᠠᠴᠢᠨ ᠡᠷᠦᠬᠡ +  ᠬᠤᠷᠰᠢᠶᠠᠵᠢᠯ︾᠂ ︽ᠲᠠᠷᠢᠶᠠᠴᠢᠨ  ᠡᠷᠦᠬᠡ + ᠺᠤᠮᠫᠠᠨᠢ︾ ᠵᠡᠷᠭᠡ ᠠᠰᠢᠭ ᠲᠤᠰᠠ ᠶᠢᠨ ᠬᠤᠯᠪᠤᠭᠳᠠᠯ ᠤᠨ ᠲᠤᠭᠳᠠᠴᠠ ᠶᠢ ᠲᠡᠬᠦᠯᠳᠡᠷᠵᠢᠬᠦᠯᠦᠨ᠎ᠡ᠃ ︽ᠭᠤᠷᠪᠠᠨ ᠪᠦᠳᠦᠭᠡᠭᠳᠡᠬᠦᠨ ᠨᠢᠬᠡ ᠲᠡᠮᠳᠡᠭ︾ ᠢᠶᠠᠷ ᠰᠢᠯᠭᠠᠨ ᠭᠡᠷᠡᠴᠢᠯᠡᠬᠦᠯᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠢ ᠲᠡᠭᠡᠭᠰᠢᠯᠡᠬᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠭᠡᠳᠬᠡᠨ᠂  ᠲᠠᠷᠢᠶᠠᠨ ᠡᠮ ᠤᠨ  ᠬᠤᠤᠷ ᠤᠨ  ᠪᠠᠶᠢᠴᠠᠭᠠᠯᠳᠠ᠂ ᠠᠮᠢᠳᠠᠨ ᠤ  ᠡᠪᠡᠳᠴᠢᠨ ᠬᠢᠵᠢᠭ ᠤᠨ ᠰᠡᠷᠭᠡᠶᠢᠯᠡᠯᠳᠡ ᠶᠢ ᠴᠢᠩᠭᠠᠳᠬᠠᠨ᠎ᠠ᠃ ᠦᠢᠯᠡᠴᠢᠯᠡᠬᠡᠨ ᠤ ᠦᠢᠯᠡᠰ ᠤᠨ  ᠠᠭᠤᠰᠤᠯᠵᠢᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ᠦᠢᠯᠡᠴᠢᠯᠡᠬᠡᠨ ᠤ ᠦᠢᠯᠡᠰ ᠤᠨ ᠭᠤᠤᠯᠳᠠᠯᠭᠠᠳᠠᠢ ᠬᠦᠷᠢᠶ᠎ᠡ ᠴᠠᠷ᠎ᠠ   ᠶᠢ ᠴᠢᠨᠠᠷ  ᠰᠠᠶᠢᠳᠠᠢ ᠬᠦᠭᠵᠢᠬᠦᠯᠬᠦ ᠠᠵᠢᠯᠯᠠᠭ᠎ᠠ  ᠶᠢ ᠦᠷᠨᠢᠬᠦᠯᠦᠨ᠂ ᠪᠡᠭᠡᠵᠢᠩ ᠲᠢᠶᠠᠨᠵᠢᠨ ᠾᠧᠪᠸᠢ ᠶᠢᠨ ᠵᠤᠴᠢᠨ ᠤ ᠢᠷᠡᠯᠳᠡ ᠶᠢᠨ ᠵᠠᠬ᠎ᠠ ᠵᠡᠬᠡᠯᠢ ᠳᠤ ᠬᠠᠨᠳᠤᠵᠤ᠂   ᠬᠤᠭᠤᠯᠠ  ᠤᠮᠳᠠ  ᠬᠤᠨᠤᠭ ᠰᠠᠭᠤᠴᠠ᠂  ᠰᠤᠶᠤᠯ ᠤᠨ ᠤᠶᠢᠯᠠᠭᠠᠯᠳᠠ᠂  ᠪᠡᠶ᠎ᠡ ᠰᠤᠪᠢᠯᠠᠯᠳᠠ᠂  ᠰᠡᠯᠡᠬᠦᠴᠡᠯ ᠵᠡᠷᠭᠡ ᠦᠢᠯᠡᠴᠢᠯᠡᠬᠡᠨ ᠤ ᠦᠢᠯᠡᠰ ᠤᠨ ᠲᠦᠷᠭᠡᠨ ᠬᠦᠭᠵᠢᠬᠦ   ᠶᠢ ᠠᠬᠢᠭᠤᠯᠤᠨ᠂ ᠪᠡᠭᠡᠵᠢᠩ ᠲᠢᠶᠠᠨᠵᠢᠨ ᠾᠧᠪᠸᠢ  ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠠᠮᠢ ᠠᠬᠤᠢ ᠶᠢᠨ ᠰᠤᠶᠤᠯ  ᠵᠢᠭᠤᠯᠴᠢᠯᠠᠯ ᠤᠨ ᠤᠷᠤᠨ ᠢ ᠡᠬᠦᠳᠦᠨ ᠪᠠᠶᠢᠭᠤᠯᠤᠨ᠎ᠠ᠃ ᠬᠠᠭᠠᠨ ᠤ ᠠᠳᠤᠭᠤᠨ ᠵᠤᠰᠠᠭᠠᠯ᠂   ᠦᠨᠳᠦᠰᠦᠳᠡᠨ ᠤ ᠤᠨᠴᠠᠯᠢᠭᠳᠤ ᠠᠳᠤᠭᠤᠳᠤ ᠪᠠᠯᠭᠠᠰᠤ᠂ ᠰᠢᠨᠠᠭᠠᠨ ᠪᠤᠯᠠᠭ᠂ ᠪᠢᠶᠠᠨ ᠴᠢᠶᠠᠩ ᠲᠤᠰᠬᠤᠨ᠂ ᠰᠠᠶᠢᠨᠬᠠᠨᠨᠠᠭᠤᠷ  ᠵᠡᠷᠭᠡ ᠵᠢᠭᠤᠯᠴᠢᠯᠠᠯ ᠤᠨ ᠤᠷᠤᠨ ᠤ ᠭᠤᠤᠯᠳᠠᠯᠭᠠᠳᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ  ᠰᠠᠶᠢᠨ ᠠᠳᠬᠤᠵᠤ  ︽ᠰᠢᠨ᠎ᠡ ᠭᠤᠷᠪᠠᠨ ᠵᠢᠯ  ᠤᠨ ᠵᠤᠷᠯᠤᠩ ᠤᠨ ᠦᠬᠡᠷᠡᠴᠢᠯᠡᠯᠳᠡ︾ ᠶᠢ ᠢᠳᠡᠪᠬᠢᠳᠡᠢ ᠲᠦᠯᠬᠢᠨ ᠠᠬᠢᠭᠤᠯᠵᠤ᠂ ᠵᠢᠭᠤᠯᠴᠢᠯᠠᠯ ᠳᠤ ᠭᠡᠷᠡᠭᠯᠡᠬᠦ ᠵᠤᠷᠯᠤᠩ 23 ᠶᠢ ᠰᠢᠨ᠎ᠡ ᠪᠷ ᠪᠠᠶᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ  ᠳᠤ ᠤᠷᠤᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ   ᠢ ᠲᠦᠷᠭᠡᠨ ᠭᠡᠷᠡᠭᠵᠢᠬᠦᠯᠵᠦ᠂  ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂  ︽ᠬᠤᠰᠢᠭᠤ ᠰᠤᠮᠤ ᠭᠠᠴᠠᠭ᠎ᠠ︾ ᠭᠤᠷᠪᠠᠨ ᠱᠠᠳᠤᠨ ᠤ ᠪᠤᠳᠠᠰ ᠤᠨ ᠬᠦᠢᠯᠬᠡᠬᠡᠨ ᠤ ᠰᠢᠰᠲ᠋ᠧᠮᠵᠢ ᠶᠢ ᠲᠡᠬᠦᠯᠳᠡᠷᠵᠢᠬᠦᠯᠦᠨ᠎ᠡ᠃  ᠡᠯᠧᠺᠲᠷᠤᠨ ᠬᠤᠳᠠᠯᠳᠤᠭᠠᠨ ᠤ ᠨᠡᠷᠡᠳᠦ ᠲᠡᠮᠳᠡᠭ ᠤᠨ ᠪᠤᠶᠢᠵᠢᠭᠤᠯᠤᠯᠳᠠ᠂ ᠤᠬᠠᠭᠤᠯᠭ᠎ᠠ ᠪᠤᠯᠪᠠᠰᠤᠷᠠᠯ ᠵᠡᠷᠭᠡ ᠠᠵᠢᠯ ᠢ ᠰᠠᠶᠢᠨ ᠬᠢᠵᠦ᠂  ᠲᠠᠶᠢᠹᠤᠰᠧ ᠬᠤᠰᠢᠭᠤᠨ ᠤ ᠪᠠᠨ  ᠡᠯᠧᠺᠲᠷᠤᠨ ᠬᠤᠳᠠᠯᠳᠤᠭᠠᠨ ᠤ  ᠨᠡᠶᠢᠳᠡ ᠶᠢᠨ ᠨᠡᠷᠡᠳᠦ ᠲᠡᠮᠳᠡᠭ ᠢ ᠲᠠᠩᠰᠠᠯᠠᠭᠤᠯᠵᠤ ᠠᠰᠢᠭᠯᠠᠯᠳᠠ ᠳᠤ ᠤᠷᠤᠭᠤᠯᠤᠨ᠎ᠠ᠃      ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠲᠡᠭᠡᠷᠡᠬᠢ ᠴᠢᠬᠤᠯᠠ  ᠶᠠᠷᠢᠶᠠᠨ ᠤ ᠵᠤᠷᠢᠭ ᠰᠠᠨᠠᠭ᠎ᠠ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ  ᠲᠡᠮᠵᠢᠬᠦ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠨᠢᠮᠪᠠᠢ ᠨᠠᠶᠢᠳᠠᠪᠤᠷᠢᠵᠢᠭᠤᠯᠵᠤ᠂  ︽ᠲᠤᠮᠤ ᠶᠢ ᠠᠳᠬᠤᠬᠤ᠂ ᠪᠠᠭ᠎ᠠ ᠶᠢ ᠲᠡᠳᠬᠦᠬᠦ᠂  ᠬᠤᠬᠢᠷᠠᠯ ᠢ ᠡᠭᠡᠬᠦᠯᠬᠦ᠂ ᠰᠢᠨ᠎ᠡ ᠶᠢ ᠪᠤᠶᠢᠵᠢᠭᠤᠯᠬᠤ᠂ ᠬᠡᠯᠬᠢᠶᠡᠰᠦ ᠶᠢ ᠤᠷᠳᠤᠳᠬᠠᠬᠤ︾ ᠳᠤ ᠰᠠᠭᠤᠷᠢᠯᠠᠨ᠂ ᠤᠳᠤᠷᠢᠳᠬᠤ ᠺᠠᠳᠠᠷ ᠲᠠᠭᠠᠭᠠᠴᠢᠯᠠᠨ ᠬᠠᠷᠢᠴᠠᠬᠤ ᠲᠦᠷᠢᠮ ᠢ ᠲᠤᠭᠳᠠᠵᠤ᠂ ᠠᠷᠭ᠎ᠠ ᠬᠡᠮᠵᠢᠶ᠎ᠡ ᠠᠪᠴᠤ ᠠᠵᠤ ᠠᠬᠤᠶᠢᠯᠠᠯ ᠤᠨ ᠦᠪᠡᠷᠦᠨ ᠦᠷᠳᠡᠭ ᠢ  ᠪᠠᠭᠤᠷᠠᠭᠤᠯᠤᠨ᠂  ᠪᠡᠯᠡ  ᠬᠤᠷᠠᠮᠳᠤᠭᠤᠯᠬᠤ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠠᠷᠠᠯᠵᠢᠶᠠᠴᠢᠨ ᠢ ᠬᠠᠯᠠᠮᠵᠢᠯᠠᠵᠤ ᠠᠷᠠᠯᠵᠢᠶᠠᠴᠢᠨ ᠢ ᠠᠮᠤᠷᠵᠢᠭᠤᠯᠵᠤ ᠠᠷᠠᠯᠵᠢᠶᠠᠴᠢᠨ ᠳᠤ ᠠᠰᠢᠭ ᠬᠦᠷᠳᠡᠭᠡᠬᠦ ᠠᠬᠤᠢ ᠪᠠᠶᠢᠳᠠᠯ ᠢ ᠦᠷᠬᠦᠯᠵᠢᠯᠡᠨ ᠡᠬᠦᠳᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠪᠠ  ᠠᠷᠠᠯᠵᠢᠶᠠᠨ ᠤ ᠶᠠᠪᠤᠳᠠᠯ  ᠤᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠵᠤ᠂ ᠬᠢᠨᠠᠨ ᠵᠦᠪᠰᠢᠶᠡᠷᠡᠬᠦ ᠵᠦᠢᠯᠡᠰ ᠢ ᠤᠯᠠᠮ ᠨᠢᠬᠡ ᠠᠯᠬᠤᠮ ᠴᠤᠮᠬᠠᠳᠬᠠᠨ ᠲᠦᠬᠦᠮᠴᠢᠯᠡᠵᠦ᠂ ᠬᠢᠨᠠᠨ ᠵᠦᠪᠰᠢᠶᠡᠷᠡᠬᠦ ᠶᠠᠪᠤᠴᠠ ᠶᠢ ᠰᠢᠯᠢᠳᠡᠭᠵᠢᠬᠦᠯᠦᠨ᠂  ︽ᠤᠯᠠᠨ ᠦᠨᠡᠮᠯᠡᠯ ᠢ  ᠨᠢᠬᠡᠳᠭᠡᠬᠦ︾᠂ ︽ ᠦᠨᠡᠮᠯᠡᠯ ᠲᠡᠮᠳᠡᠭ ᠢ ᠰᠠᠯᠭᠠᠬᠤ︾᠂ ︽ᠦᠨᠡᠮᠯᠡᠯ  ᠠᠪᠤᠭᠰᠠᠨ ᠤ ᠲᠠᠷᠠᠭ᠎ᠠ ᠲᠡᠮᠳᠡᠭ ᠢ ᠪᠠᠭᠠᠰᠬᠠᠬᠤ︾ ᠲᠦᠷᠢᠮ ᠢ  ᠭᠡᠷᠡᠭᠵᠢᠬᠦᠯᠵᠦ᠂ ︽ᠨᠢᠬᠡ ᠰᠦᠯᠵᠢᠶ᠎ᠡ ᠨᠢᠬᠡ ᠡᠬᠦᠳᠡ ᠨᠢᠬᠡ ᠤᠳᠠᠭ᠎ᠠ︾  ᠶᠢᠨ ᠦᠬᠡᠷᠡᠴᠢᠯᠡᠯᠳᠡ  ᠪᠠ ᠤᠷᠤᠯᠠᠨ ᠬᠦᠢᠴᠡᠳᠭᠡᠬᠦ ᠲᠦᠷᠢᠮ ᠢ ᠲᠦᠯᠬᠢᠨ ᠠᠬᠢᠭᠤᠯᠵᠤ᠂ ᠠᠵᠤ ᠠᠬᠤᠶᠢᠯᠠᠯ   ᠢ ᠬᠢᠨᠠᠨ ᠵᠦᠪᠰᠢᠶᠡᠷᠡᠬᠦᠯᠬᠦ  ᠶᠠᠪᠤᠳᠠᠯ ᠳᠤ ᠲᠤᠳᠠᠭᠤ  ᠬᠦᠶᠦᠯᠬᠡᠨ᠂ ᠵᠠᠬ᠎ᠠ ᠲᠡᠯᠬᠡᠬᠦᠷ ᠲᠤ ᠢᠯᠡᠬᠦᠦ ᠬᠦᠶᠦᠬᠦ ᠴᠠᠭ ᠤᠯᠭᠤᠨ᠎ᠠ᠃      ︵ᠭᠤᠷᠪᠠ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠢ  ᠲᠡᠭᠡᠭᠰᠢᠯᠡᠬᠦᠯᠵᠦ᠂ ᠴᠢᠨᠠᠷ ᠰᠠᠶᠢᠳᠠᠢ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠨ᠎ᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠭᠡᠷᠡᠭᠳᠡᠢ᠃  ᠬᠤᠰᠢᠭᠤ ᠱᠠᠳᠤ ᠤᠷᠤᠨ ᠲᠤᠭᠤᠷᠢᠭ ᠤᠨ ᠬᠦᠭᠵᠢᠯᠳᠡ   ᠶᠢ ᠭᠤᠤᠯᠳᠠᠯᠭᠠᠳᠠᠢ  ᠠᠳᠬᠤᠬᠤ᠂ ᠰᠤᠮᠤ ᠰᠢᠶᠠᠩ ᠪᠠᠯᠭᠠᠰᠤ ᠤᠨᠴᠠᠯᠢᠭᠳᠤ ᠠᠵᠤ ᠦᠢᠯᠡᠰ ᠢ ᠭᠤᠤᠯᠳᠠᠯᠭᠠᠳᠠᠢ ᠠᠳᠬᠤᠬᠤ᠂ ᠭᠠᠴᠠᠭ᠎ᠠ ᠲᠤᠰᠬᠤᠨ ᠬᠠᠮᠳᠤ ᠶᠢᠨ ᠠᠵᠤ ᠠᠬᠤᠢ ᠶᠢ  ᠭᠤᠤᠯᠳᠠᠯᠭᠠᠳᠠᠢ ᠠᠳᠬᠤᠬᠤ ᠶᠢ ᠪᠠᠷᠢᠮᠳᠠᠯᠠᠨ᠂ ᠬᠤᠰᠢᠭᠤ ᠰᠢᠶᠠᠨ ᠪᠠ ᠬᠦᠳᠡᠭᠡ ᠲᠤᠰᠬᠤᠨ ᠤ ᠠᠵᠤ ᠠᠬᠤᠢ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠵᠤ ᠰᠢᠯᠢᠳᠡᠭᠵᠢᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠬᠤ ᠬᠡᠯᠪᠡᠷᠢ ᠶᠢᠨ ᠰᠢᠨ᠎ᠡ ᠶᠢ ᠡᠬᠦᠳᠴᠦ᠂  ᠲᠠᠷᠢᠶᠠᠯᠠᠩ ᠮᠠᠯ ᠠᠵᠤ ᠠᠬᠤᠢ   ᠶᠢᠨ ᠰᠤᠶᠤᠯ  ᠵᠢᠭᠤᠯᠴᠢᠯᠠᠯ᠂  ᠠᠰᠠᠷᠠᠮᠵᠢ ᠰᠤᠪᠢᠯᠠᠯᠳᠠ ᠵᠡᠷᠭᠡ ᠠᠵᠤ ᠦᠢᠯᠡᠰ ᠲᠠᠢ ᠬᠦᠨ ᠠᠭᠤᠰᠤᠯᠴᠠᠬᠤ ᠶᠢ ᠲᠦᠯᠬᠢᠨ ᠠᠬᠢᠭᠤᠯᠤᠨ᠎ᠠ᠃ ᠦᠵᠡᠰᠬᠦᠯᠡᠩᠳᠦ ᠬᠦᠳᠡᠭᠡ ᠶᠢᠨ ᠪᠦᠳᠦᠬᠡᠨ ᠪᠠᠶᠢᠭᠤᠯᠤᠯᠳᠠ ᠪᠠᠷ ᠭᠠᠷᠳᠠᠴᠠ ᠪᠤᠯᠭᠠᠨ᠂ ᠬᠤᠳᠠ ᠤᠰᠤᠨ ᠤ ︽ᠭᠤᠷᠪᠠ ᠶᠢ ᠴᠡᠪᠡᠷᠯᠡᠵᠦ ᠨᠢᠬᠡ ᠶᠢ ᠴᠡᠭᠴᠡᠯᠡᠬᠦ︾ ᠠᠵᠢᠯᠯᠠᠭ᠎ᠠ ᠶᠢ ᠪᠦᠬᠦ ᠲᠠᠯᠠᠪᠠᠷ ᠡᠬᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ  ᠶᠢ ᠬᠦᠨᠵᠡᠬᠡᠢ ᠦᠷᠨᠢᠬᠦᠯᠦᠨ᠂ ᠨᠢᠬᠡ ᠪᠦᠯᠦᠭ ᠦᠪᠡᠷᠳᠡᠭᠡᠨ ᠵᠠᠰᠠᠬᠤ ᠤᠷᠤᠨ ᠤ ᠲᠡᠰ ᠤᠨ ᠦᠵᠡᠰᠬᠦᠯᠡᠩᠳᠦ ᠬᠦᠳᠡᠭᠡ  ᠶᠢᠨ ᠵᠢᠱᠢᠶ᠎ᠡ ᠦᠵᠡᠬᠦᠯᠬᠦ ᠴᠡᠭ ᠢ ᠡᠬᠦᠳᠦᠨ ᠪᠠᠶᠢᠭᠤᠯᠤᠨ᠎ᠠ᠃ ᠭᠠᠵᠠᠷ  ᠰᠢᠷᠤᠢ ᠨᠤᠳᠤᠭ ᠪᠡᠯᠴᠢᠭᠡᠷ ᠤᠨ ᠲᠦᠷᠢᠮ  ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠭᠤᠷᠪᠠ ᠡᠷᠭᠡ ᠶᠢ ᠰᠠᠯᠭᠠᠬᠤ︾ ᠤᠯᠠᠨ ᠵᠦᠢᠯ ᠤᠨ ᠪᠡᠶᠡᠯᠡᠭᠳᠡᠯ  ᠤᠨ ᠭᠡᠯᠪᠡᠷᠢ ᠶᠢ ᠰᠦᠪᠡᠭᠴᠢᠯᠡᠨ᠂    ᠭᠠᠴᠠᠭ᠎ᠠ ᠲᠤᠰᠬᠤᠨ ᠤ ᠬᠠᠮᠳᠤ ᠶᠢᠨ ᠭᠠᠵᠠᠷ ᠰᠢᠷᠤᠢ᠂ ᠨᠤᠳᠤᠭ ᠪᠡᠯᠴᠢᠬᠡᠷ᠂  ᠤᠢ ᠮᠤᠳᠤ᠂ ᠰᠤᠯᠠ ᠰᠡᠯᠡᠬᠦᠦ ᠭᠡᠷ ᠪᠠᠶᠢᠰᠢᠩ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠪᠠ ᠡᠳ᠋ ᠬᠦᠷᠦᠩᠬᠡ ᠶᠢ ᠡᠷᠬᠢᠯᠳᠡ ᠳᠤ  ᠤᠷᠤᠭᠤᠯᠵᠤ  ᠂ ᠬᠠᠮᠳᠤ ᠶᠢᠨ ᠡᠬᠢ ᠪᠠᠶᠠᠯᠢᠭ᠂  ᠡᠳ᠋ ᠬᠦᠷᠦᠩᠬᠡ᠂ ᠪᠡᠯᠡ  ᠮᠦᠩᠬᠦ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠵᠡᠩᠨᠡᠯᠳᠡ  ᠶᠢᠨ ᠡᠷᠭᠡ   ᠶᠢ ᠰᠢᠯᠵᠢᠬᠦᠯᠬᠦ ᠲᠠᠪᠴᠠᠩ ᠤᠨ ᠪᠠᠶᠢᠭᠤᠯᠤᠯᠳᠠ ᠶᠢ ᠠᠬᠢᠭᠤᠯᠤᠨ᠂ ᠡᠬᠢ ᠪᠠᠶᠠᠯᠢᠭ   ᠢ ᠡᠳ᠋ ᠬᠦᠷᠦᠩᠬᠡ  ᠪᠤᠯᠭᠠᠬᠤ᠂  ᠪᠡᠯᠡ  ᠮᠦᠩᠬᠦ   ᠶᠢ ᠬᠤᠪᠢᠴᠠᠭ᠎ᠠ ᠮᠦᠩᠬᠦ  ᠪᠤᠯᠭᠠᠬᠤ  ᠂ ᠮᠠᠯᠴᠢᠨ ᠲᠠᠷᠢᠶᠠᠴᠢᠨ ᠢ ᠬᠤᠪᠢᠴᠠᠭᠠᠨ ᠤ ᠡᠵᠡᠨ ᠪᠤᠯᠭᠠᠬᠤ ᠪᠠᠷ  ᠴᠢᠷᠮᠠᠶᠢᠨ᠎ᠠ᠃ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠲᠠᠭᠠᠭᠠᠴᠠ ᠴᠢᠳᠠᠪᠤᠷᠢ ᠶᠢ ᠯᠠᠪᠳᠠᠭᠤᠨ ᠢᠶᠠᠷ ᠲᠡᠭᠡᠭᠰᠢᠯᠡᠬᠦᠯᠬᠦ ᠭᠡᠷᠡᠭᠳᠡᠢ᠃  ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂  4 ᠺᠢᠯᠤᠮᠧᠲᠷ ᠲᠤᠰᠤᠨ ᠵᠠᠮ ᠢ ᠰᠢᠨ᠎ᠡ ᠪᠠᠷ ᠪᠠᠶᠢᠭᠤᠯᠤᠨ᠂   4.2 ᠲᠦᠮᠡᠨ ᠬᠠᠪᠳᠠᠭᠠᠢ ᠲᠦᠷᠪᠡᠯᠵᠢᠨ ᠮᠧᠲᠷ ᠶᠠᠪᠠᠭᠠᠨ ᠤ ᠵᠠᠮ ᠢ  ᠬᠠᠳᠠᠭᠤᠷᠠᠭᠤᠯᠵᠤ᠂ 13  ᠺᠢᠯᠤᠮᠧᠲᠷ ᠭᠤᠤᠯ ᠵᠠᠮ ᠢ  ᠴᠠᠷᠳᠠᠨ ᠰᠠᠶᠢᠵᠢᠷᠠᠭᠤᠯᠵᠤ᠂ ᠵᠠᠮ ᠤᠨ ᠳ᠋ᠧᠩ 95 ᠶᠢ ᠤᠭᠰᠠᠷᠠᠨ᠎ᠠ᠃  ᠴᠡᠪᠡᠷᠰᠢᠬᠦᠯᠦᠭᠰᠡᠨ ᠤᠰᠤ ᠶᠢ ᠲᠠᠬᠢᠨ ᠠᠰᠢᠭᠯᠠᠬᠤ ᠠᠮᠢ ᠠᠬᠤᠢ ᠶᠢᠨ ᠴᠡᠴᠡᠷᠯᠢᠭ ᠤᠨ PPP ᠲᠦᠷᠦᠯ ᠵᠦᠢᠯ ᠢ ᠡᠬᠢᠯᠡᠵᠦ᠂  ᠰᠢᠨ᠎ᠡ ᠲᠤᠭᠤᠷᠢᠭ ᠤᠨ 6 ᠵᠤᠷᠪᠤᠰ ᠵᠠᠮ ᠤᠨ ᠨᠤᠭᠤᠭᠠᠷᠠᠭᠤᠯᠤᠯᠳᠠ ᠪᠠ ᠪᠤᠤᠴᠠᠩ  ᠤᠨ ᠬᠤᠶᠢᠳᠤ ᠡᠬᠦᠳᠡᠨ ᠤ  ᠦᠬᠡᠷᠡᠴᠢᠯᠡᠨ ᠰᠠᠶᠢᠵᠢᠷᠠᠭᠤᠯᠬᠤ ᠠᠵᠢᠯ ᠢ ᠬᠢᠨ᠎ᠡ᠃ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠵᠠᠰᠠᠨ ᠦᠬᠡᠷᠡᠴᠢᠯᠡᠬᠦ ᠢᠨᠵᠧᠨᠧᠷᠢᠩ ᠢ ᠪᠡᠶᠡᠯᠡᠬᠦᠯᠵᠦ᠂ 5 ᠺᠢᠯᠤᠮᠧᠲᠷ ᠤᠰᠤ ᠬᠠᠩᠭᠠᠬᠤ ᠲᠤᠤᠷ ᠬᠤᠭᠤᠯᠠᠢ ᠶᠢ ᠰᠢᠨ᠎ᠡ ᠪᠠᠷ ᠤᠭᠰᠠᠷᠠᠬᠤ ᠪᠤᠶᠤ ᠦᠬᠡᠷᠡᠴᠢᠯᠡᠨ ᠰᠠᠶᠢᠵᠢᠷᠠᠭᠤᠯᠵᠤ᠂ ᠪᠤᠷᠤᠭᠠᠨ ᠤ ᠤᠰᠤ ᠤᠷᠤᠰᠬᠠᠬᠤ ᠲᠤᠤᠷ ᠬᠤᠭᠤᠯᠠᠢ 7 ᠺᠢᠯᠤᠮᠧᠲᠷ᠂  ᠪᠤᠬᠢᠷ ᠤᠰᠤ ᠭᠠᠳᠠᠭᠰᠢᠯᠠᠭᠤᠯᠬᠤ ᠲᠤᠤᠷ ᠬᠤᠭᠤᠯᠠᠢ 3.5 ᠺᠢᠯᠤᠮᠧᠲᠷ ᠤᠭᠰᠠᠷᠠᠨ᠎ᠠ᠃ ᠢᠯᠴᠢ ᠰᠤᠯᠢᠭᠳᠠᠭᠤᠯᠬᠤ ᠦᠷᠳᠡᠭᠡ 3 ᠶᠢ  ᠪᠠᠶᠢᠭᠤᠯᠵᠤ᠂ 7 ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠦᠬᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠪᠦᠯ ᠤᠨ ᠲᠤᠯᠠᠭᠠᠯᠠᠭ᠎ᠠ ᠶᠢ ᠪᠠᠳᠤᠯᠠᠨ᠎ᠠ᠃  ᠪᠤᠤᠴᠠᠩ ᠪᠠᠯᠭᠠᠰᠤᠨ ᠤ  ᠪᠤᠬᠢᠷᠳᠤᠯ ᠬᠤᠤᠷᠳᠠᠯ ᠦᠬᠡᠢ ᠬᠤᠭ ᠨᠤᠪᠰᠢ ᠰᠢᠢᠳᠪᠦᠷᠢᠯᠡᠬᠦ ᠲᠠᠯᠠᠪᠠᠢ ᠶᠢ ᠡᠨᠡ  ᠵᠢᠯ ᠠᠰᠢᠭᠯᠠᠯᠳᠠ ᠳᠤ ᠤᠷᠤᠭᠤᠯᠤᠨ᠎ᠠ᠃ 500 ᠡᠷᠦᠬᠡ ᠶᠢᠨ ᠲᠦᠬᠦᠮ ᠪᠦᠳᠦᠬᠦᠯᠢᠭ ᠤᠷᠤᠨ ᠰᠠᠭᠤᠴᠠ ᠳᠤ ᠦᠬᠡᠷᠡᠴᠢᠯᠡᠯᠳᠡ ᠬᠢᠵᠦ᠂  ᠶᠠᠩ ᠭᠤᠸᠠᠩ ᠲᠤᠭᠤᠷᠢᠭ ᠤᠨ ᠬᠤᠶᠠᠳᠤᠭᠠᠷ ᠪᠦᠯᠦᠭ ᠤᠨ 500 ᠭᠡᠷ ᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃  ᠪᠠᠷᠠᠭᠤᠨ ᠬᠦᠳᠦᠯ   ᠳᠠᠬᠢ ᠭᠡᠷ ᠪᠠᠶᠢᠰᠢᠩ ᠤᠨ ᠨᠤᠷᠠᠭᠠᠵᠤ ᠨᠡᠬᠦᠯᠬᠡᠬᠦ ᠠᠬᠢᠴᠠ  ᠶᠢ ᠲᠦᠷᠭᠡᠳᠭᠡᠨ᠂  ᠰᠢ ᠱᠠᠨ ᠵᠠᠮ ᠤᠨ ᠪᠠᠶᠢᠭᠤᠯᠤᠯᠳᠠ ᠶᠢ ᠡᠬᠢᠯᠡᠨ᠂ ᠯᠦᠸᠧ ᠲᠦᠸᠧ ᠱᠠᠨ ᠵᠠᠮ ᠢ ᠨᠡᠪᠳᠡᠷᠡᠬᠦᠯᠵᠦ᠂ ᠬᠤᠳᠠ ᠶᠢᠨ ᠲᠤᠭᠤᠷᠢᠭ ᠤᠨ ᠵᠠᠮ ᠬᠠᠷᠢᠯᠴᠠᠭᠠᠨ ᠤ ᠲᠠᠷᠤᠯᠳᠠ ᠶᠢ ᠬᠦᠩᠬᠡᠷᠡᠬᠦᠯᠦᠨ᠎ᠡ᠃   ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠬᠤ ᠭᠡᠷᠡᠭᠳᠡᠢ᠃  ᠮᠠᠯᠵᠢᠬᠤ ᠲᠠᠷᠢᠶᠠᠯᠠᠬᠤ ᠤᠷᠤᠨ ᠤ 170.2 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠ  ᠵᠠᠰᠠᠨ ᠰᠠᠶᠢᠵᠢᠷᠠᠭᠤᠯᠵᠤ᠂ 123.4 ᠺᠢᠯᠤᠮᠧᠲᠷ ᠵᠠᠰᠠᠮᠠᠯ ᠵᠠᠮ ᠳᠤ ᠠᠮᠤᠷ ᠲᠦᠪᠰᠢᠨ ᠤ ᠬᠠᠮᠠᠭᠠᠯᠠᠯᠳᠠ  ᠬᠢᠵᠦ᠂  ︽304︾ ᠮᠤᠵᠢ ᠶᠢᠨ ᠵᠠᠮ ᠤᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠬᠦᠯᠬᠦ ᠪᠠᠷ ᠴᠢᠷᠮᠠᠶᠢᠨ᠎ᠠ᠃  ︽ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ ᠪᠦᠳᠦᠬᠡᠨ ᠪᠠᠶᠢᠭᠤᠯᠤᠯᠳᠠ ᠶᠢ ᠪᠦᠬᠦ ᠲᠠᠯᠠᠪᠠᠷ ᠲᠦᠯᠬᠢᠨ ᠠᠬᠢᠭᠤᠯᠵᠤ᠂  ︽ᠲᠦᠷᠪᠡᠨ ᠰᠠᠶᠢᠨᠳᠠᠢ ᠬᠦᠳᠡᠭᠡ ᠶᠢᠨ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠬᠤ  ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ︽ᠭᠤᠷᠪᠠᠨ ᠵᠤᠷᠪᠤᠰ ᠬᠤᠷᠢᠭ᠎ᠠ ᠱᠤᠭᠤᠮ︾ ᠤᠨ ᠪᠤᠭᠤᠮᠳᠠ ᠶᠢ ᠴᠢᠩᠭ᠎ᠠ ᠰᠠᠬᠢᠨ᠎ᠠ᠃ ᠤᠰᠤᠨ ᠠᠰᠢᠭᠯᠠᠯᠳᠠ ᠶᠢᠨ ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂  40 ᠬᠠᠪᠳᠠᠭᠠᠢ ᠲᠦᠷᠪᠡᠯᠵᠢᠨ ᠺᠢᠯᠤᠮᠧᠲᠷ ᠲᠤ  ᠪᠠᠭ᠎ᠠ ᠰᠠᠪᠠ ᠭᠠᠵᠠᠷ ᠤᠨ ᠵᠠᠰᠠᠯᠳᠠ ᠬᠢᠵᠦ᠂ ᠬᠤ᠋ ᠯᠤ᠋ ᠢᠤᠢ ᠭᠤᠤᠯ ᠤᠨ ᠦᠶᠡᠷ ᠰᠡᠷᠭᠡᠶᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ  ᠡᠬᠢᠯᠡᠬᠦᠯᠦᠨ᠎ᠡ᠃ 110 ᠺᠢᠯᠤᠸᠤᠯᠲ᠂ 35 ᠺᠢᠯᠤᠸᠤᠯᠲ   ᠤᠨ ᠴᠠᠬᠢᠯᠭᠠᠨ  ᠬᠤᠪᠢᠰᠬᠠᠬᠤ ᠦᠷᠳᠡᠭᠡ ᠲᠤᠰᠪᠤᠷᠢ 1 ᠶᠢ ᠪᠠᠶᠢᠭᠤᠯᠵᠤ᠂ 10 ᠺᠢᠯᠤᠸᠤᠯᠲ ᠪᠠ ᠲᠡᠬᠦᠨ ᠠᠴᠠ ᠪᠠᠭ᠎ᠠ ᠬᠦᠴᠦᠳᠡᠯᠳᠦ ᠴᠠᠬᠢᠯᠭᠠᠨ ᠱᠤᠭᠤᠮ ᠢ 172 ᠺᠢᠯᠤᠮᠧᠲᠷ ᠪᠠᠶᠢᠭᠤᠯᠤᠨ᠂ 22 ᠰᠠᠤᠷᠢ ᠴᠠᠬᠢᠯᠭᠠᠨ ᠬᠤᠪᠢᠰᠬᠠᠭᠤᠷ ᠤᠭᠰᠠᠷᠠᠵᠤ᠂ 2.6 ᠲᠦᠮᠡᠨ ᠢᠵᠢ ᠬᠠᠭᠤᠴᠢᠨ ᠬᠡᠮᠵᠢᠯᠳᠡ ᠶᠢᠨ ᠲᠦᠬᠦᠭᠡᠷᠦᠮᠵᠢ  ᠶᠢ  ᠦᠬᠡᠷᠡᠴᠢᠯᠡᠨ ᠰᠠᠶᠢᠵᠢᠷᠠᠭᠤᠯᠤᠨ᠎ᠠ᠃ 5G  ᠰᠦᠯᠵᠢᠶ᠎ᠡ ᠶᠢᠨ ᠲᠤᠷᠰᠢᠯᠳᠠ ᠶᠢᠨ ᠠᠵᠢᠯ ᠢ ᠪᠦᠬᠦ ᠠᠶᠢᠮᠠᠭ ᠲᠤ ᠬᠠᠮᠤᠭ ᠤᠷᠢᠳᠠᠪᠠᠷ ᠬᠢᠬᠦ ᠪᠠᠷ ᠴᠢᠷᠮᠠᠶᠢᠨ᠎ᠠ᠃       ︵ᠲᠦᠷᠪᠡ︶ ᠨᠡᠶᠢᠬᠡᠮ ᠤᠨ ᠦᠢᠯᠡᠰ ᠠᠷᠠᠳ ᠤᠨ ᠠᠮᠢᠳᠤᠷᠠᠯ ᠤᠨ ᠪᠦᠳᠦᠬᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂  ᠠᠷᠠᠳ ᠲᠦᠮᠡᠨ ᠤ ᠴᠢᠨᠠᠷ ᠰᠠᠶᠢᠳᠠᠢ ᠠᠮᠢᠳᠤᠷᠠᠯ ᠤᠨ  ᠱᠠᠭᠠᠷᠳᠠᠯᠭ᠎ᠠ ᠶᠢ ᠬᠠᠩᠭᠠᠬᠤ ᠭᠡᠷᠡᠭᠳᠡᠢ᠃ ᠠᠵᠢᠯ ᠤᠯᠵᠤ ᠦᠢᠯᠡᠰ ᠪᠦᠳᠦᠬᠡᠬᠦ   ᠶᠢ ᠠᠬᠢᠭᠤᠯᠬᠤ ᠠᠵᠢᠯᠯᠠᠭ᠎ᠠ   ᠶᠢ ᠭᠡᠷᠡᠭᠵᠢᠬᠦᠯᠦᠨ᠎ᠡ᠃  ᠲᠡᠬᠦᠰᠦᠭᠰᠡᠨ ᠤᠶᠤᠳᠠᠨ᠂  ᠬᠠᠯᠠᠭᠳᠠᠭᠰᠠᠨ ᠴᠡᠷᠢᠭ᠂ ᠮᠠᠯᠵᠢᠬᠤ ᠲᠠᠷᠢᠶᠠᠯᠠᠬᠤ ᠤᠷᠤᠨ ᠤ ᠢᠯᠡᠬᠦᠴᠡ ᠬᠦᠳᠡᠯᠮᠦᠷᠢ ᠬᠦᠴᠦᠨ᠂  ᠠᠵᠢᠯ ᠤᠯᠬᠤ ᠳᠤ ᠬᠦᠴᠢᠷᠳᠡᠢ ᠬᠦᠮᠦᠰ ᠵᠡᠷᠭᠡ ᠭᠤᠤᠯᠳᠠᠯᠭᠠᠳᠠᠢ  ᠴᠤᠭᠴᠠᠰ ᠤᠨ ᠠᠵᠢᠯ ᠤᠯᠭᠤᠯᠳᠠ  ᠶᠢ ᠯᠠᠪᠳᠠᠭᠤᠨ ᠰᠠᠶᠢᠨ ᠬᠢᠵᠦ᠂  ᠵᠢᠯ ᠳᠤ 1 ᠲᠦᠮᠡᠨ ᠠᠵᠢᠯ ᠤᠨ ᠪᠠᠶᠢᠷᠢ  ᠡᠯᠰᠡᠨ᠂  ᠰᠢᠬᠢᠷ ᠤᠨ ᠦᠢᠯᠡᠳᠪᠦᠷᠢ᠂  ᠡᠮ ᠤᠨ ᠦᠢᠯᠡᠳᠪᠦᠷᠢ᠂ ᠴᠠᠭᠠᠰᠤ ᠰᠦᠯᠢᠶᠤᠤ ᠶᠢᠨ ᠦᠢᠯᠡᠳᠪᠦᠷᠢ ᠵᠡᠷᠭᠡ ᠰᠢᠨ᠎ᠡ ᠪᠠᠷ ᠠᠰᠢᠭᠯᠠᠯᠳᠠ ᠳᠤ ᠤᠷᠤᠭᠰᠠᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠠᠴᠠ ᠬᠦᠮᠦᠨ ᠡᠯᠰᠡᠬᠦ  ᠬᠠᠷᠢᠴᠠᠯ ᠢ ᠨᠡᠮᠡᠭᠳᠡᠬᠦᠯᠵᠦ᠂  ᠪᠦᠬᠦ ᠵᠢᠯ ᠳᠤ 1500  ᠨᠡᠷ᠎ᠡ ᠬᠤᠳᠠ ᠪᠠᠯᠭᠠᠰᠤᠨ ᠤ ᠡᠯ᠎ᠡ ᠲᠦᠷᠦᠯ ᠤᠨ ᠬᠦᠮᠦᠨ   ᠳᠤ ᠠᠵᠢᠯ  ᠲᠤᠬᠢᠷᠠᠭᠤᠯᠤᠨ᠎ᠠ  ᠃ ᠦᠢᠯᠡᠰ ᠪᠦᠳᠦᠬᠡᠬᠦ ᠪᠤᠯᠪᠠᠰᠤᠷᠠᠯ ᠤᠨ ᠡᠷᠴᠢᠮ ᠢ  ᠴᠢᠩᠭᠠᠷᠠᠭᠤᠯᠵᠤ᠂ 1500 ᠲᠦᠮᠡᠨ ᠲᠦᠬᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ   ᠶᠢ ᠲᠠᠷᠠᠬᠠᠭᠠᠨ᠂  ᠦᠢᠯᠡᠰ ᠪᠦᠳᠦᠬᠡᠬᠦ ᠪᠠᠷ 500 ᠬᠦᠮᠦᠨ ᠢ ᠲᠠᠶᠢᠴᠢᠯᠠᠵᠤ ᠠᠵᠢᠯ ᠤᠯᠭᠤᠨ᠎ᠠ᠃  ᠰᠤᠷᠭᠠᠨ ᠬᠦᠮᠦᠵᠢᠯ ᠤᠨ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ   ᠶᠢ ᠭᠡᠷᠡᠭᠵᠢᠬᠦᠯᠦᠨ᠎ᠡ᠃  ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ  ᠪᠦᠬᠦ ᠲᠠᠯᠠᠪᠠᠷ ᠰᠠᠶᠢᠵᠢᠷᠠᠭᠤᠯᠬᠤ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ ᠨᠢᠮᠪᠠᠢ ᠨᠠᠶᠢᠳᠠᠪᠤᠷᠢᠵᠢᠭᠤᠯᠵᠤ᠂  ᠬᠢᠴᠢᠶᠡᠯ ᠲᠦᠷᠦᠯ   ᠳᠤ ᠪᠠᠴᠢᠮ ᠱᠠᠭᠠᠷᠳᠠᠭᠳᠠᠵᠤ ᠪᠠᠶᠢᠭ᠎ᠠ ᠪᠠᠭᠰᠢ 30 ᠬᠦᠮᠦᠨ ᠢ ᠡᠯᠰᠡᠨ᠎ᠡ᠃  ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ᠂  ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ  2  ᠪᠠᠭ᠎ᠠ ᠰᠤᠷᠭᠠᠭᠤᠯᠢ ᠶᠢᠨ ᠬᠤᠪᠠᠨᠴᠠᠷ ᠲᠠᠮᠢᠷ ᠤᠨ ᠲᠠᠯᠠᠪᠠᠢ  ᠂ 3 ᠲᠤᠮᠳᠠᠳᠤ ᠰᠤᠷᠭᠠᠭᠤᠯᠢ ᠶᠢᠨ ᠤᠰᠤᠨ ᠲᠠᠳᠠᠭᠤᠷᠳᠤ  ᠵᠤᠷᠯᠤᠩ ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂ 7 ᠰᠤᠷᠭᠠᠭᠤᠯᠢ ᠶᠢᠨ ᠲᠠᠮᠢᠷ ᠤᠨ ᠤᠷᠳᠤᠨ  ᠪᠠ ᠤᠯᠤᠰ ᠤᠨ ᠲᠡᠰ ᠤᠨ ᠨᠡᠶᠢᠳᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠲᠦᠯᠦᠪᠵᠢᠬᠦᠯᠦᠨ ᠪᠠᠶᠢᠭᠤᠯᠤᠨ᠎ᠠ ᠃  ᠠᠷᠠᠳ ᠠᠴᠠ ᠡᠷᠬᠢᠯᠡᠭᠰᠡᠨ ᠴᠡᠴᠡᠷᠯᠢᠭ ᠤᠨ ᠵᠦᠪᠰᠢᠶᠡᠷᠡᠬᠦ ᠪᠠᠷᠢᠮᠵᠢᠶ᠎ᠠ ᠪᠠ ᠡᠷᠬᠢᠯᠡᠬᠦ ᠠᠵᠢᠯᠯᠠᠭ᠎ᠠ ᠶᠢ ᠤᠯᠠᠮ ᠨᠢᠬᠡ ᠠᠯᠬᠤᠮ ᠲᠦᠷᠢᠮᠵᠢᠬᠦᠯᠵᠦ᠂ ᠪᠤᠤᠴᠠᠩ ᠤᠨ ᠬᠤᠶᠠᠳᠤᠭᠠᠷ ᠴᠡᠴᠡᠷᠯᠢᠭ ᠪᠠ ᠶᠠᠩ ᠭᠤᠸᠠᠩ ᠰᠠᠭᠤᠭᠠᠯᠢ ᠲᠤᠭᠤᠷᠢᠭ ᠤᠨ ᠢᠵᠢ ᠪᠦᠷᠢᠳᠦᠭᠰᠡᠨ ᠴᠡᠴᠡᠷᠯᠢᠭ   ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂  ᠴᠧᠩ ᠪᠸᠢ ᠴᠡᠴᠡᠷᠯᠢᠭ ᠢ ᠠᠰᠢᠭᠯᠠᠯᠳᠠ ᠳᠤ ᠤᠷᠤᠭᠤᠯᠤᠨ᠎ᠠ᠃  ᠡᠷᠡᠬᠦᠯ ᠮᠡᠨᠳᠦ ᠡᠮ ᠡᠮᠨᠡᠯᠬᠡ   ᠶᠢᠨ ᠪᠦᠳᠦᠬᠡᠨ ᠪᠠᠶᠢᠭᠤᠯᠤᠯᠳᠠ  ᠶᠢᠨ ᠠᠵᠢᠯᠯᠠᠭ᠎ᠠ ᠶᠢ ᠭᠡᠷᠡᠭᠵᠢᠬᠦᠯᠦᠨ᠎ᠡ᠃  2 ᠰᠠᠭᠤᠷᠢ ᠡᠷᠡᠬᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠭᠡᠷᠡᠭᠯᠡᠬᠦ ᠭᠡᠷ ᠪᠠᠷᠢᠯᠭ᠎ᠠ   ᠶᠢᠨ ᠪᠦᠳᠦᠬᠡᠨ ᠪᠠᠶᠢᠭᠤᠯᠤᠯᠳᠠ ᠶᠢ ᠬᠢᠵᠦ᠂ 20 ᠰᠠᠭᠤᠷᠢ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠦᠷᠦᠭᠡ ᠶᠢ ᠰᠢᠨ᠎ᠡ ᠪᠠᠷ ᠪᠠᠶᠢᠭᠤᠯᠤᠨ᠂ 42 ᠰᠠᠭᠤᠷᠢ ᠶᠢ ᠰᠡᠯᠪᠢᠨ ᠵᠠᠰᠠᠵᠤ᠂ ᠶᠠᠩ  ᠭᠤᠸᠠᠩ ᠰᠠᠭᠤᠭᠠᠯᠢ ᠲᠤᠭᠤᠷᠢᠭ ᠲᠤ  ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠪᠠᠶᠢᠭᠤᠯᠤᠨ᠂ ᠬᠤᠰᠢᠭᠤ ᠡᠮᠨᠡᠯᠬᠡ ᠶᠢᠨ ᠬᠤᠷᠢᠶᠠᠨ ᠤ ᠤᠢ ᠮᠡᠳᠡᠷᠡᠯ ᠤᠨ ᠰᠠᠯᠠᠭ᠎ᠠ᠂ ᠴᠡᠭᠡᠵᠢᠨ ᠤ ᠰᠠᠯᠠᠭ᠎ᠠ᠂ ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠡᠷᠡᠬᠦᠯᠵᠢᠬᠦᠯᠦᠯᠳᠡ ᠰᠤᠪᠢᠯᠠᠯᠳᠠ ᠶᠢᠨ ᠰᠠᠯᠠᠭ᠎ᠠ ᠶᠢ ᠠᠰᠢᠭᠯᠠᠯᠳᠠ ᠳᠤ ᠤᠷᠤᠭᠤᠯᠤᠨ᠎ᠠ᠃  ᠡᠤ ᠮᠢᠶᠠᠨ ᠵᠢᠩ ᠤᠨ ᠡᠷᠡᠬᠦᠯ ᠬᠠᠮᠠᠭᠠᠯᠠᠯ ᠤᠨ ᠬᠤᠷᠢᠶᠠᠨ ᠳᠤ ︽ᠡᠮᠨᠡᠯᠬᠡ ᠰᠤᠪᠢᠯᠠᠯᠳᠠ ᠶᠢ ᠤᠶᠠᠯᠳᠤᠭᠤᠯᠬᠤ︾ ᠲᠤᠷᠰᠢᠯᠳᠠ ᠬᠢᠨ᠎ᠡ᠃ 60 ᠨᠡᠷ᠎ᠡ ᠡᠮᠨᠡᠯᠬᠡ ᠶᠢᠨ ᠠᠵᠢᠯᠳᠠᠨ ᠢ ᠭᠠᠳᠠᠭᠰᠢ ᠲᠤᠮᠢᠯᠠᠨ ᠪᠤᠯᠪᠠᠰᠤᠷᠠᠭᠤᠯᠵᠤ᠂᠂20 ᠲᠤᠰᠬᠠᠢ ᠮᠡᠷᠭᠡᠵᠢᠯ ᠤᠨ ᠠᠵᠢᠯᠳᠠᠨ ᠢ ᠡᠯᠰᠡᠵᠦ  ᠭᠡᠷᠡᠭᠯᠡᠨ᠎ᠡ᠃ ᠱᠠᠳᠤ ᠬᠤᠪᠢᠶᠠᠵᠤ ᠡᠮᠴᠢᠯᠡᠬᠦ ᠲᠦᠷᠢᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠲᠤᠭᠳᠠᠮᠠᠯ ᠡᠮᠨᠡᠯᠬᠡ ᠶᠢᠨ ᠪᠠᠶᠢᠭᠤᠯᠤᠮᠵᠢ ᠶᠢᠨ ᠪᠦᠷᠬᠦᠴᠡ ᠶᠢ ᠦᠷᠭᠡᠳᠭᠡᠨ᠂ ᠤᠨᠳᠤᠤ ᠭᠠᠵᠠᠷ ᠲᠤ ᠡᠮᠨᠡᠬᠦᠯᠬᠦ ᠳᠤ ᠰᠢᠭᠤᠳ ᠲᠠᠩᠰᠠ  ᠴᠠᠶᠢᠷᠠᠭᠤᠯᠬᠤ ᠠᠵᠢᠯ ᠢ ᠪᠦᠬᠦ ᠲᠠᠯᠠᠪᠠᠷ ᠲᠦᠯᠬᠢᠨ ᠠᠬᠢᠭᠤᠯᠤᠨ᠎ᠠ᠃  ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠳᠠ ᠪᠠᠯᠭᠠᠰᠤ᠂ ᠦᠪᠡᠷᠳᠡᠭᠡᠨ ᠵᠠᠰᠠᠬᠤ ᠤᠷᠤᠨ ᠤ ᠡᠷᠡᠬᠦᠯ ᠮᠡᠨᠳᠦ ᠶᠢ ᠠᠬᠢᠭᠤᠯᠬᠤ ᠵᠢᠱᠢᠶ᠎ᠡ ᠦᠵᠡᠬᠦᠯᠬᠦ ᠬᠤᠰᠢᠭᠤ ᠰᠢᠶᠠᠨ ᠬᠢᠭᠡᠳ ᠦᠪᠡᠷᠳᠡᠭᠡᠨ ᠵᠠᠰᠠᠬᠤ ᠤᠷᠤᠨ ᠤ ᠤᠳᠠᠭᠠᠨ ᠴᠢᠨᠠᠷᠳᠠᠢ ᠡᠪᠡᠳᠴᠢᠨ ᠤ ᠵᠢᠱᠢᠶ᠎ᠡ ᠦᠵᠡᠬᠦᠯᠬᠦ ᠬᠤᠰᠢᠭᠤ ᠰᠢᠶᠠᠨ ᠤ  ᠡᠬᠦᠳᠦᠨ ᠪᠠᠶᠢᠭᠤᠯᠤᠯᠳᠠ ᠶᠢ ᠬᠢᠬᠦ ᠪᠠᠷ ᠢᠳᠡᠪᠬᠢᠳᠡᠢ ᠡᠷᠡᠮᠡᠯᠵᠡᠯᠡᠨ᠎ᠡ᠃ ᠨᠡᠶᠢᠬᠡᠮ ᠤᠨ ᠪᠠᠳᠤᠯᠠᠭᠠᠨ ᠤ ᠦᠨᠳᠦᠰᠦᠨ ᠠᠴᠠ ᠨᠢ ᠪᠠᠳᠤᠯᠠᠬᠤ ᠠᠵᠢᠯᠯᠠᠭ᠎ᠠ ᠶᠢ ᠭᠡᠷᠡᠭᠵᠢᠬᠦᠯᠦᠨ᠎ᠡ᠃  ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯᠠᠪᠠᠷ ᠭᠡᠷᠡᠭᠵᠢᠬᠦᠯᠵᠦ᠂  ᠡᠯ᠎ᠡ ᠲᠦᠷᠦᠯ ᠤᠨ ᠨᠡᠶᠢᠬᠡᠮ ᠤᠨ ᠲᠠᠭᠠᠳᠬᠠᠯ ᠳᠤ ᠤᠷᠤᠯᠴᠠᠬᠤ ᠬᠦᠮᠦᠨ ᠲᠤᠭ᠎ᠠ ᠶᠢ 1500 ᠠᠴᠠ ᠲᠡᠭᠡᠭᠰᠢ ᠨᠡᠮᠡᠭᠳᠡᠬᠦᠯᠦᠨ᠎ᠡ᠃ ᠡᠳ᠋ ᠤᠨ ᠵᠠᠰᠠᠭ ᠤᠨ ᠪᠠᠶᠢᠳᠠᠯ ᠢᠶᠠᠨ ᠦᠵᠡᠵᠦ ᠪᠠᠶᠢᠭᠠᠳ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠠ ᠡᠯ᠎ᠡ ᠲᠦᠷᠦᠯ ᠤᠨ  ᠠᠰᠠᠷᠠᠮᠵᠢ ᠬᠠᠷᠠᠭᠠᠯᠵᠠᠯ ᠤᠨ ᠲᠦᠷᠦ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠨᠴᠠ ᠬᠦᠴᠢᠷᠳᠡᠢ ᠬᠦᠮᠦᠰ᠂ ᠠᠰᠠᠷᠠᠨ ᠬᠠᠷᠠᠭᠠᠯᠵᠠᠬᠤ ᠨᠢᠭᠤᠷᠯᠠᠯ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠳᠤᠯᠠᠭ᠎ᠠ  ᠶᠢ ᠴᠢᠩᠭᠠᠳᠬᠠᠵᠤ᠂ ᠤᠨᠴᠠ ᠬᠦᠴᠢᠷᠳᠡᠢ ᠪᠦᠯᠦᠭᠯᠡᠯ ᠤᠨ ᠠᠪᠤᠷᠠᠨ ᠲᠤᠰᠠᠯᠠᠬᠤ ᠠᠵᠢᠯ ᠢ ᠰᠠᠶᠢᠨ ᠬᠢᠨ᠎ᠡ᠃ ᠤᠷᠤᠨ ᠪᠦᠰᠡ ᠶᠢᠨ ᠴᠢᠨᠠᠷᠳᠠᠢ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠠᠰᠢᠭᠯᠠᠯᠳᠠ ᠳᠤ ᠤᠷᠤᠭᠤᠯᠵᠤ᠂ ᠤᠷᠤᠰᠢᠭᠤᠯᠭ᠎ᠠ ᠶᠢᠨ ᠦᠢᠯᠡᠴᠢᠯᠡᠬᠡᠨ ᠤ ᠲᠦᠪ ᠪᠠ ᠵᠡᠮᠳᠡᠭᠴᠤᠳ ᠤᠨ ᠨᠠᠶᠢᠳᠠᠵᠤ ᠠᠰᠠᠷᠠᠬᠤ ᠲᠦᠪ  ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃  ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠡᠶ᠎ᠡ ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃  ᠰᠤᠶᠤᠯ ᠲᠠᠮᠢᠷ   ᠢᠶᠠᠷ ᠠᠷᠠᠳ ᠲᠤ ᠠᠰᠢᠭ ᠬᠦᠷᠳᠡᠭᠡᠬᠦ ᠠᠵᠢᠯᠯᠠᠭ᠎ᠠ ᠶᠢ ᠭᠡᠷᠡᠭᠵᠢᠬᠦᠯᠦᠨ᠎ᠡ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢ ᠲᠡᠬᠦᠯᠳᠡᠷᠵᠢᠬᠦᠯᠵᠦ᠂ ᠰᠤᠶᠤᠯ ᠤᠨ ᠤᠷᠳᠤᠨ ᠂ ᠨᠤᠮ ᠤᠩᠰᠢᠬᠤ ᠤᠷᠳᠤᠨ ᠤ ᠬᠤᠪᠢᠶᠠᠷᠢ ᠤᠷᠳᠤᠨ ᠤ ᠪᠦᠳᠦᠭᠡᠨ ᠪᠠᠶᠢᠭᠤᠯᠤᠯᠳᠠ ᠶᠢ  ᠠᠬᠢᠭᠤᠯᠤᠨ᠂ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠎ᠠ᠃  ᠰᠤᠶᠤᠯ ᠢᠶᠠᠷ ᠠᠷᠠᠳ ᠲᠤ ᠠᠰᠢᠭ  ᠬᠦᠷᠳᠡᠭᠡᠵᠦ ᠠᠷᠠᠳ ᠢ ᠪᠠᠶᠠᠰᠬᠠᠬᠤ ᠢᠨᠵᠧᠨᠧᠷᠢᠩ ᠢ ᠬᠦᠨᠵᠡᠬᠡᠢ ᠭᠡᠷᠡᠭᠵᠢᠬᠦᠯᠦᠨ᠂ ᠨᠡᠷᠡᠳᠦ ᠲᠡᠮᠳᠡᠭᠳᠦ ᠰᠤᠶᠤᠯ ᠤᠨ ᠠᠵᠢᠯᠯᠠᠭ᠎ᠠ ᠪᠠ ᠲᠠᠮᠢᠷ ᠤᠨ ᠬᠦᠳᠡᠯᠪᠦᠷᠢ ᠶᠢ ᠭᠤᠤᠯᠳᠠᠯᠭᠠᠳᠠᠢ ᠡᠬᠦᠳᠦᠨ ᠶᠠᠪᠤᠭᠳᠠᠭᠤᠯᠤᠨ᠎ᠠ᠃ ᠤᠯᠠᠭᠠᠨᠮᠦ᠋ᠴᠢᠷ ᠤᠨ ᠤᠷᠠᠯᠢᠭ ᠤᠨ ᠲᠦᠪ ᠤᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂ ︽ ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾  ᠤᠨ ᠦᠢᠯᠡᠳᠦᠯ ᠢ ᠤᠯᠠᠮ ᠰᠠᠶᠢᠨ ᠪᠠᠳᠠᠷᠠᠭᠤᠯᠤᠨ᠎ᠠ᠃ ᠨᠡᠶᠢᠬᠡᠮ ᠤᠨ ᠵᠠᠰᠠᠯᠳᠠ   ᠶᠢᠨ ᠰᠢᠨ᠎ᠡ ᠶᠢ ᠡᠬᠦᠳᠬᠦ ᠠᠵᠢᠯᠯᠠᠭ᠎ᠠ ᠶᠢ  ᠭᠡᠷᠡᠭᠵᠢᠬᠦᠯᠦᠨ᠎ᠡ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ   ᠬᠦᠨᠵᠡᠭᠡᠶᠢᠷᠡᠬᠦᠯᠦᠨ᠂  ᠲᠠᠷᠤᠭᠳᠠᠭᠰᠠᠨ ᠭᠡᠷᠡᠭ ᠢ ᠲᠦᠪᠯᠡᠷᠡᠬᠦᠯᠦᠨ ᠰᠢᠢᠳᠪᠦᠷᠢᠯᠡᠵᠦ᠂ ︽ᠬᠠᠮᠠᠭᠠᠯᠠᠯᠳᠠ ᠶᠢᠨ ᠰᠢᠬᠦᠷ ︾ ᠢ ᠡᠷᠡᠰ ᠪᠠᠶᠢᠴᠠᠭᠠᠵᠤ ᠰᠢᠳᠬᠡᠨ᠂ ︽ᠱᠠᠯᠢᠭ  ᠵᠦᠢᠯ᠂  ᠮᠦᠷᠦᠢ ᠲᠠᠢ ᠲᠤᠭᠯᠠᠭᠠᠮ᠂ ᠬᠤᠤᠷᠠᠳᠤ ᠡᠳ᠋︾᠂ ︽ᠬᠤᠯᠠᠭᠠᠢ ᠲᠡᠭᠡᠷᠡᠮ ᠮᠡᠭᠡᠯᠡᠯ︾   ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠭᠡᠷᠡᠭ ᠪᠠᠶᠢᠪᠠᠯ ᠰᠢᠢᠳᠪᠦᠷᠢᠯᠡᠬᠦ ᠶᠢ ᠪᠠᠷᠢᠮᠳᠠᠯᠠᠨ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ  ᠳᠤᠨᠢ ᠬᠠᠤᠯᠢ ᠶᠢᠨ ᠲᠠᠭᠠᠤ ᠰᠢᠢᠳᠪᠦᠷᠢᠯᠡᠵᠦ᠂ ᠬᠠᠤᠯᠢᠵᠢᠭᠰᠠᠨ ᠵᠠᠬᠢᠳᠠᠯ ᠰᠤᠷᠪᠤᠯᠵᠢᠯᠠᠭ᠎ᠠ᠂ ᠢᠯᠡ  ᠲᠤᠳᠤ ᠵᠠᠬᠢᠳᠠᠯ ᠰᠤᠷᠪᠤᠯᠵᠢᠯᠠᠭ᠎ᠠ ᠶᠢ ᠡᠬᠦᠳᠦᠨ᠎ᠡ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠤᠷᠤᠨ ᠤ ᠬᠠᠮᠢᠶᠠᠷᠤᠯᠳᠠ ᠶᠢ ᠴᠢᠩᠭᠠᠳᠬᠠᠨ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠩᠨᠡᠬᠡᠨ ᠤ ᠪᠠᠶᠢᠭᠤᠯᠤᠯᠳᠠ ᠪᠠ ᠡᠳ᠋ ᠪᠤᠳᠠᠰ  ᠤᠨ ᠪᠡᠯᠡᠳᠭᠡᠯ ᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠢᠷᠢ ᠴᠢᠳᠠᠪᠤᠷᠢ ᠶᠢ ᠲᠡᠭᠡᠭᠰᠢᠯᠡᠬᠦᠯᠦᠨ᠎ᠡ᠃ ᠦᠨᠳᠦᠰᠦᠳᠡᠨ ᠱᠠᠰᠢᠨ ᠰᠤᠷᠳᠠᠬᠤᠨ  ᠤ ᠶᠠᠪᠤᠳᠠᠯ ᠤᠨ ᠦᠢᠯᠡᠴᠢᠯᠡᠭᠡ ᠬᠠᠮᠢᠶᠠᠷᠤᠯᠳᠠ ᠶᠢ ᠪᠠᠳᠤᠳᠠᠢ ᠰᠠᠶᠢᠨ ᠬᠢᠵᠦ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂  ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ ᠵᠡᠷᠭᠡ ᠡᠪᠯᠡᠯ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢ ᠲᠡᠳᠬᠦᠵᠦ᠂ ᠦᠢᠯᠡᠳᠦᠯ ᠢ   ᠨᠢ  ᠤᠯᠠᠮ ᠰᠠᠶᠢᠨ ᠪᠠᠳᠠᠷᠠᠭᠤᠯᠤᠨ᠎ᠠ᠃      ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠤᠨᠤᠭ᠎ᠠ ᠪᠠᠷ ᠰᠢᠢᠳᠬᠦ ᠲᠦᠷᠢᠮ ᠤᠨ ᠲᠤᠷᠰᠢᠨ ᠭᠡᠷᠡᠭᠵᠢᠬᠦᠯᠬᠦ ᠠᠵᠢᠯ ᠢ ᠢᠳᠡᠪᠬᠢᠳᠡᠢ ᠰᠠᠶᠢᠨ ᠠᠳᠬᠤᠵᠤ᠂ ᠤᠯᠠᠨ ᠲᠦᠮᠡᠨ ᠤ ᠠᠰᠢᠭ ᠲᠤᠰᠠ ᠳᠤ ᠬᠤᠯᠪᠤᠭᠳᠠᠭᠰᠠᠨ ᠠᠷᠠᠳ ᠲᠦ᠋ ᠲᠦᠬᠦᠮ ᠦᠵᠡᠬᠦᠯᠬᠦ ᠪᠤᠳᠠᠳᠠᠢ ᠠᠵᠢᠯ ᠢ ᠰᠠᠶᠢᠨ ᠬᠢᠬᠦ ᠪᠠᠷ ᠴᠢᠷᠮᠠᠶᠢᠨ᠎ᠠ᠄ ᠨᠢᠬᠡ ᠳᠤ᠂  ᠪᠤᠤᠴᠠᠩ ᠤᠨ ᠰᠢᠨ᠎ᠡ ᠲᠤᠭᠤᠷᠢᠭ ᠲᠤ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠢᠯᠦᠬᠡᠳᠦ ᠲᠡᠯᠬᠡᠬᠦᠷ 1 ᠶᠢ ᠪᠠᠶᠢᠭᠤᠯᠵᠤ᠂ ᠰᠢᠨ᠎ᠡ ᠲᠤᠭᠤᠷᠢᠭ ᠲᠤ ᠴᠢᠯᠦᠬᠡᠳᠦ ᠲᠡᠯᠬᠡᠬᠦᠷ ᠦᠬᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂  ᠰᠢᠨ ᠬᠤᠸᠠ  ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠲᠦᠪ ᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠲᠤ ᠨᠡᠶᠢᠳᠡ ᠶᠢᠨ ᠦᠢᠯᠡᠴᠢᠯᠡᠬᠡᠨ ᠤ ᠲᠠᠯᠠᠪᠤᠷ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠪᠤᠤᠴᠠᠩ ᠪᠠᠯᠭᠠᠰᠤᠨ ᠳᠤ ᠤᠰᠤᠨ ᠲᠠᠳᠠᠭᠤᠷᠳᠤ ᠵᠤᠷᠯᠤᠩ 10 ᠶᠢ ᠰᠢᠨ᠎ᠡ ᠪᠠᠷ ᠪᠠᠶᠢᠭᠤᠯᠵᠤ᠂ ᠬᠠᠭᠤᠴᠢᠨ ᠲᠤᠭᠤᠷᠢᠭ ᠤᠨ ᠵᠤᠷᠯᠤᠩ ᠤᠨ ᠰᠠᠯᠠᠩ ᠪᠤᠵᠠᠷ ᠦᠵᠡᠭᠳᠡᠯ ᠪᠠ ᠰᠢᠨ᠎ᠡ ᠲᠤᠭᠤᠷᠢᠭ   ᠲᠤ ᠤᠰᠤᠨ ᠲᠠᠳᠠᠭᠤᠷᠳᠤ ᠵᠤᠷᠯᠤᠩ ᠦᠬᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃  ᠲᠦᠷᠪᠡ ᠳᠤ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠵᠤ᠂ ᠪᠦᠬᠦ ᠬᠤᠰᠢᠭᠤᠨ ᠳᠤ ᠡᠮᠡᠭᠳᠡᠶᠢᠴᠤᠳ ᠬᠡᠦᠬᠡᠳ ᠤᠨ ᠦᠨᠳᠦᠰᠦᠨ  ᠡᠮᠴᠢᠯᠡᠬᠡᠨ ᠤ  ᠦᠢᠯᠡᠴᠢᠯᠡᠭᠡ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ 5 ᠬᠠᠭᠤᠴᠢᠨ ᠰᠠᠭᠤᠭᠠᠯᠢ ᠲᠤᠭᠤᠷᠢᠭ ᠲᠤ ᠲᠡᠰ ᠲᠡᠪᠰᠢᠬᠦᠯᠵᠦ ᠰᠢᠨᠡᠳᠭᠡᠬᠦ  ᠢᠨᠵᠧᠨᠧᠷᠢᠩ ᠭᠡᠷᠡᠭᠵᠢᠬᠦᠯᠵᠦ  ᠂  ᠭᠡᠰᠡᠭ ᠰᠠᠭᠤᠭᠠᠯᠢ ᠲᠤᠭᠤᠷᠢᠭ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠮᠠᠭᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠵᠢᠷᠭᠤᠭ᠎ᠠ ᠳᠤ᠂ 53 ᠭᠠᠴᠠᠭ᠎ᠠ ᠲᠤᠰᠬᠤᠨ ᠳᠤ ᠲᠦᠭᠡᠭᠡᠯ ᠤᠰᠤᠨ ᠤ ᠦᠬᠡᠷᠡᠴᠢᠯᠡᠯᠳᠡ ᠵᠠᠰᠠᠯᠳᠠ ᠶᠢᠨ ᠢᠨᠵᠧᠨᠧᠷᠢᠩ ᠢ ᠭᠡᠷᠡᠭᠵᠢᠬᠦᠯᠵᠦ᠂ 23 ᠭᠠᠴᠠᠭ᠎ᠠ ᠲᠤᠰᠬᠤᠨ ᠳᠤ  ᠹᠯᠤᠷ ᠠᠷᠢᠯᠭᠠᠬᠤ ᠲᠦᠬᠦᠭᠡᠷᠦᠮᠵᠢ ᠤᠭᠰᠠᠷᠠᠨ᠂  ᠴᠡᠪᠡᠷ ᠲᠤᠩᠭᠠᠯᠠᠭ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃      ᠲᠦᠯᠦᠭᠡᠯᠡᠭᠴᠢᠳ ᠡ᠂  ᠬᠠᠳᠠᠨ ᠵᠤᠷᠢᠭ ᠪᠠᠶᠢᠮᠠᠨᠵᠢᠨ ᠬᠠᠳᠠᠭᠤ ᠪᠤᠯᠤᠳ ᠢ ᠲᠠᠪᠳᠠᠵᠤ ᠴᠢᠳᠠᠮᠤᠢ  ᠃ ᠲᠤᠰ ᠬᠤᠭᠤᠴᠠᠭᠠᠨ ᠤ ᠵᠠᠰᠠᠭ ᠤᠨ ᠤᠷᠳᠤᠨ ᠨᠢ ᠨᠠᠮ ᠳᠠᠭᠠᠨ ᠦᠨᠡᠨᠴᠢ ᠪᠠᠶᠢᠬᠤ ᠤᠯᠤᠰ ᠲᠦᠷᠦ ᠶᠢᠨ ᠵᠠᠩ  ᠴᠢᠨᠠᠷ᠂ ᠪᠤᠳᠠᠳᠠᠢ ᠶᠢ ᠡᠷᠬᠢᠮᠯᠡᠵᠦ ᠬᠠᠳᠠᠭᠤᠵᠢᠯᠳᠠᠢ ᠴᠢᠷᠮᠠᠶᠢᠬᠤ ᠠᠵᠢᠯ ᠤᠨ ᠰᠤᠷᠳᠠᠯ ᠢᠶᠠᠷ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠵᠢᠳᠬᠦᠯ ᠴᠢᠷᠮᠠᠶᠢᠯᠭ᠎ᠠ ᠭᠠᠷᠭᠠᠨ᠂ ᠠᠷᠠᠳ ᠲᠦᠮᠡᠨ ᠤ  ᠰᠡᠳᠬᠢᠯ ᠳᠤ ᠲᠠᠭᠠᠯᠠᠳᠠᠭᠰᠠᠨ ᠦᠢᠯᠡᠴᠢᠯᠡᠬᠦ ᠬᠡᠯᠪᠡᠷᠢ ᠶᠢᠨ ᠵᠠᠰᠠᠭ ᠤᠨ ᠤᠷᠳᠤᠨ ᠢ ᠪᠠᠶᠢᠭᠤᠯᠬᠤ   ᠪᠠᠷ ᠴᠢᠷᠮᠠᠶᠢᠬᠤ ᠶᠤᠮ᠃  ᠲᠤᠭ ᠲᠡᠮᠳᠡᠭ ᠲᠤᠳᠤᠷᠬᠠᠢ ᠪᠠᠷ  ᠤᠯᠤᠰ ᠲᠦᠷᠦ ᠶᠢ ᠡᠷᠬᠢᠮᠯᠡᠬᠦ ᠭᠡᠷᠡᠭᠳᠡᠢ᠃  ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠶᠢ ᠲᠡᠷᠢᠬᠦᠨ ᠪᠠᠶᠢᠷᠢᠨ ᠳᠤ ᠲᠠᠯᠪᠢᠵᠤ᠂ ︽ᠲᠦᠷᠪᠡᠨ ᠤᠬᠠᠮᠰᠠᠷ︾ ᠢ ᠪᠠᠳᠤᠳᠬᠠᠨ᠂ ︽ᠲᠦᠷᠪᠡᠨ ᠢᠳᠡᠭᠡᠯ︾ ᠢ ᠪᠠᠬᠢᠵᠢᠬᠦᠯᠵᠦ᠂  ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠂ ᠦᠵᠡᠯ ᠰᠠᠨᠠᠭ᠎ᠠ᠂ ᠤᠯᠤᠰ ᠲᠦᠷᠦ᠂ ᠦᠢᠯᠡ  ᠠᠵᠢᠯᠯᠠᠭ᠎ᠠ   ᠪᠠᠨ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶ᠎ᠠ ᠯᠤᠭ᠎ᠠ ᠲᠡᠭᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠯᠭᠠᠵᠤ᠂ ᠲᠡᠭᠡᠳᠦ ᠱᠠᠳᠤᠨ ᠤ ᠨᠠᠮ ᠵᠠᠰᠠᠭ ᠪᠤᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠦᠨᠳᠦᠰᠦᠯᠡᠵᠦ ᠴᠡᠴᠡᠭᠯᠡᠨ ᠦᠷᠡᠯᠡᠵᠦ ᠵᠢᠮᠢᠰᠯᠡᠬᠦ   ᠶᠢ ᠪᠦᠬᠦ ᠲᠠᠯᠠᠪᠠᠷ ᠲᠦᠯᠬᠢᠨ ᠠᠬᠢᠭᠤᠯᠤᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠵᠤ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠬᠦ ᠭᠡᠷᠡᠭᠳᠡᠢ᠃  ᠬᠠᠤᠯᠢ  ᠴᠠᠭᠠᠵᠠ   ᠶᠢᠨ ᠤᠬᠠᠮᠰᠠᠷ ᠲᠠᠨᠢᠯᠳᠠ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂  ᠬᠠᠤᠯᠢ ᠶᠤᠰᠤᠭᠠᠷ ᠡᠷᠭᠡ ᠲᠤᠰᠢᠶᠠᠯ   ᠢᠶᠠᠨ ᠭᠡᠷᠡᠭᠵᠢᠬᠦᠯᠦᠨ ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠢᠯ ᠦᠢᠯᠡᠰ ᠢᠶᠠᠨ ᠦᠷᠨᠢᠬᠦᠯᠦᠨ᠂ ᠴᠢᠬᠤᠯᠠ  ᠶᠡᠭᠡ ᠭᠡᠷᠡᠭ ᠶᠠᠪᠤᠳᠠᠯ ᠳᠤ ᠬᠠᠤᠯᠢ ᠶᠢᠨ ᠲᠠᠭᠠᠤ ᠬᠢᠨᠠᠨ ᠪᠠᠶᠢᠴᠠᠭᠠᠯᠳᠠ ᠬᠢᠬᠦ   ᠶᠢ ᠪᠠᠷᠢᠮᠳᠠᠯᠠᠨ᠎ᠠ᠃  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠲᠡᠬᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠤᠭᠳᠠᠭᠠᠯ ᠢ ᠨᠢᠮᠪᠠᠢ ᠭᠡᠷᠡᠭᠵᠢᠬᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ   ᠪᠠᠷ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠯ ᠰᠠᠨᠠᠭᠤᠯᠭ᠎ᠠ ᠰᠠᠨᠠᠯ ᠲᠤᠷᠠᠳᠤᠯᠭ᠎ᠠ ᠶᠢ ᠴᠢᠨᠠᠷ ᠰᠠᠶᠢᠳᠠᠢ ᠬᠦᠢᠴᠡᠳᠭᠡᠨ᠂  ᠵᠠᠰᠠᠭ ᠤᠨ ᠶᠠᠪᠤᠳᠠᠯ ᠤᠨ ᠨᠡᠶᠢᠳᠡᠯᠡᠯ  ᠢ ᠪᠦᠬᠦ ᠲᠠᠯᠠᠪᠠᠷ ᠴᠢᠩᠭᠠᠳᠬᠠᠵᠤ᠂ ᠡᠷᠭᠡ  ᠲᠤᠰᠢᠶᠠᠯ ᠢ ᠢᠯᠡ ᠲᠤᠳᠤ ᠭᠡᠷᠡᠭᠵᠢᠬᠦᠯᠦᠨ᠎ᠡ᠃ ᠪᠤᠳᠠᠳᠠᠢ ᠶᠢ ᠡᠷᠬᠢᠮᠯᠡᠨ ᠬᠠᠷᠢᠭᠤᠴᠠᠯᠭ᠎ᠠ ᠡᠬᠦᠷᠭᠡᠯᠡᠵᠦ  ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠳᠡᠢ᠃   ᠬᠠᠳᠠᠭᠤᠵᠢᠯᠳᠠᠢ  ᠴᠢᠷᠮᠠᠶᠢᠬᠤ ᠵᠤᠷᠢᠭ ᠰᠠᠨᠠᠭ᠎ᠠ ᠶᠢ  ᠪᠠᠳᠠᠷᠠᠭᠤᠯᠤᠨ᠂ ᠪᠤᠳᠠᠳᠠᠢ ᠠᠵᠢᠯᠯᠠᠬᠤ ᠭᠡᠪ ᠰᠤᠷᠳᠠᠯ ᠢ ᠴᠢᠩᠭᠠᠳᠬᠠᠵᠤ᠂  ᠡᠬᠦᠷᠭᠡ ᠶᠢ ᠨᠠᠷᠢᠯᠢᠭᠵᠢᠭᠤᠯᠤᠨ᠂ ᠴᠠᠭ ᠢ ᠲᠤᠭᠳᠠᠵᠤ᠂  ᠬᠠᠷᠢᠭᠤᠴᠠᠭᠴᠢ ᠶᠢ ᠲᠤᠳᠤᠷᠬᠠᠶᠢᠯᠠᠨ᠂ ᠡᠯ᠎ᠡ ᠲᠦᠷᠦᠯ ᠤᠨ ᠠᠵᠢᠯ ᠢ ᠠᠬᠢᠭᠤᠯᠬᠤ ᠳᠠᠭᠠᠨ ᠠᠷᠭ᠎ᠠ ᠲᠠᠢ᠂ ᠨᠠᠶᠢᠳᠠᠪᠤᠷᠢᠵᠢᠭᠤᠯᠬᠤ ᠳᠠᠭᠠᠨ ᠬᠦᠴᠦᠨ ᠲᠠᠢ ᠪᠠᠶᠢᠵᠤ᠂ ᠵᠠᠰᠠᠭ ᠤᠨ ᠤᠷᠳᠤᠨ ᠤ ᠰᠢᠰᠲ᠋ᠧᠮ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠡᠬᠦᠷᠭᠡ ᠶᠢ ᠴᠢᠨᠠᠷ ᠰᠠᠶᠢᠳᠠᠢ ᠪᠡᠶᠡᠯᠡᠬᠦᠯᠦᠨ᠂ ᠠᠮᠢ ᠠᠬᠤᠢ ᠶᠢᠨ ᠪᠤᠯᠪᠠᠰᠤᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠦᠩᠬᠦᠨ ᠬᠦᠢᠯᠬᠡᠬᠡ᠂  ᠤᠯᠤᠰ ᠤᠨ ᠦᠮᠴᠢᠯᠡᠯᠳᠦ ᠡᠳ᠋ ᠬᠦᠷᠦᠩᠬᠡ ᠶᠢᠨ ᠬᠢᠨᠠᠨ ᠬᠠᠮᠢᠶᠠᠷᠤᠯᠳᠠ  ᠂ ᠰᠤᠷᠭᠠᠨ ᠬᠦᠮᠦᠵᠢᠯ ᠡᠷᠡᠬᠦᠯ ᠬᠠᠮᠠᠭᠠᠯᠠᠯ  ᠂ ᠵᠠᠭᠤᠴᠢᠯᠠᠭᠤᠷ ᠤᠨ ᠠᠭᠤᠰᠤᠯᠴᠠᠯ ᠵᠡᠷᠭᠡ ᠲᠠᠯᠠᠪᠠᠷ ᠬᠢ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠢ ᠠᠬᠢᠭᠤᠯᠤᠨ᠎ᠠ ᠃ ᠴᠠᠯᠢᠩ ᠲᠠᠢ ᠠᠮᠠᠷᠠᠯᠳᠠ ᠶᠢᠨ ᠠᠷᠭ᠎ᠠ ᠲᠦᠷᠢᠮ ᠢ ᠲᠤᠭᠳᠠᠭᠠᠵᠤ᠂  ᠺᠠᠳᠠᠷ ᠠᠵᠢᠯᠳᠠᠳ ᠤᠨ ᠠᠮᠠᠷᠠᠯᠳᠠ ᠴᠢᠯᠦᠬᠡᠨ  ᠤ ᠡᠷᠭᠡ ᠠᠰᠢᠭ ᠢ ᠬᠠᠮᠠᠭᠠᠯᠠᠨ᠂  ᠱᠠᠩᠨᠠᠨ ᠵᠤᠷᠢᠬᠵᠢᠭᠤᠯᠬᠤ ᠪᠠ ᠵᠠᠰᠠᠨ ᠵᠠᠯᠠᠷᠠᠭᠤᠯᠬᠤ ᠲᠤᠭᠳᠠᠴᠠ ᠶᠢ ᠲᠡᠬᠦᠯᠳᠡᠷᠵᠢᠬᠦᠯᠵᠦ᠂  ᠦᠨᠡᠨ ᠠᠵᠢᠯᠯᠠᠭᠰᠠᠳ ᠲᠤ ᠲᠦᠰᠢᠭ ᠪᠤᠯᠵᠤ᠂ ᠰᠠᠶᠢᠨ ᠠᠵᠢᠯᠯᠠᠭᠰᠠᠳ ᠲᠤ ᠵᠤᠷᠢᠭ ᠨᠡᠮᠡᠨ᠎ᠡ ᠃ ᠠᠷᠢᠭᠤᠨ ᠴᠢᠭᠡᠴᠢ ᠲᠦᠪ ᠭᠤᠤᠯᠴᠢ ᠶᠢ ᠪᠠᠷᠢᠮᠳᠠᠯᠠᠵᠤ᠂  ᠰᠢᠯᠢᠳᠡᠭ ᠰᠠᠶᠢᠨ ᠬᠡᠪ ᠲᠦᠷᠬᠦ ᠶᠢ  ᠱᠤᠭᠤᠬᠤ ᠭᠡᠷᠡᠭᠳᠡᠢ᠃  ᠪᠦᠬᠦ ᠲᠠᠯᠠᠪᠠᠷ ᠨᠠᠮ ᠢ ᠴᠢᠩᠭ᠎ᠠ ᠵᠠᠰᠠᠬᠤ  ᠭᠤᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠬᠦᠢᠴᠡᠳᠭᠡᠵᠦ᠂ ᠰᠠᠬᠢᠯᠭ᠎ᠠ ᠪᠠᠳᠤ ᠶᠤᠰᠤ ᠲᠦᠷᠢᠮ ᠢ ᠬᠠᠮᠤᠭ ᠡᠮᠦᠨ᠎ᠡ ᠲᠠᠯᠪᠢᠵᠤ᠂ ᠤᠬᠢ ᠰᠠᠶᠢᠨ ᠤᠯᠤᠰ ᠲᠦᠷᠦ  ᠶᠢᠨ ᠠᠮᠢ ᠠᠬᠤᠢ ᠶᠢ  ᠡᠬᠦᠳᠦᠨ᠎ᠡ᠃ ᠲᠦᠪ ᠬᠤᠷᠢᠶᠠᠨ ᠤ ᠨᠠᠢᠮᠠᠨ ᠲᠤᠭᠳᠠᠭᠠᠯ ᠪᠠ ᠭᠡᠷᠡᠭᠵᠢᠬᠦᠯᠬᠦ ᠨᠠᠷᠢᠨ ᠲᠦᠷᠢᠮ  ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ︽ᠲᠦᠷᠪᠡᠨ ᠰᠤᠷᠳᠠᠯ︾ ᠢ ᠡᠷᠡᠰ ᠵᠠᠯᠠᠷᠠᠭᠤᠯᠤᠨ᠂  ᠡᠳ᠋  ᠤᠨ ᠵᠠᠰᠠᠭ ᠠᠵᠤ ᠠᠬᠤᠢ ᠶᠢᠨ ᠰᠠᠬᠢᠯᠭ᠎ᠠ ᠲᠦᠷᠢᠮ ᠢ ᠴᠢᠩᠭᠠᠳᠬᠠᠵᠤ᠂ ᠠᠷᠪᠢᠯᠠᠨ ᠭᠠᠮᠨᠠᠵᠤ ᠠᠷᠠᠳ ᠢᠶᠠᠨ ᠪᠠᠶᠠᠵᠢᠭᠤᠯᠬᠤ ᠶᠢ ᠪᠠᠷᠢᠮᠳᠠᠯᠠᠨ᠂ ᠬᠡᠮᠵᠢᠶ᠎ᠡ ᠲᠠᠢ ᠮᠦᠩᠬᠦ ᠪᠠᠨ  ᠭᠡᠷᠡᠭᠴᠡᠭᠡ ᠲᠠᠢ ᠭᠠᠵᠠᠷ ᠲᠤᠨᠢ  ᠵᠠᠷᠤᠬᠤ ᠭᠡᠷᠡᠭᠳᠡᠢ᠃ ᠵᠠᠰᠠᠭ ᠤᠨ ᠤᠷᠳᠤᠨ ᠤ ᠰᠢᠰᠲ᠋ᠧᠮ ᠤᠨ ᠪᠦᠬᠦᠶᠢᠯᠡ  ᠺᠠᠳᠠᠷ ᠠᠵᠢᠯᠳᠠᠨ ᠡᠷᠭᠡᠪᠰᠢ ᠦᠢᠯᠡ  ᠠᠵᠢᠯᠯᠠᠭ᠎ᠠ ᠪᠠᠷ ᠢᠶᠠᠨ ᠦᠨᠡᠨᠴᠢ ᠰᠡᠳᠬᠢᠯ ᠢᠶᠠᠨ ᠬᠠᠷᠠᠭᠤᠯᠵᠤ᠂ ᠵᠢᠳᠬᠦᠯ ᠴᠢᠷᠮᠠᠶᠢᠯᠭ᠎ᠠ ᠪᠠᠷ ᠢᠶᠠᠨ ᠠᠮᠵᠢᠯᠳᠠ ᠪᠦᠳᠦᠮᠵᠢ ᠭᠠᠷᠭᠠᠨ᠂ ᠠᠵᠢᠯ ᠬᠢᠵᠦ ᠦᠢᠯᠡᠰ ᠪᠦᠳᠦᠬᠡᠬᠦ ᠤᠷᠮ᠎ᠠ ᠵᠤᠷᠢᠭ ᠪᠠ ᠬᠦᠴᠢᠷ ᠢ ᠲᠠᠪᠠᠵᠤ ᠪᠡᠷᠭᠡ ᠶᠢ ᠢᠯᠠᠬᠤ ᠡᠷᠴᠢ ᠬᠦᠴᠦᠨ ᠢᠶᠠᠨ ᠴᠠᠭ ᠢᠮᠠᠭᠳᠠ ᠪᠠᠳᠤᠯᠠᠬᠤ ᠭᠡᠷᠡᠭᠳᠡᠢ᠃         ᠲᠦᠯᠦᠭᠡᠯᠡᠭᠴᠢᠳ ᠡ᠂ ᠨᠦᠬᠦᠳ ᠡ᠂ ︽ᠵᠤᠯ ᠵᠢᠷᠭᠠᠯ ᠨᠢ ᠪᠦᠷ ᠴᠢᠷᠮᠠᠶᠢᠯᠭ᠎ᠠ ᠪᠠᠷ ᠲᠠᠮᠵᠢᠭᠠᠳ ᠢᠷᠡᠳᠡᠭ ᠶᠤᠮ︾᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠦᠵᠡᠯ ᠰᠠᠨᠠᠭ᠎ᠠ ᠪᠠᠨ ᠴᠢᠯᠦᠬᠡᠯᠡᠨ᠂ ᠵᠠᠮ ᠨᠡᠬᠡᠬᠡᠨ ᠰᠢᠨ᠎ᠡ ᠶᠢ ᠡᠬᠦᠳᠴᠦ᠂ ᠡᠷᠡᠰ ᠰᠢᠢᠳᠮᠡᠬᠡᠢ ᠤᠷᠤᠭᠰᠢᠯᠠᠨ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂  ᠵᠤᠷᠢᠭᠰᠠᠨ ᠳᠠᠭᠠᠨ ᠬᠦᠷᠳᠡᠭ ᠵᠤᠷᠢᠭᠳᠠᠢ ᠬᠦᠮᠦᠨ ᠪᠤᠯᠬᠤ ᠪᠠᠷ ᠴᠢᠷᠮᠠᠶᠢᠵᠤ᠂ ᠰᠢᠯᠢᠳᠡᠭ ᠠᠮᠵᠢᠯᠳᠠ ᠪᠦᠳᠦᠮᠵᠢ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠲᠤ ᠪᠡᠯᠡᠭ ᠡᠷᠬᠦᠵᠡᠬᠡᠶ᠎ᠡ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号