ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠬᠠᠨᠳᠤᠰᠢ ᠤᠯᠠᠮ  ᠰᠠᠶᠢᠵᠢᠷᠠᠵᠤ ᠪᠠᠶᠢᠨ᠎ᠠ
ᠨᠡᠶᠢᠲᠡᠯᠡᠭᠰᠡᠨ ᠴᠠᠭ᠄
2019/3/13
  2018 ᠤᠨ ᠳᠤ᠂ ᠲᠠᠶᠢᠹᠤᠰᠧ ᠬᠤᠰᠢᠭᠤ  ︽ᠬᠠᠭᠠᠨ ᠤ ᠠᠳᠤᠭᠤᠨ ᠵᠤᠰᠠᠭᠠᠯ︾  ᠂ ︽ᠰᠢᠨᠠᠭᠠᠨ ᠪᠤᠯᠠᠭ︾ ᠵᠡᠷᠭᠡ 7 ᠭᠤᠤᠯᠳᠠᠯᠭᠠᠳᠠᠢ ᠵᠢᠭᠤᠯᠴᠢᠯᠠᠯ ᠤᠨ ᠲᠦᠷᠦᠯ ᠵᠦᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠵᠢᠭᠤᠯᠴᠢᠯᠠᠯ ᠳᠤ ᠭᠡᠷᠡᠭᠯᠡᠬᠦ ᠵᠤᠷᠯᠤᠩ 25᠎ ᠶᠢ  ᠪᠠᠶᠢᠭᠤᠯᠤᠭᠰᠠᠨ ᠤ ᠬᠠᠮᠳᠤ᠂  ᠤᠶᠤᠯᠢᠭ ᠵᠢᠭᠤᠯᠴᠢᠯᠠᠯ ᠤᠨ ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠨᠢ ᠱᠠᠳᠤᠴᠢ ᠴᠢᠨᠠᠷᠳᠠᠢ ᠠᠮᠵᠢᠯᠳᠠ ᠤᠯᠵᠤ᠂ ︽ᠲᠠᠶᠢᠹᠤᠰᠧ ᠬᠤᠰᠢᠭᠤᠨ ᠤ ᠤᠶᠤᠯᠢᠭ ᠵᠢᠭᠤᠯᠴᠢᠯᠠᠯ ᠤᠨ ᠲᠠᠪᠴᠠᠩ︾ ᠵᠢᠩᠬᠢᠨᠢ ᠪᠠᠷ ᠨᠡᠪᠳᠡᠷᠡᠭᠰᠡᠨ ᠪᠠᠶᠢᠨ᠎ᠠ᠃ ᠬᠦᠢᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ᠂ ᠪᠠᠶᠠᠰᠬᠤᠯᠠᠩᠳᠤ ᠲᠦᠮᠦᠰᠦᠨ ᠤ ᠨᠠᠶᠢᠷ᠂  ᠲᠠᠯ᠎ᠠ ᠨᠤᠳᠤᠭ ᠤᠨ ᠮᠦᠩᠬᠦᠨ ᠡᠪᠦᠯ ᠤᠨ ᠨᠠᠭᠠᠳᠤᠮ ᠵᠡᠷᠭᠡ ᠰᠤᠶᠤᠯ ᠵᠢᠭᠤᠯᠴᠢᠯᠠᠯ ᠤᠨ ᠨᠠᠶᠢᠷ ᠨᠠᠭᠠᠳᠤᠮ ᠢ ᠠᠮᠵᠢᠯᠳᠠᠳᠠᠢ ᠡᠷᠬᠢᠯᠡᠵᠦ᠂ ᠪᠦᠬᠦ ᠵᠢᠯ ᠎ ᠳᠤ 42 ᠲᠦᠮᠡᠨ ᠵᠢᠭᠤᠯᠴᠢᠯᠠᠭᠴᠢ ︵ᠤᠳᠠᠭ᠎ᠠ︶᠎ ᠶᠢ ᠤᠭᠳᠤᠨ  ᠵᠤᠴᠢᠯᠠᠪᠠ᠃    2019 ᠤᠨ ᠳᠤ᠂ ᠲᠤᠰ ᠬᠤᠰᠢᠭᠤ ᠦᠢᠯᠡᠴᠢᠯᠡᠬᠡᠨ ᠤ ᠦᠢᠯᠡᠰ ᠤᠨ ᠭᠤᠤᠯᠳᠠᠯᠭᠠᠳᠠᠢ ᠬᠦᠷᠢᠶ᠎ᠡ ᠴᠠᠷ᠎ᠠ  ᠎ ᠶᠢ ᠴᠢᠨᠠᠷ  ᠰᠠᠶᠢᠳᠠᠢ ᠬᠦᠭᠵᠢᠬᠦᠯᠬᠦ ᠠᠵᠢᠯᠯᠠᠭ᠎ᠠ ᠶᠢ ᠦᠷᠨᠢᠬᠦᠯᠦᠨ᠂ ᠪᠡᠭᠡᠵᠢᠩ ᠲᠢᠶᠠᠨᠵᠢᠨ ᠾᠧᠪᠸᠢ ᠶᠢᠨ ᠵᠤᠴᠢᠨ ᠤ ᠢᠷᠡᠯᠳᠡ ᠶᠢᠨ ᠵᠠᠬ᠎ᠠ ᠵᠡᠬᠡᠯᠢ ᠳᠤ ᠬᠠᠨᠳᠤᠵᠤ᠂   ᠬᠤᠭᠤᠯᠠ  ᠤᠮᠳᠠ  ᠬᠤᠨᠤᠭ ᠰᠠᠭᠤᠴᠠ᠂  ᠰᠤᠶᠤᠯ ᠤᠨ ᠤᠶᠢᠯᠠᠭᠠᠯᠳᠠ᠂  ᠪᠡᠶ᠎ᠡ ᠰᠤᠪᠢᠯᠠᠯᠳᠠ᠂  ᠠᠮᠠᠷᠠᠯᠳᠠ ᠰᠡᠯᠡᠬᠦᠴᠡᠯ ᠵᠡᠷᠭᠡ ᠦᠢᠯᠡᠴᠢᠯᠡᠬᠡᠨ ᠤ ᠦᠢᠯᠡᠰ ᠤᠨ ᠲᠦᠷᠭᠡᠨ ᠬᠦᠭᠵᠢᠬᠦ  ᠎ ᠶᠢ ᠠᠬᠢᠭᠤᠯᠤᠨ᠂ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠠᠮᠢ ᠠᠬᠤᠢ ᠶᠢᠨ ᠰᠤᠶᠤᠯ  ᠵᠢᠭᠤᠯᠴᠢᠯᠠᠯ ᠤᠨ ᠤᠷᠤᠨ ᠢ ᠡᠬᠦᠳᠦᠨ ᠪᠠᠶᠢᠭᠤᠯᠬᠤ ᠪᠠᠷ ᠪᠠᠶᠢᠨ᠎ᠠ᠃ ᠬᠠᠭᠠᠨ ᠤ ᠠᠳᠤᠭᠤᠨ ᠵᠤᠰᠠᠭᠠᠯ᠂   ᠦᠨᠳᠦᠰᠦᠳᠡᠨ ᠤ ᠤᠨᠴᠠᠯᠢᠭᠳᠤ ᠠᠳᠤᠭᠤᠳᠤ ᠪᠠᠯᠭᠠᠰᠤ᠂ ᠰᠢᠨᠠᠭᠠᠨ ᠪᠤᠯᠠᠭ᠂ ᠪᠢᠶᠠᠨ ᠴᠢᠶᠠᠩ ᠲᠤᠰᠬᠤᠨ᠂ ᠰᠠᠶᠢᠨᠬᠠᠨᠨᠠᠭᠤᠷ  ᠵᠡᠷᠭᠡ ᠵᠢᠭᠤᠯᠴᠢᠯᠠᠯ ᠤᠨ ᠤᠷᠤᠨ ᠤ ᠭᠤᠤᠯᠳᠠᠯᠭᠠᠳᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ  ᠰᠠᠶᠢᠨ ᠠᠳᠬᠤᠵᠤ  ︽ᠰᠢᠨ᠎ᠡ ᠭᠤᠷᠪᠠᠨ ᠵᠢᠯ ᠤᠨ ᠵᠤᠷᠯᠤᠩ ᠤᠨ ᠦᠬᠡᠷᠡᠴᠢᠯᠡᠯᠳᠡ︾᠎ ᠶᠢ ᠢᠳᠡᠪᠬᠢᠳᠡᠢ ᠲᠦᠯᠬᠢᠨ ᠠᠬᠢᠭᠤᠯᠵᠤ᠂ ᠵᠢᠭᠤᠯᠴᠢᠯᠠᠯ ᠳᠤ ᠭᠡᠷᠡᠭᠯᠡᠬᠦ ᠵᠤᠷᠯᠤᠩ 23᠎ ᠶᠢ ᠰᠢᠨ᠎ᠡ ᠪᠷ  ᠪᠠᠶᠢᠭᠤᠯᠬᠤ ᠪᠠᠷ ᠲᠤᠭᠳᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号