ᠲᠠᠶᠢᠹᠤᠰᠧ ᠬᠤᠰᠢᠭᠤᠨ ᠤ ᠬᠤᠶᠠᠷ ᠠᠵᠤ ᠠᠬᠤᠶᠢᠯᠠᠯ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠭᠡᠷᠡᠭᠯᠡᠭᠴᠢᠳ ᠤᠨ ᠢᠳᠡᠭᠡᠯ ᠢ ᠤᠯᠤᠭᠰᠠᠨ ᠪᠦᠳᠦᠭᠡᠭᠳᠡᠬᠦᠨ︾ ᠤ ᠱᠠᠩᠨᠠᠯ  ᠢ ᠲᠤᠰᠪᠠ
ᠨᠡᠶᠢᠲᠡᠯᠡᠭᠰᠡᠨ ᠴᠠᠭ᠄
2019-03-21
     3 ᠰᠠᠷ᠎ᠠ ᠶᠢᠨ 15 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠬᠡᠬᠦᠷ ᠬᠢᠨᠠᠨ ᠬᠠᠮᠢᠶᠠᠷᠬᠤ ᠲᠤᠪᠴᠢᠶ᠎ᠠ ᠪᠠ ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠨᠡᠶᠢᠬᠡᠮᠯᠢᠭ   ᠠᠴᠠ ᠦᠪᠦᠷ ᠮᠤᠩᠭᠤᠯ ᠤᠨ ᠤᠯᠠᠨ ᠤᠯᠤᠰ ᠤᠨ ᠦᠵᠡᠬᠦᠯᠦᠯᠬᠡ ᠶᠢᠨ  ᠲᠦᠪ ᠲᠤ  ︽3.15︾ ᠤ  ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠡᠳᠦᠷ︾ ᠢ ᠲᠡᠮᠳᠡᠭᠯᠡᠬᠦ ᠠᠵᠢᠯᠯᠠᠭ᠎ᠠ  ᠶᠠᠪᠤᠭᠤᠯᠤᠭᠰᠠᠨ ᠪᠠᠶᠢᠨ᠎ᠠ᠃  ᠬᠤᠷᠠᠯ ᠲᠡᠭᠡᠷ᠎ᠡ  ᠂  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠨᠡᠶᠢᠬᠡᠮᠯᠢᠭ  ᠂  ᠦᠪᠦᠷ ᠮᠤᠩᠭᠤᠯ ᠤᠨ ᠵᠠᠬ᠎ᠠ ᠲᠡᠯᠬᠡᠬᠦᠷ ᠤᠨ ᠬᠦᠭᠵᠢᠯᠳᠡ ᠶᠢ ᠠᠬᠢᠭᠤᠯᠬᠤ ᠨᠡᠶᠢᠬᠡᠮᠯᠢᠭ   ᠠᠴᠠ  ᠦᠪᠦᠷ ᠮᠤᠩᠭᠤᠯ ᠤᠨ ᠢᠯᠢ ᠪᠦᠯᠦᠭᠯᠡᠯ ᠵᠡᠷᠭᠡ 78 ᠠᠵᠤ ᠠᠬᠤᠶᠢᠯᠠᠯ ᠤᠨ  ᠦᠢᠯᠡᠳᠪᠦᠷᠢᠯᠡᠭᠰᠡᠨ 78  ᠪᠦᠳᠦᠭᠡᠭᠳᠡᠬᠦᠨ   ᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠭᠡᠷᠡᠭᠯᠡᠭᠴᠢᠳ ᠤᠨ ᠢᠳᠡᠭᠡᠯ ᠢ ᠤᠯᠤᠭᠰᠠᠨ ᠪᠦᠳᠦᠭᠡᠭᠳᠡᠬᠦᠨ︾   ᠢᠶᠠᠷ  ᠦᠨᠡᠯᠡᠨ ᠱᠠᠩᠨᠠᠬᠤ ᠳᠤ ᠰᠢᠯᠢ ᠶᠢᠨ ᠭᠤᠤᠯ ᠠᠶᠢᠮᠠᠭ ᠠᠴᠠ ᠭᠤᠷᠪᠠᠨ ᠠᠵᠤ ᠠᠬᠤᠶᠢᠯᠠᠯ  ᠡᠨᠡ  ᠬᠦ᠋ ᠢᠷᠠᠭᠤ ᠠᠯᠳᠠᠷ ᠢ ᠬᠦᠷᠳᠡᠵᠦ᠂  ᠡᠬᠦᠨ ᠤ ᠲᠤᠳᠤᠷ᠎ᠠ ᠲᠠᠶᠢᠹᠤᠰᠧ ᠬᠤᠰᠢᠭᠤᠨ ᠤ ︽ᠲᠠᠯ᠎ᠠ ᠨᠤᠳᠤᠭ︾  ᠠᠷᠢᠬᠢᠨ ᠦᠢᠯᠡᠳᠪᠦᠷᠢ ᠪᠠ ︽ᠬᠤᠩ ᠵᠢᠩ ᠶᠤᠸᠠᠨ︾ ᠲᠤᠰᠤᠨ ᠤ ᠦᠢᠯᠡᠳᠪᠦᠷᠢ ᠤᠷᠤᠭᠰᠠᠨ ᠪᠠᠶᠢᠨ᠎ᠠ᠃
     ︽ᠲᠠᠯ᠎ᠠ ᠨᠤᠳᠤᠭ︾  ᠠᠷᠢᠬᠢᠨ ᠦᠢᠯᠡᠳᠪᠦᠷᠢ ᠨᠢ 1949 ᠤᠨ ᠳᠤ ᠠᠩᠬ᠎ᠠ ᠪᠠᠶᠢᠭᠤᠯᠤᠭᠳᠠᠵᠤ᠂  1998 ᠤᠨ ᠳᠤ ᠲᠦᠷᠢᠮ ᠤᠨ ᠦᠬᠡᠷᠡᠴᠢᠯᠡᠯᠳᠡ ᠬᠢᠵᠦ ᠰᠢᠨ᠎ᠡ ᠪᠠᠷ  ᠪᠠᠶᠢᠭᠤᠯᠤᠭᠳᠠᠭᠰᠠᠨ᠂  ᠦᠪᠡᠷᠳᠡᠭᠡᠨ ᠵᠠᠰᠠᠬᠤ ᠤᠷᠤᠨ ᠤ ᠲᠡᠰ ᠤᠨ ᠮᠡᠷᠭᠡᠵᠢᠯ ᠤᠨ ᠰᠤᠳᠤᠯᠭ᠎ᠠ ᠬᠦᠭᠵᠢᠬᠦᠯᠦᠯᠳᠡ ᠶᠢᠨ ᠲᠦᠪ  ᠪᠠ  ᠪᠦᠬᠦ ᠤᠷᠤᠨ ᠤ ᠬᠠᠷ᠎ᠠ ᠠᠷᠢᠬᠢ ᠦᠢᠯᠡᠳᠪᠦᠷᠢᠯᠡᠬᠦ ᠠᠵᠢᠯ ᠲᠦᠷᠦᠯ ᠤᠨ ᠠᠩᠬᠠᠳᠤᠭᠴᠢ ᠠᠺᠠᠳᠢᠮᠢᠴᠢ ᠶᠢᠨ ᠦᠷᠳᠡᠭᠡ ᠲᠠᠢ ᠪᠤᠯᠤᠭᠰᠠᠨ᠂  ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠲᠤᠯᠤᠭᠠᠶᠢᠯᠠᠭᠴᠢ ᠠᠵᠤ ᠠᠬᠤᠶᠢᠯᠠᠯ ᠪᠦᠬᠡᠳ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ   ᠶᠢ ᠠᠵᠤ ᠦᠢᠯᠡᠰᠵᠢᠬᠦᠯᠬᠦ  ᠭᠤᠤᠯᠳᠠᠯᠭᠠᠳᠠᠢ ᠲᠤᠯᠤᠭᠠᠶᠢᠯᠠᠭᠴᠢ ᠠᠵᠤ ᠠᠬᠤᠶᠢᠯᠠᠯ ᠪᠤᠯᠬᠤ ᠶᠤᠮ᠃ ᠠᠵᠤ ᠠᠬᠤᠶᠢᠯᠠᠯ   ᠤᠨ ᠶᠡᠷᠦᠩᠬᠡᠢ  ᠡᠳ᠋ ᠬᠦᠷᠦᠩᠬᠡ 80000 ᠲᠦᠮᠡᠨ ᠲᠦᠬᠦᠷᠢᠭ  ᠂   ᠦᠢᠯᠡᠳᠪᠦᠷᠢ ᠶᠢᠨ ᠡᠵᠡᠯᠡᠬᠦ ᠲᠠᠯᠠᠪᠠᠢ 50 ᠭᠠᠷᠤᠢ ᠲᠦᠮᠡᠨ ᠬᠠᠪᠳᠠᠭᠠᠢ ᠲᠦᠷᠪᠡᠯᠵᠢᠨ ᠮᠧᠲᠷ ᠲᠤ ᠬᠦᠷᠴᠦ᠂ 2018 ᠤᠨ ᠳᠤ 36500 ᠲᠦᠮᠡᠨ ᠲᠦᠬᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ  ᠡᠬᠦᠳᠴᠦ᠂  11000 ᠲᠦᠮᠡᠨ ᠲᠦᠬᠦᠷᠢᠭ ᠤᠨ ᠭᠠᠶᠢᠯᠢ  ᠲᠤᠰᠢᠶᠠᠨ᠂   4500 ᠲᠦᠮᠡᠨ ᠲᠦᠬᠦᠷᠢᠭ ᠤᠨ ᠠᠰᠢᠭ ᠤᠷᠤᠯᠭ᠎ᠠ  ᠪᠡᠶᠡᠯᠡᠬᠦᠯᠦᠭᠡᠳ᠂   ᠬᠦᠭᠵᠢᠯᠳᠡ ᠶᠢᠨ ᠲᠡᠦᠬᠡᠨ ᠳᠡᠭᠡᠨ ᠬᠠᠮᠤᠭ  ᠰᠠᠶᠢᠨ ᠬᠢᠷᠢ ᠲᠦᠪᠰᠢᠨ ᠳᠤ ᠬᠦᠷᠴᠦ᠂  ᠦᠪᠦᠷ ᠮᠤᠩᠭᠤᠯ ᠤᠷᠤᠨ ᠤ ᠠᠵᠢᠯ ᠲᠦᠷᠦᠯ  ᠨᠢᠬᠡᠳᠡᠨ ᠤ ᠪᠠᠨ ᠲᠤᠮᠳᠠ ᠲᠡᠭᠡᠷ᠎ᠡ ᠪᠠᠶᠢᠷᠢ ᠳᠤ ᠵᠢᠬᠰᠠᠭᠰᠠᠨ ᠪᠠᠶᠢᠨ᠎ᠠ᠃   ︽ᠲᠠᠯ᠎ᠠ ᠶᠢᠨ ᠸᠠᠩ︾  ᠰᠢᠷᠢᠰ ᠬᠠᠷ᠎ᠠ ᠠᠷᠢᠬᠢ ᠪᠤᠯ ᠲᠤᠰ  ᠠᠵᠤ ᠠᠬᠤᠶᠢᠯᠠᠯ ᠤᠨ ᠦᠢᠯᠡᠳᠪᠦᠷᠢᠯᠡᠭᠰᠡᠨ ᠭᠤᠤᠯ ᠪᠦᠳᠦᠭᠡᠭᠳᠡᠬᠦᠨ ᠪᠠᠶᠢᠵᠤ᠂  ᠡᠬᠦᠨ ᠳᠤ  65°᠂ 53°᠂ 45°᠂ 44°᠂ 42°᠂ 39°᠂ 38°᠂ 36° ᠵᠡᠷᠭᠡ ᠠᠳᠠᠯᠢ ᠪᠤᠰᠤ ᠬᠡᠮᠵᠢᠶ᠎ᠡ ᠲᠡᠰ ᠤᠨ 30 ᠭᠠᠷᠤᠢ ᠪᠦᠳᠦᠭᠡᠭᠳᠡᠬᠦᠨ ᠪᠠᠶᠢᠭ᠎ᠠ᠃   ᠡᠳᠡᠭᠡᠷ ᠪᠦᠳᠦᠭᠡᠭᠳᠡᠬᠦᠨ ᠢ ᠦᠢᠯᠡᠳᠪᠦᠷᠢᠯᠡᠬᠦ ᠳᠡᠭᠡᠨ ᠴᠢᠨᠠᠷ ᠰᠠᠶᠢᠳᠠᠢ ᠰᠢᠰᠢ ᠶᠢ ᠰᠤᠩᠭᠤᠨ  ᠲᠦᠬᠦᠭᠡᠢ ᠮᠠᠲ᠋ᠧᠷᠢᠶᠠᠯ ᠪᠤᠯᠭᠠᠵᠤ᠂   ᠲᠤᠬᠠᠢ ᠶᠢᠨ ᠭᠠᠵᠠᠷ ᠤᠨ ᠢᠶᠠᠨ ᠰᠢᠯᠢᠳᠡᠭ ᠤᠰᠤᠨ ᠰᠤᠷᠪᠤᠯᠵᠢ ᠶᠢ ᠠᠰᠢᠭᠯᠠᠨ᠂  ᠤᠯᠠᠮᠵᠢᠯᠠᠯᠳᠤ ᠤᠷ᠎ᠠ ᠮᠡᠷᠭᠡᠵᠢᠯ   ᠢ ᠭᠡᠷᠡᠭᠯᠡᠵᠦ᠂  ᠰᠢᠨᠵᠢᠯᠡᠬᠦ  ᠤᠬᠠᠭᠠᠨᠴᠢ ᠪᠠᠷ ᠨᠠᠶᠢᠷᠠᠭᠤᠯᠤᠨ ᠦᠢᠯᠡᠳᠪᠦᠷᠢᠯᠡᠭᠰᠡᠨ ᠠᠮᠳᠠ ᠰᠢᠮ᠎ᠡ ᠲᠠᠢ ᠤᠨᠴᠠᠯᠢᠭᠳᠤ ᠤᠮᠳᠠᠭᠠᠨ ᠪᠤᠯᠵᠤ  ᠂ ᠤᠯᠠᠨ ᠲᠠᠶᠠᠭᠠᠷ ᠲᠤ ᠲᠠᠨᠢᠭᠳᠠᠭᠰᠠᠨ ᠪᠠᠶᠢᠳᠠᠭ᠃  ᠤᠶᠢᠷ᠎ᠠ ᠶᠢᠨ ᠵᠢᠯ ᠳᠤ᠂ ᠠᠵᠤ ᠠᠬᠤᠶᠢᠯᠠᠯ ᠨᠢ  ᠤᠷᠢᠳ ᠬᠤᠵᠢᠳ ᠬᠤᠰᠢᠭᠤ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ᠂  ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ᠂  ᠤᠷᠤᠨ ᠤ ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ᠂  ᠫᠠᠨᠠᠮᠠ ᠶᠢᠨ ᠤᠯᠠᠨ ᠤᠯᠤᠰ ᠤᠨ ᠦᠵᠡᠰᠬᠦᠯᠡᠩ ᠤᠨ ᠠᠯᠳᠠᠨ ᠱᠠᠩᠨᠠᠯ ᠵᠡᠷᠭᠡ ᠶᠢ ᠬᠦᠷᠳᠡᠵᠦ᠂ ᠪᠦᠬᠦ ᠤᠷᠤᠨ ᠤ  ᠦᠨᠡᠨᠴᠢ ᠢᠳᠡᠭᠡᠮᠵᠢᠳᠡᠢ ᠠᠵᠤ ᠠᠬᠤᠶᠢᠯᠠᠯ   ᠢᠶᠠᠷ ᠴᠤᠯᠠᠯᠠᠭᠳᠠᠵᠦ ᠦᠩᠭᠡᠷᠡᠪᠡ᠃ 2018 ᠤᠨ ᠳᠤ᠂  ︽ᠲᠠᠯ᠎ᠠ ᠶᠢᠨ ᠸᠠᠩ︾  ᠲᠠᠸᠠᠷ ᠤᠨ ᠲᠡᠮᠳᠡᠭ ᠨᠢ   ᠲᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ᠂   ᠦᠪᠦᠷ ᠮᠤᠩᠭᠤᠯ ᠤᠨ ᠵᠠᠭᠤᠨ ᠬᠦᠴᠦᠷᠭᠡᠭ ᠨᠡᠷᠡᠳᠦ ᠲᠡᠮᠳᠡᠭ ᠢᠶᠠᠷ ᠦᠨᠡᠯᠡᠭᠳᠡᠵᠦ᠂  ᠠᠵᠤ ᠠᠬᠤᠶᠢᠯᠠᠯ ᠨᠢ ᠪᠠᠰᠠ ᠲᠤᠮᠳᠠᠳᠤ ᠤᠯᠤᠰ ᠤᠨ ᠶᠠᠰᠤ ᠴᠢᠨᠠᠷ ᠤᠨ  ᠢᠳᠡᠭᠡᠮᠵᠢ ᠶᠢᠨ AAA ᠲᠡᠰ ᠤᠨ ᠠᠵᠤ ᠠᠬᠤᠶᠢᠯᠠᠯ᠂  ᠦᠪᠦᠷ ᠮᠤᠩᠭᠤᠯ ᠤᠨ  ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠤᠨ ᠢᠷᠠᠭᠤ ᠠᠯᠳᠠᠷ ᠢ ᠬᠦᠷᠳᠡᠵᠡᠢ᠃
     ︽ᠬᠤᠩ ᠵᠢᠩ ᠶᠤᠸᠠᠨ︾ ᠲᠤᠰᠤᠨ ᠤ ᠦᠢᠯᠡᠳᠪᠦᠷᠢ  ᠪᠤᠯ 1983 ᠤᠨ ᠳᠤ ᠪᠠᠶᠢᠭᠤᠯᠤᠭᠳᠠᠭᠰᠠᠨ᠂  ᠶᠠᠮᠠ   ᠶᠢᠨ ᠲᠤᠰᠤ ᠦᠢᠯᠡᠳᠪᠦᠷᠢᠯᠡᠬᠦ ᠪᠠᠷ ᠭᠤᠤᠯ ᠪᠤᠯᠭᠠᠵᠤ᠂ ᠦᠢᠯᠡᠳᠪᠦᠷᠢᠯᠡᠯ᠂ ᠰᠤᠳᠤᠯᠭ᠎ᠠ᠂ ᠪᠤᠷᠤᠯᠠᠭᠤᠯᠭ᠎ᠠ᠂ ᠦᠢᠯᠡᠴᠢᠯᠡᠭᠡ  ᠶᠢ ᠨᠢᠬᠡ ᠴᠤᠭᠴᠠᠵᠢᠭᠤᠯᠤᠭᠰᠠᠨ ᠲᠤᠮᠤ ᠭᠡᠯᠪᠡᠷᠢ ᠶᠢᠨ ᠤᠳᠤᠬᠢᠴᠢᠯᠠᠭᠰᠠᠨ ᠮᠡᠷᠭᠡᠵᠢᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠᠶᠢᠵᠤ᠂  ᠶᠠᠮᠠ ᠶᠢᠨ ᠲᠤᠰᠤᠨ ᠤ ᠦᠢᠯᠡᠳᠪᠦᠷᠢᠯᠡᠯ ᠤᠨ ᠪᠠᠷᠢᠮᠵᠢᠶ᠎ᠠ ᠶᠢ ᠡᠬᠢᠯᠡᠬᠦᠯᠦᠭᠰᠡᠨ ᠨᠢᠬᠡᠴᠡ᠂  ᠲᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠢ ᠡᠬᠦᠳᠦᠭᠰᠡᠨ ᠠᠵᠤ ᠠᠬᠤᠶᠢᠯᠠᠯ᠂  ᠦᠪᠦᠷ ᠮᠤᠩᠭᠤᠯ  ᠤᠨ  ᠲᠠᠷᠢᠶᠠᠯᠠᠩ ᠮᠠᠯ ᠠᠵᠤ ᠠᠬᠤᠢ   ᠶᠢ ᠠᠵᠤ ᠦᠢᠯᠡᠰᠵᠢᠬᠦᠯᠬᠦ  ᠭᠤᠤᠯᠳᠠᠯᠭᠠᠳᠠᠢ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ᠎ᠠ᠃ ᠲᠤᠰ ᠠᠵᠤ ᠠᠬᠤᠶᠢᠯᠠᠯ ᠨᠢ 30 ᠭᠠᠷᠤᠢ ᠵᠢᠯ ᠤᠨ  ᠬᠦᠭᠵᠢᠯᠳᠡ ᠪᠠᠷ ᠲᠠᠮᠵᠢᠭᠠᠳ᠂  ᠦᠪᠦᠷ ᠮᠤᠩᠭᠤᠯ ᠤᠨ ᠲᠤᠰᠤᠨ ᠤ ᠦᠢᠯᠡᠰ   ᠢ ᠲᠦᠯᠦᠭᠡᠯᠡᠭᠰᠡᠨ ᠨᠡᠷ᠎ᠡ ᠶᠢᠨ ᠬᠠᠭᠤᠳᠠᠰᠤ ᠪᠤᠯᠵᠤ᠂ ᠲᠠᠯ᠎ᠠ ᠨᠤᠳᠤᠭ ᠤᠨ ᠠᠷᠠᠳ ᠲᠦᠮᠡᠨ ᠤ ᠤᠮᠤᠭ ᠪᠠᠭ᠋ᠠᠳᠤᠯ ᠪᠤᠯᠤᠭᠰᠠᠨ ᠪᠠᠶᠢᠨ᠎ᠠ᠃  ︽ᠬᠤᠩ ᠵᠢᠩ ᠶᠤᠸᠠᠨ︾ ᠲᠡᠮᠳᠡᠭᠳᠦ ᠪᠦᠳᠦᠭᠡᠭᠳᠡᠬᠦᠨ ᠨᠢ ᠦᠪᠦᠷ ᠮᠤᠩᠭᠤᠯ ᠤᠷᠤᠨ ᠢᠶᠠᠷ ᠪᠠᠷᠠᠬᠤ ᠦᠬᠡᠢ᠂   ᠪᠦᠬᠦ ᠤᠯᠤᠰ ᠤᠨ ᠡᠯ᠎ᠡ ᠭᠠᠵᠠᠷ ᠲᠤ ᠲᠠᠷᠬᠠᠨ ᠪᠤᠷᠤᠯᠠᠭᠤᠯᠤᠭᠳᠠᠵᠤ᠂   ᠠᠶᠢᠯ ᠡᠷᠦᠬᠡ ᠪᠤᠯᠭᠠᠨ ᠳᠤ  ᠭᠡᠷᠡᠭᠯᠡᠭᠳᠡᠵᠦ ᠪᠠᠶᠢᠭ᠎ᠠ ᠶᠤᠮ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号