ᠲᠠᠶᠢᠹᠤᠰᠧ ᠬᠤᠰᠢᠭᠤᠨ ᠤ ᠲᠢᠶᠠᠨ ᠶᠤᠸᠠᠨ ᠬᠤᠷᠰᠢᠶᠠᠵᠢᠯ ᠪᠦᠬᠦ ᠤᠯᠤᠰ ᠤᠨ ︽  ᠵᠢᠱᠢᠶ᠎ᠡ ᠦᠵᠡᠬᠦᠯᠬᠦ  ᠬᠤᠷᠰᠢᠶᠠᠵᠢᠯ ︾ ᠪᠤᠯᠪᠠ
ᠨᠡᠶᠢᠲᠡᠯᠡᠭᠰᠡᠨ ᠴᠠᠭ᠄
2019-04-01
  ᠤᠷᠴᠢᠮᠬᠠᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠠᠴᠠ 2018 ᠤᠨ ᠤ ᠪᠦᠬᠦ ᠤᠯᠤᠰ  ᠤᠨ ᠲᠠᠷᠢᠶᠠᠴᠢᠨ ᠤ ᠬᠤᠷᠰᠢᠶᠠᠵᠢᠯ ᠤᠨ ᠵᠢᠱᠢᠶ᠎ᠡ ᠦᠵᠡᠬᠦᠯᠬᠦ ᠬᠤᠷᠰᠢᠶᠠᠵᠢᠯ   ᠤᠨ ᠨᠡᠷᠡᠰ ᠢ ᠨᠡᠶᠢᠳᠡᠯᠡᠬᠦ ᠳᠤ ᠲᠠᠶᠢᠹᠤᠰᠧ ᠬᠤᠰᠢᠭᠤᠨ ᠤ ᠲᠢᠶᠠᠨ ᠶᠤᠸᠠᠨ ᠲᠠᠷᠢᠵᠤ ᠤᠷᠭᠤᠭᠤᠯᠬᠤ ᠦᠢᠯᠡᠰ ᠤᠨ ᠲᠤᠰᠬᠠᠢ ᠬᠤᠷᠰᠢᠶᠠᠵᠢᠯ ᠦᠩᠬᠡ ᠭᠡᠷᠡᠯ ᠲᠠᠢ ᠪᠠᠷ ᠰᠤᠩᠭᠤᠭᠳᠠᠨ ᠤᠷᠤᠭᠰᠠᠨ ᠪᠠᠶᠢᠨ᠎ᠠ᠃  ᠲᠠᠶᠢᠹᠤᠰᠧ ᠬᠤᠰᠢᠭᠤᠨ ᠤ ᠬᠠᠩᠭᠠᠯᠭ᠎ᠠ ᠶᠢᠨ ᠬᠤᠷᠰᠢᠶ᠎ᠠ  ᠶᠢᠨ ᠵᠢᠯᠤᠭᠤᠳᠤᠨ ᠪᠠᠶᠢᠭᠤᠯᠤᠭᠰᠠᠨ ᠲᠢᠶᠠᠨ ᠶᠤᠸᠠᠨ ᠲᠠᠷᠢᠵᠤ ᠤᠷᠭᠤᠭᠤᠯᠬᠤ ᠦᠢᠯᠡᠰ ᠤᠨ ᠲᠤᠰᠬᠠᠢ ᠬᠤᠷᠰᠢᠶᠠᠵᠢᠯ   ᠨᠢ 2010 ᠤᠨ ᠳᠤ  ᠪᠠᠶᠢᠭᠤᠯᠤᠭᠳᠠᠵᠤ᠂  ᠲᠠᠶᠢᠹᠤᠰᠧ ᠬᠤᠰᠢᠭᠤᠨ ᠤ ᠰᠢᠩ ᠹᠦ᠋ ᠰᠢᠶᠠᠩ ᠤᠨ  ᠶᠦᠩ ᠶᠤᠸᠠᠢ ᠲᠤᠰᠬᠤᠨ ᠳᠤ ᠪᠠᠶᠢᠷᠢᠯᠠᠵᠤ ᠪᠠᠶᠢᠳᠠᠭ᠃  ᠬᠤᠷᠰᠢᠶᠠᠵᠢᠯ ᠨᠢ 5300 ᠮᠤ᠋ ᠲᠠᠷᠢᠶᠠᠨ ᠭᠠᠵᠠᠷ᠂  8 ᠢᠵᠢ ᠰᠦᠷᠴᠢᠨ ᠤᠰᠤᠯᠠᠬᠤ ᠮᠠᠰᠢᠨ᠂  43 ᠮᠠᠰᠢᠨ ᠬᠤᠳᠳᠤᠭ  ᠂ 18 ᠰᠠᠤᠷᠢ ︵ᠢᠵᠢ︶  ᠲᠦᠮᠦᠰᠦ ᠲᠠᠷᠢᠬᠤ ᠮᠠᠰᠢᠨ ᠲᠦᠬᠦᠭᠡᠷᠦᠮᠵᠢ ᠲᠠᠢ ᠪᠠᠶᠢᠵᠤ᠂  5000 ᠲᠤᠨ ᠤ  ᠪᠠᠭᠳᠠᠭᠠᠮᠵᠢ ᠲᠠᠢ ᠲᠦᠮᠦᠰᠦᠨ ᠤ ᠵᠤᠭᠤᠷᠢ᠂  3400 ᠬᠠᠪᠳᠠᠭᠠᠢ ᠲᠦᠷᠪᠡᠯᠵᠢᠨ ᠮᠧᠲᠷ ᠲᠠᠯᠠᠪᠠᠢ ᠪᠦᠬᠦᠢ ᠮᠠᠰᠢᠨ ᠲᠦᠬᠦᠭᠡᠷᠦᠮᠵᠢ ᠶᠢᠨ ᠬᠦᠮᠦᠷᠭᠡ ᠲᠤᠰᠪᠤᠷᠢ ᠨᠢᠬᠡ  ᠶᠢ  ᠪᠠᠶᠢᠭᠤᠯᠵᠠᠢ᠃   ᠭᠤᠤᠯᠳᠠᠭᠤ ᠨᠤᠭᠤᠭᠠᠨ ᠪᠤᠷᠳᠤᠭ᠎ᠠ᠂  ᠲᠦᠮᠦᠰᠦ᠂ ᠪᠤᠷᠴᠠᠭ ᠤᠨ ᠲᠦᠷᠦᠯ ᠲᠠᠷᠢᠵᠤ ᠡᠵᠡᠩᠨᠡᠨ᠂  ᠲᠠᠷᠢᠶᠠᠯᠠᠩ ᠤᠨ ᠮᠠᠰᠢᠨ ᠤ ᠦᠢᠯᠡᠴᠢᠯᠡᠭᠡ ᠬᠢᠳᠡᠭ ᠬᠤᠷᠰᠢᠶᠠᠵᠢᠯ ᠪᠤᠯᠤᠨ᠎ᠠ᠃ 2016 ᠤᠨ ᠳᠤ ᠲᠤᠰ ᠬᠤᠷᠰᠢᠶᠠᠵᠢᠯ ᠨᠢ ᠦᠪᠡᠷᠳᠡᠭᠡᠨ ᠵᠠᠰᠠᠬᠤ ᠤᠷᠤᠨ ᠤ ︽ᠮᠠᠯᠴᠢᠨ ᠲᠠᠷᠢᠶᠠᠴᠢᠨ ᠤ ᠵᠢᠱᠢᠶ᠎ᠡ ᠦᠵᠡᠬᠦᠯᠬᠦ ᠬᠤᠷᠰᠢᠶᠠᠵᠢᠯ︾ ᠢᠶᠠᠷ ᠦᠨᠡᠯᠡᠭᠳᠡᠵᠦ ᠦᠩᠭᠡᠷᠡᠵᠡᠢ᠃  ᠤᠳᠤ ᠬᠤᠷᠰᠢᠶᠠᠵᠢᠯ   ᠨᠢ ᠲᠦᠮᠦᠰᠦ ᠲᠠᠷᠢᠬᠤ ᠶᠢᠨ ᠲᠠᠭᠠᠤ  ᠪᠤᠭᠤᠳᠠᠢ ᠲᠠᠷᠢᠵᠤ᠂  ᠵᠢᠯ ᠤᠨ ᠪᠤᠷᠤᠯᠠᠭᠤᠯᠭ᠎ᠠ ᠶᠢᠨ ᠤᠷᠤᠯᠭ᠎ᠠ 1200 ᠲᠦᠮᠡᠨ ᠲᠦᠬᠦᠷᠢᠭ ᠲᠤ ᠬᠦᠷᠴᠦ  ᠂ ᠲᠤᠰ ᠲᠤᠰᠬᠤᠨ ᠬᠢᠭᠡᠳ ᠬᠦᠷᠰᠢ ᠵᠡᠷᠭᠡᠯᠡᠳᠡᠭᠡ ᠲᠤᠰᠬᠤᠨ ᠤ 348 ᠲᠠᠷᠢᠶᠠᠴᠢᠨ ᠡᠷᠦᠬᠡ ᠶᠢ  ᠲᠠᠶᠢᠴᠢᠯᠠᠨ᠂  ᠵᠢᠯ ᠪᠦᠷᠢ ᠲᠠᠷᠢᠶᠠᠴᠢᠳ ᠲᠤ ᠲᠠᠷᠢᠶᠠᠨ ᠭᠠᠵᠠᠷ ᠤᠨ  ᠲᠦᠷᠢᠶᠡᠰᠦᠨ ᠮᠦᠩᠬᠦ 159 ᠲᠦᠮᠡᠨ ᠲᠦᠬᠦᠷᠢᠭ᠂  ᠴᠠᠯᠢᠩ  ᠤᠯᠭᠤᠮᠵᠢ 120 ᠭᠠᠷᠤᠢ ᠲᠦᠮᠡᠨ ᠲᠦᠬᠦᠷᠢᠭ ᠲᠠᠷᠬᠠᠭᠠᠵᠤ᠂  ᠲᠠᠷᠢᠶᠠᠴᠢᠳ ᠤᠨ ᠬᠦᠮᠦᠨ ᠲᠤᠮᠳᠠᠴᠢ ᠤᠷᠤᠯᠭ᠎ᠠ   ᠶᠢ ᠵᠢᠯ ᠳᠤ 5000 ᠲᠦᠬᠦᠷᠢᠭ  ᠨᠡᠮᠡᠭᠳᠡᠬᠦᠯᠵᠦ ᠪᠤᠢ᠃ ᠤᠯᠠᠨ ᠵᠢᠯ ᠤᠨ ᠡᠷᠢᠯ ᠰᠦᠪᠡᠭᠴᠢᠯᠡᠯ ᠢᠶᠠᠷ ᠲᠠᠮᠵᠢᠭᠠᠳ᠂   ︽ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ︾   ᠶᠢᠨ ᠠᠵᠤ ᠦᠢᠯᠡᠰ ᠤᠨ ᠵᠠᠭᠪᠤᠷ ᠢ ᠪᠤᠢ ᠪᠤᠯᠭᠠᠵᠤ᠂  ︽ ᠵᠠᠬᠢᠶᠠᠯᠠᠭ᠎ᠠ ᠶᠢᠨ  ᠪᠤᠷᠤᠯᠠᠭᠤᠯᠭ᠎ᠠ︾   ᠶᠢᠨ ᠬᠡᠯᠪᠡᠷᠢ ᠪᠠᠷ ᠰᠢᠤᠸᠠᠢ ᠴᠤᠸᠠᠨ ᠲᠠᠷᠢᠶᠠᠯᠠᠩ ᠤᠨ ᠦᠢᠯᠡᠰ ᠤᠨ  ᠠᠵᠤ ᠠᠬᠤᠶᠢᠯᠠᠯ ᠲᠠᠢ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ᠂  ᠰᠤᠬᠤᠷ ᠪᠠᠯᠠᠢ  ᠲᠠᠷᠢᠶᠠᠯᠠᠭ᠎ᠠ ᠂  ᠵᠠᠬ᠎ᠠ ᠲᠡᠯᠬᠡᠬᠦᠷ ᠤᠨ  ᠪᠤᠷᠤᠯᠠᠭᠤᠯᠭ᠎ᠠ   ᠶᠢᠨ ᠠᠰᠠᠭᠤᠳᠠᠯ ᠢ ᠰᠢᠢᠳᠪᠦᠷᠢᠯᠡᠬᠡᠳ᠂  ᠬᠤᠷᠰᠢᠶᠠᠵᠢᠯ ᠪᠠ ᠲᠠᠷᠢᠶᠠᠴᠢᠳ ᠤᠨ ᠠᠰᠢᠭ ᠤᠷᠤᠯᠭ᠎ᠠ ᠶᠢ ᠵᠡᠷᠭᠡᠪᠡᠷ ᠨᠡᠮᠡᠭᠳᠡᠬᠦᠯᠵᠦ ᠪᠠᠶᠢᠨ᠎ᠠ᠃  ᠶᠠᠳᠠᠭᠤ ᠬᠦᠴᠢᠷᠳᠡᠯᠳᠡᠢ ᠭᠠᠵᠠᠷ ᠤᠷᠤᠨ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠭᠰᠠᠨ ᠬᠤᠪᠢ ᠳᠤ᠂  ᠲᠤᠰ ᠬᠤᠷᠰᠢᠶᠠᠵᠢᠯ ᠨᠢ  ᠶᠠᠳᠠᠭᠤ ᠬᠦᠴᠢᠷᠳᠡᠯᠳᠡᠢ ᠡᠷᠦᠬᠡ ᠶᠢ ᠵᠢᠯᠤᠭᠤᠳᠤᠨ ᠭᠠᠵᠠᠷ ᠰᠢᠷᠤᠢ ᠪᠠᠷ ᠨᠢ ᠬᠤᠪᠢ  ᠤᠷᠤᠭᠤᠯᠤᠨ᠂  ᠬᠤᠷᠰᠢᠶᠠᠵᠢᠯ ᠠᠴᠠ ᠨᠢᠬᠡᠳᠦᠯᠳᠡᠢ ᠲᠠᠷᠢᠵᠤ᠂ ᠨᠢᠬᠡᠳᠦᠯᠳᠡᠢ ᠬᠠᠮᠢᠶᠠᠷᠴᠤ᠂ ᠨᠢᠬᠡᠳᠦᠯᠳᠡᠢ ᠪᠤᠷᠤᠯᠠᠭᠤᠯᠤᠨ᠂  ᠭᠡᠪᠴᠢᠶᠡᠵᠢᠭᠰᠡᠨ ᠲᠠᠷᠢᠶᠠᠯᠠᠭ᠎ᠠ ᠶᠢ ᠬᠡᠯᠪᠡᠷᠢ ᠲᠠᠢ ᠪᠤᠯᠵᠠᠢ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号