ᠲᠠᠶᠢᠹᠤᠰᠧ ᠬᠤᠰᠢᠭᠤ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2019-04-01
   ᠲᠠᠶᠢᠹᠤᠰᠧ  ᠬᠤᠰᠢᠭᠤᠨ ᠤ ᠵᠠᠬ᠎ᠠ ᠲᠡᠯᠬᠡᠬᠦᠷ ᠬᠢᠨᠠᠨ ᠬᠠᠮᠢᠶᠠᠷᠬᠤ ᠲᠤᠪᠴᠢᠶ᠎ᠠ ᠨᠢ ᠬᠠᠷᠢᠶ᠎ᠠ ᠤᠷᠤᠨ ᠤ ᠪᠠᠨ 1200 ᠭᠠᠷᠤᠢ ᠡᠷᠦᠬᠡ  ᠡᠵᠡᠩᠨᠡᠯᠳᠡ ᠶᠢᠨ ᠨᠢᠬᠡᠴᠡ ᠲᠠᠢ ︽ ᠢᠳᠡᠭᠡᠨ ᠤ ᠠᠮᠤᠷ ᠲᠦᠪᠰᠢᠨ   ᠤ ᠬᠠᠷᠢᠭᠤᠴᠠᠯᠭ᠎ᠠ  ᠶᠢᠨ ᠭᠡᠷ᠎ᠡ︾ ᠲᠤᠭᠳᠠᠵᠤ᠂  ᠪᠦᠬᠦ ᠬᠤᠰᠢᠭᠤᠨ ᠤ  ᠢᠳᠡᠭᠡᠨ ᠤ ᠠᠮᠤᠷ ᠲᠦᠪᠰᠢᠨ   ᠤ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠂  ᠢᠳᠡᠭᠡᠨ ᠤ ᠠᠮᠤᠷ ᠲᠦᠪᠰᠢᠨ   ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ  ᠪᠠᠶᠢᠨ᠎ᠠ᠃    ︽ᠢᠳᠡᠭᠡᠨ ᠤ ᠠᠮᠤᠷ ᠲᠦᠪᠰᠢᠨ   ᠤ ᠬᠠᠷᠢᠭᠤᠴᠠᠯᠭ᠎ᠠ ᠶᠢᠨ ᠭᠡᠷ᠎ᠡ︾   ᠳᠤ ᠢᠳᠡᠭᠡᠨ ᠤᠮᠳᠠᠭᠠᠨ ᠡᠵᠡᠩᠨᠡᠬᠦ ᠨᠢᠬᠡᠴᠡ ᠪᠠ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠡᠬᠦᠷᠭᠡ ᠬᠠᠷᠢᠭᠤᠴᠠᠯᠭ᠎ᠠ ᠶᠢ ᠲᠤᠭᠳᠠᠭᠠᠨ᠂   ᠡᠵᠡᠩᠨᠡᠭᠴᠢ ᠪᠤᠯ  ᠢᠳᠡᠭᠡᠨ ᠤ ᠠᠮᠤᠷ ᠲᠦᠪᠰᠢᠨ ᠢ ᠬᠠᠮᠠᠭᠠᠯᠠᠬᠤ ᠨᠢᠬᠡᠳᠦᠭᠡᠷ ᠬᠠᠷᠢᠭᠤᠴᠠᠯᠭᠠᠳᠠᠨ ᠭᠡᠳᠡᠭ ᠢ ᠲᠤᠳᠤᠷᠬᠠᠶᠢᠯᠠᠵᠤ᠂  ᠡᠷᠭᠡᠪᠰᠢ  ᠢᠳᠡᠭᠡᠨ ᠤ ᠠᠮᠤᠷ ᠲᠦᠪᠰᠢᠨ   ᠤ  ᠬᠠᠤᠯᠢ  ᠲᠦᠷᠢᠮ ᠢ ᠰᠠᠬᠢᠨ  ᠂  ᠡᠵᠡᠩᠨᠡᠯᠳᠡ ᠶᠢᠨ ᠠᠵᠢᠯᠯᠠᠭ᠎ᠠ ᠪᠠᠨ ᠬᠠᠤᠯᠢ ᠶᠢᠨ ᠲᠠᠭᠠᠤ ᠦᠷᠨᠢᠬᠦᠯᠵᠦ᠂  ᠦᠪᠡᠷ ᠤᠨ ᠡᠵᠡᠩᠨᠡᠵᠦ ᠪᠠᠶᠢᠭ᠎ᠠ ᠢᠳᠡᠭᠡᠨ ᠤᠮᠳᠠᠭᠠᠨ ᠤ ᠵᠦᠢᠯ ᠤᠨ ᠠᠮᠤᠷ ᠲᠦᠪᠰᠢᠨ ᠢ ᠪᠠᠳᠤᠯᠠᠬᠤ ᠭᠡᠷᠡᠭᠳᠡᠢ ᠬᠡᠵᠦ ᠱᠠᠭᠠᠷᠳᠠᠭᠰᠠᠨ  ᠪᠦᠬᠡᠳ ᠢᠳᠡᠭᠡᠨ ᠤ ᠵᠦᠢᠯ ᠤᠷᠤᠭᠤᠯᠬᠤ᠂  ᠬᠠᠳᠠᠭᠠᠯᠠᠬᠤ᠂  ᠪᠤᠷᠤᠯᠠᠭᠤᠯᠬᠤ  ᠠᠵᠢᠯᠯᠠᠭᠠᠨ ᠤ ᠬᠠᠮᠢᠶᠠᠷᠤᠯᠳᠠ ᠵᠢᠴᠢ ᠡᠵᠡᠩᠨᠡᠯᠳᠡ ᠶᠢᠨ ᠲᠠᠯᠠᠪᠤᠷ  ᠪᠠ ᠲᠦᠬᠦᠭᠡᠷᠦᠮᠵᠢ᠂  ᠡᠵᠡᠩᠨᠡᠭᠴᠢ ᠶᠢᠨ  ᠡᠷᠡᠬᠦᠯ  ᠴᠢᠬᠢᠷᠠᠭ ᠤᠨ ᠬᠠᠮᠢᠶᠠᠷᠤᠯᠳᠠ᠂  ᠬᠠᠶᠠᠭᠳᠠᠮᠠᠯ ᠡᠳ᠋ ᠰᠢᠢᠳᠪᠦᠷᠢᠯᠡᠬᠦ ᠪᠠ  ᠲᠠᠯᠳᠠ ᠭᠡᠮ ᠢ ᠠᠷᠢᠯᠭᠠᠬᠤ  ᠵᠡᠷᠭᠡ ᠲᠠᠯᠠᠪᠠᠷ ᠴᠢᠩᠭ᠎ᠠ ᠱᠠᠭᠠᠷᠳᠠᠯᠭ᠎ᠠ  ᠲᠠᠯᠪᠢᠵᠤ᠂ ᠬᠠᠤᠯᠢ ᠭᠡᠷᠡᠭᠵᠢᠬᠦᠯᠦᠭᠴᠢ ᠠᠵᠢᠯᠳᠠᠨ ᠤ ᠡᠬᠦᠷᠭᠡ ᠬᠠᠷᠢᠭᠤᠴᠠᠯᠭ᠎ᠠ   ᠶᠢᠨ ᠲᠠᠯᠠᠪᠠᠷ ᠴᠤ  ᠨᠠᠷᠢᠨ ᠲᠤᠳᠤᠷᠬᠠᠢ ᠲᠤᠭᠳᠠᠭᠠᠯ  ᠭᠠᠷᠭᠠᠵᠠᠢ᠃  ᠬᠠᠷᠢᠭᠤᠴᠠᠯᠭ᠎ᠠ ᠶᠢᠨ ᠭᠡᠷ᠎ᠡ ᠶᠢ ᠪᠦᠳᠦᠮᠵᠢᠳᠡᠢ ᠭᠡᠷᠡᠭᠵᠢᠬᠦᠯᠬᠦ ᠶᠢᠨ ᠲᠦᠯᠦᠬᠡ᠂  ᠲᠤᠰ ᠬᠤᠰᠢᠭᠤ ᠨᠢ ᠨᠠᠷᠢᠨ ᠨᠢᠮᠪᠠᠢ ᠪᠠᠶᠢᠷᠢᠯᠠᠭᠤᠯᠤᠯᠳᠠ ᠬᠢᠵᠦ᠂ ᠬᠠᠤᠯᠢ ᠭᠡᠷᠡᠭᠵᠢᠬᠦᠯᠭᠴᠢ ᠠᠵᠢᠯᠳᠠᠳ ᠢ ᠵᠤᠬᠢᠶᠠᠨ ᠪᠠᠶᠢᠭᠤᠯᠵᠤ  ᠲᠡᠯᠬᠡᠬᠦᠷ ᠬᠤᠳᠠᠯᠳᠤᠭ᠎ᠠ ᠪᠠᠷ  ᠬᠦᠨᠵᠡᠭᠡᠶᠢᠷᠡᠨ᠂ ᠤᠬᠠᠭᠤᠯᠭ᠎ᠠ ᠬᠢᠬᠦ ᠪᠠ ᠶᠤᠰᠤ ᠶᠠᠷᠢᠬᠤ ᠶᠢ ᠤᠶᠠᠯᠳᠤᠭᠤᠯᠬᠤ᠂  ᠰᠤᠷᠭᠠᠨ ᠬᠦᠮᠦᠵᠢᠬᠦᠯᠬᠦ ᠪᠠ ᠰᠢᠳᠭᠡᠨ ᠲᠤᠷᠭᠤᠬᠤ ᠶᠢ ᠤᠶᠠᠯᠳᠤᠭᠤᠯᠬᠤ ᠠᠷᠭ᠎ᠠ ᠪᠠᠷ ᠡᠵᠡᠩᠨᠡᠭᠴᠢᠳ ᠲᠤ ᠬᠠᠷᠢᠭᠤᠴᠠᠯᠭ᠎ᠠ ᠶᠢᠨ ᠬᠡᠷ᠎ᠡ ᠶᠢᠨ ᠠᠭᠤᠯᠭ᠎ᠠ ᠶᠢ  ᠲᠠᠶᠢᠯᠪᠤᠷᠢᠯᠠᠬᠤ   ᠶᠢᠨ ᠬᠠᠮᠳᠤ᠂ ᠲᠡᠳᠡᠨ   ᠢ ᠱᠠᠭᠠᠷᠳᠠᠨ ᠭᠡᠷ᠎ᠡ ᠶᠢᠨ ᠠᠭᠤᠯᠭ᠎ᠠ ᠶᠢ ᠰᠤᠷᠤᠯᠴᠠᠭᠤᠯᠵᠤ᠂  ᠤᠶᠢᠯᠠᠭᠠᠭᠤᠯᠵᠤ᠂  ᠡᠬᠦᠷᠭᠡ ᠬᠠᠷᠢᠭᠤᠴᠠᠯᠭ᠎ᠠ ᠶᠢ ᠨᠢ ᠲᠠᠨᠢᠭᠤᠯᠤᠨ᠂   ᠦᠵᠡᠯ ᠤᠬᠠᠮᠰᠠᠷ ᠢ  ᠨᠢ ᠲᠡᠭᠡᠭᠰᠢᠯᠡᠬᠦᠯᠦᠭᠰᠡᠨ ᠪᠠᠶᠢᠨ᠎ᠠ  ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号