ᠲᠠᠶᠢᠹᠤᠰᠧ ᠬᠤᠰᠢᠭᠤ  ᠦᠨᠳᠦᠷ ᠬᠡᠪ ᠪᠤᠯᠪᠠᠰᠤᠷᠠᠯ ᠲᠠᠢ ᠺᠠᠳᠠᠷ ᠤᠨ ᠡᠩᠨᠡᠭᠡ ᠶᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-04-10
    ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠺᠠᠳᠠᠷ ᠤᠨ ᠡᠩᠨᠡᠬᠡᠨ ᠤ ᠪᠠᠶᠢᠭᠤᠯᠤᠯᠳᠠ ᠶᠢ  ᠲᠡᠭᠡᠳᠦ ᠬᠡᠮᠵᠢᠶ᠎ᠡ ᠪᠠᠷ ᠬᠦᠨᠳᠦᠳᠭᠡᠨ ᠴᠢᠬᠤᠯᠠᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ  ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ  ᠪᠤᠯᠭᠠᠨ᠂  ᠨᠠᠮ ᠨᠢ  ᠺᠠᠳᠠᠷ ᠢ ᠬᠠᠮᠢᠶᠠᠷᠬᠤ ᠵᠠᠷᠴᠢᠮ ᠢ ᠪᠠᠷᠢᠮᠳᠠᠯᠠᠵᠤ᠂  ᠰᠠᠶᠢᠨ ᠺᠠᠳᠠᠷ ᠤᠨ ᠪᠠᠷᠢᠮᠵᠢᠶ᠎ᠠ ᠶᠢ ᠺᠠᠳᠠᠷ   ᠢ ᠪᠤᠯᠪᠠᠰᠤᠷᠠᠭᠤᠯᠤᠨ ᠬᠦᠮᠦᠵᠢᠬᠦᠯᠬᠦ᠂  ᠰᠢᠯᠢᠨ ᠭᠡᠷᠡᠭᠯᠡᠬᠦ᠂  ᠬᠢᠨᠠᠨ ᠬᠠᠮᠢᠶᠠᠬᠤ ᠡᠯ᠎ᠡ ᠭᠤᠭᠴᠤᠭ᠎ᠠ ᠳᠤ ᠲᠤᠤᠱᠯᠠᠭᠤᠯᠤᠨ᠂  ᠨᠢᠬᠡ ᠪᠦᠯᠦᠭ ᠦᠨᠡᠨᠴᠢ ᠰᠢᠳᠤᠷᠭᠤ  ᠂ ᠠᠷᠢᠭᠤᠨ ᠴᠢᠭᠡᠴᠢ᠂ ᠠᠵᠢᠯ ᠳᠠᠭᠠᠨ ᠴᠢᠷᠮᠠᠶᠢᠯᠳᠠ ᠲᠠᠢ ᠺᠠᠳᠠᠷ ᠢ  ᠢᠯᠡᠷᠡᠬᠦᠯᠵᠦ᠂ ᠬᠦᠮᠦᠵᠢᠬᠦᠯᠵᠦ᠂  ᠭᠡᠷᠡᠭᠯᠡᠵᠦ  ᠪᠠᠶᠢᠨ᠎ᠠ᠃  ᠤᠯᠤᠰ ᠲᠦᠷᠦ ᠶᠢᠨ ᠪᠠᠷᠢᠮᠵᠢᠶ᠎ᠠ ᠶᠢ ᠲᠤᠪᠤᠶᠢᠯᠭᠠᠵᠤ᠂  ᠺᠠᠳᠠᠷ ᠤᠨ ᠡᠩᠨᠡᠬᠡᠨ ᠤ ᠤᠯᠤᠰ ᠲᠦᠷᠦ ᠦᠵᠡᠯ ᠰᠠᠨᠠᠭᠠᠨ ᠤ ᠪᠠᠶᠢᠭᠤᠯᠤᠯᠳᠠ ᠶᠢ ᠬᠦᠴᠦᠯᠡᠨ ᠴᠢᠩᠭᠠᠳᠬᠠᠪᠠ᠃ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠬᠤ ᠶᠢ ᠡᠯ᠎ᠡ ᠱᠠᠳᠤᠨ ᠤ  ᠤᠳᠤᠷᠢᠳᠬᠤ ᠪᠠᠭ  ᠪᠠ ᠺᠠᠳᠠᠷ ᠤᠨ ᠡᠩᠨᠡᠬᠡᠨ ᠤ ᠤᠯᠤᠰ ᠲᠦᠷᠦ ᠦᠵᠡᠯ ᠰᠠᠨᠠᠭᠠᠨ ᠤ ᠪᠠᠶᠢᠭᠤᠯᠤᠯᠳᠠ ᠶᠢ ᠴᠢᠩᠭᠠᠳᠬᠠᠬᠤ  ᠲᠡᠷᠢᠬᠦᠨ ᠴᠢᠬᠤᠯᠠ ᠡᠬᠦᠷᠭᠡ ᠪᠤᠯᠭᠠᠵᠤ᠂  ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ  ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ   ᠶᠢ ᠦᠷᠨᠢᠬᠦᠯᠬᠦ ᠲᠠᠢ ᠤᠶᠠᠯᠳᠤᠭᠤᠯᠤᠨ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠢᠨ ᠲᠤᠳᠤᠷᠠᠬᠢ ᠴᠢᠬᠤᠯᠠ ᠶᠠᠪᠤᠳᠠᠯ ᠪᠤᠯᠭᠠᠨ᠂  ᠡᠯ᠎ᠡ ᠱᠠᠳᠤᠨ ᠤ ᠤᠳᠤᠷᠢᠳᠬᠤ ᠪᠠᠭ ᠪᠠ ᠦᠷᠭᠡᠨ ᠤᠯᠠᠨ ᠺᠠᠳᠠᠷ ᠢ ᠵᠢᠯᠤᠭᠤᠳᠤᠨ ᠬᠦᠮᠦᠵᠢᠬᠦᠯᠵᠦ  ᠂ ︽ ᠲᠦᠷᠪᠡᠨ ᠤᠬᠠᠮᠰᠠᠷ︾ ᠢ  ᠪᠠᠳᠤᠳᠬᠠᠨ᠂  ︽ᠲᠦᠷᠪᠡᠨ ᠢᠳᠡᠭᠡᠯ︾ ᠢ ᠪᠠᠬᠢᠵᠢᠬᠦᠯᠵᠦ᠂  ᠮᠠᠷᠺᠰ ᠤᠨ ᠦᠵᠡᠯ  ᠤᠨ ᠲᠤᠮᠳᠠᠳᠤ ᠤᠯᠤᠰᠴᠢᠯᠠᠭᠰᠠᠨ ᠬᠠᠮᠤᠭ ᠰᠢᠨ᠎ᠡ ᠦᠷ᠎ᠡ ᠪᠦᠳᠦᠬᠡᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠨ᠂  ᠦᠢᠯᠡᠳᠦᠯᠬᠡ ᠪᠠᠨ ᠵᠢᠯᠤᠭᠤᠳᠤᠭᠤᠯᠵᠤ᠂  ᠠᠵᠢᠯ ᠢᠶᠠᠨ ᠲᠦᠯᠬᠢᠨ ᠠᠬᠢᠭᠤᠯᠵᠤ ᠪᠠᠶᠢᠨ᠎ᠠ᠃ ︽ᠭᠤᠷᠪᠠ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠰᠠᠶᠢᠨ ᠬᠢᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ  ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠵᠡᠷᠭᠡ ᠭᠤᠤᠯᠳᠠᠯᠭᠠᠳᠠᠢ ᠡᠬᠦᠷᠭᠡ ᠶᠢᠨ ᠲᠤᠭᠤᠷᠢᠨ ᠳᠤ᠂  ︽ᠤᠷᠢᠵᠤ ᠤᠷᠤᠭᠤᠯᠬᠤ︾ ᠪᠠ ︽ᠭᠠᠷᠭᠠᠵᠤ ᠰᠤᠷᠤᠯᠴᠠᠭᠤᠯᠬᠤ︾ ᠠᠷᠭ᠎ᠠ ᠪᠠᠷ ᠤᠳᠤᠷᠢᠳᠬᠤ ᠺᠠᠳᠠᠷᠴᠤᠳ ᠢ ᠵᠤᠬᠢᠶᠠᠨ ᠪᠠᠶᠢᠭᠤᠯᠵᠤ ᠡᠯ᠎ᠡ ᠲᠦᠷᠦᠯ ᠤᠨ  ᠪᠤᠯᠪᠠᠰᠤᠷᠠᠯ ᠳᠤ ᠤᠷᠤᠯᠴᠠᠭᠤᠯᠤᠭᠰᠠᠨ ᠪᠠᠶᠢᠨ᠎ᠠ᠃   ᠪᠦᠬᠦ ᠤᠯᠤᠰ  ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠲᠠᠢ ᠬᠤᠯᠪᠤᠭᠠᠯᠠᠨ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ  ᠠᠵᠢᠯ ᠤᠨ ᠪᠤᠯᠪᠠᠰᠤᠷᠠᠯ ᠢ ᠡᠷᠬᠢᠯᠡᠵᠦ᠂  1280 ᠨᠡᠷ᠎ᠡ ︵ᠤᠳᠠᠭ᠎ᠠ︶ ᠰᠠᠯᠠᠭᠠᠨ ᠲᠡᠰ ᠠᠴᠠ ᠲᠡᠭᠡᠭᠰᠢᠬᠢ ᠤᠳᠤᠷᠢᠳᠬᠤ ᠺᠠᠳᠠᠷ ᠪᠤᠯᠪᠠᠰᠤᠷᠠᠯ ᠳᠤ  ᠤᠷᠤᠯᠴᠠᠭᠰᠠᠨ ᠪᠦᠬᠡᠳ  ᠪᠦᠬᠦ ᠬᠤᠰᠢᠭᠤᠨ ᠤ 176 ᠨᠡᠷ᠎ᠡ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠲᠠᠷᠤᠭ᠎ᠠ ᠶᠢ ᠵᠤᠬᠢᠶᠠᠨ ᠪᠠᠶᠢᠭᠤᠯᠵᠤ᠂    ᠪᠠᠶᠠᠨᠨᠠᠭᠤᠷ  ᠂  ᠤᠯᠠᠭᠠᠨᠬᠤᠳᠠ   ᠳᠤ 4 ᠡᠳᠦᠷ ᠤᠨ ᠬᠤᠭᠤᠴᠠᠭ᠎ᠠ ᠲᠠᠢ ᠲᠦᠪᠯᠡᠷᠡᠭᠰᠡᠨ ᠪᠤᠯᠪᠠᠰᠤᠷᠠᠯ  ᠡᠷᠬᠢᠯᠡᠪᠡ᠃  ᠡᠬᠦᠨ ᠤ ᠬᠠᠮᠳᠤ᠂ 1 ᠨᠡᠷ᠎ᠡ  ᠭᠠᠵᠠᠷ ᠤᠨ ᠲᠡᠰ ᠤᠨ ᠤᠳᠤᠷᠢᠳᠬᠤ ᠺᠠᠳᠠᠷ  ᠬᠢᠭᠡᠳ 5 ᠨᠡᠷ᠎ᠡ  ᠲᠡᠳ᠋ ᠰᠠᠯᠠᠭᠠᠨ ᠲᠡᠰ ᠤᠨ ᠺᠠᠳᠠᠷ ᠢ  ᠲᠢᠶᠠᠨᠵᠢᠨ ᠬᠤᠳᠠ ᠬᠢᠭᠡᠳ ᠪᠡᠭᠡᠵᠢᠩ ᠤᠨ ᠴᠠᠩ ᠫᠢᠩ ᠲᠤᠭᠤᠷᠢᠭ ᠲᠤ ᠲᠤᠰᠢᠶᠠᠯ ᠬᠠᠪᠰᠤᠷᠭᠠᠨ ᠠᠵᠢᠯᠯᠠᠭᠤᠯᠵᠤ᠂  ᠤᠳᠤᠷᠢᠳᠬᠤ ᠺᠠᠳᠠᠷ ᠤᠨ ᠰᠢᠨ᠎ᠡ ᠴᠠᠭ ᠦᠶ᠎ᠡ ᠳᠤ ᠵᠤᠬᠢᠴᠠᠵᠤ᠂ ᠰᠢᠨ᠎ᠡ ᠡᠬᠦᠷᠭᠡ ᠬᠠᠷᠠᠯᠳᠠ ᠶᠢ ᠪᠡᠶᠡᠯᠡᠬᠦᠯᠬᠦ ᠬᠢᠷᠢ ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠲᠤᠰ ᠬᠤᠰᠢᠭᠤ ᠨᠢ ᠡᠳᠦᠷ ᠲᠤᠳᠤᠮ ᠤᠨ ᠬᠢᠨᠠᠨ ᠪᠠᠶᠢᠴᠠᠭᠠᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠵᠢᠯ ᠤᠨ ᠬᠢᠨᠠᠨ ᠰᠢᠯᠭᠠᠨᠯᠳᠠ ᠶᠠᠳᠠᠭᠤ ᠶᠢ ᠳᠡᠳᠬᠦᠬᠦ ᠠᠵᠢᠯ ᠤᠨ ᠬᠢᠨᠠᠨ ᠰᠢᠯᠭᠠᠯᠳᠠ᠂  ᠰᠡᠳᠬᠢᠯ ᠢᠶᠠᠨ ᠰᠤᠯᠢᠯᠴᠠᠬᠤ ᠵᠡᠷᠭᠡ ᠠᠷᠭ᠎ᠠ ᠭᠡᠯᠪᠡᠷᠢ ᠶᠢ ᠶᠡᠷᠦᠩᠬᠡᠶᠢᠯᠡᠨ ᠭᠡᠷᠡᠭᠯᠡᠵᠦ᠂  ᠺᠠᠳᠠᠷ ᠤᠨ  ᠡᠩ ᠤᠨ ᠴᠠᠭ ᠤᠨ ᠢᠯᠡᠷᠡᠯ ᠢ  ᠪᠠᠶᠢᠩᠭᠤ ᠤᠶᠢᠯᠠᠭᠠᠨ  ᠡᠵᠡᠮᠰᠢᠵᠡᠢ᠃    ᠴᠢᠩᠭ᠎ᠠ  ᠬᠠᠮᠢᠶᠠᠷᠤᠯᠳᠠ ᠪᠠ ᠬᠠᠶᠢᠷ᠎ᠠ ᠬᠠᠯᠠᠮᠵᠢ ᠶᠢ ᠤᠶᠠᠯᠳᠤᠭᠤᠯᠬᠤ᠂   ᠤᠷᠮᠠᠰᠢᠭᠤᠯᠤᠯ ᠪᠠ ᠬᠢᠵᠠᠭᠠᠷᠯᠠᠯ ᠢ ᠤᠶᠠᠯᠳᠤᠭᠤᠯᠬᠤ ᠱᠠᠭᠠᠷᠳᠠᠯᠭ᠎ᠠ ᠶᠤᠰᠤᠭᠠᠷ᠂ ᠤᠯᠤᠰ ᠲᠦᠷᠦ ᠶᠢᠨ ᠬᠦᠮᠦᠵᠢᠯ᠂  ᠦᠵᠡᠯ ᠰᠠᠨᠠᠭᠠᠨ ᠤ ᠵᠢᠯᠤᠭᠤᠳᠤᠮᠵᠢ᠂  ᠬᠦᠮᠦᠨ ᠭᠡᠷᠡᠭᠯᠡᠬᠦ ᠬᠠᠨᠳᠤᠯᠭ᠎ᠠ  ᠂  ᠰᠢᠯᠭᠠᠨ  ᠪᠠᠶᠢᠴᠠᠭᠠᠬᠤ᠂ ᠠᠯᠳᠠᠭ᠎ᠠ ᠶᠢ ᠠᠭᠤᠴᠢᠯᠠᠬᠤ ᠪᠠ ᠵᠠᠯᠠᠷᠠᠭᠤᠯᠬᠤ᠂ ᠲᠠᠪᠳᠠᠨ ᠪᠤᠯᠪᠠᠰᠤᠷᠠᠭᠤᠯᠬᠤ᠂  ᠬᠠᠶᠢᠷᠠᠯᠠᠨ ᠬᠠᠯᠠᠮᠵᠢᠯᠠᠬᠤ ᠵᠡᠷᠭᠡ ᠡᠯ᠎ᠡ ᠭᠤᠭᠴᠤᠭ᠎ᠠ ᠶᠢ ᠨᠡᠪᠳᠡᠷᠡᠬᠦᠯᠵᠦ᠂   ᠺᠠᠳᠠᠷᠴᠤᠳ ᠤᠨ ᠬᠠᠷᠢᠭᠤᠴᠠᠯᠭ᠎ᠠ ᠡᠬᠦᠷᠭᠡᠯᠡᠵᠦ ᠠᠵᠢᠯ ᠬᠢᠬᠦ ᠶᠢ ᠴᠢᠩᠭᠠᠳᠬᠠᠪᠠ᠃  2017 ᠤᠨ ᠠᠴᠠ ᠨᠠᠰᠢ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠮᠳᠠ ᠲᠤᠪᠤᠶᠢᠮ᠎ᠠ ᠠᠮᠵᠢᠯᠳᠠ ᠭᠠᠷᠭᠠᠭᠰᠠᠨ 3 ᠨᠡᠷ᠎ᠡ ᠲᠡᠳ᠋ ᠰᠠᠯᠠᠭᠠᠨ ᠲᠡᠰ ᠤᠨ ᠺᠠᠳᠠᠷ ᠪᠠ  1 ᠨᠡᠷ᠎ᠡ ᠵᠢᠩᠬᠢᠨᠢ ᠰᠠᠯᠠᠭᠠᠨ ᠲᠡᠰ ᠤᠨ ᠺᠠᠳᠠᠷ ᠢ ᠲᠡᠪᠰᠢᠬᠦᠯᠦᠨ ᠭᠡᠷᠡᠭᠯᠡᠵᠦ᠂ 11 ᠨᠡᠷ᠎ᠡ ᠠᠵᠢᠯᠯᠠᠬᠤ ᠠᠩᠬᠢ ᠶᠢᠨ ᠲᠠᠷᠤᠭ᠎ᠠ  ᠵᠢᠯ ᠤᠨ ᠡᠴᠦᠰ ᠤᠨ ᠬᠢᠨᠠᠨ ᠰᠢᠯᠭᠠᠯᠳᠠ ᠳᠤ ᠰᠢᠯᠢᠳᠡᠭ ᠢᠶᠠᠷ ᠰᠢᠯᠭᠠᠷᠠᠵᠤ ᠂  ᠺᠠᠳᠠᠷᠴᠤᠳ ᠤᠨ ᠠᠵᠢᠯ ᠬᠢᠵᠦ ᠦᠢᠯᠡᠰ ᠪᠦᠳᠦᠬᠡᠬᠦ ᠢᠳᠡᠭᠡᠯ ᠵᠤᠷᠢᠭ ᠢ ᠶᠡᠭᠡ ᠪᠠᠷ ᠲᠠᠶᠢᠴᠢᠯᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号