ᠲᠠᠶᠢᠹᠤᠰᠧ ᠬᠤᠰᠢᠭᠤ ︽ᠡᠬᠦᠰᠬᠦ ᠠᠴᠠ ᠨᠢ ᠡᠮᠦᠨ᠎ᠡ ᠤᠷᠢᠳᠴᠢᠯᠠᠨ ᠰᠡᠷᠭᠡᠶᠢᠯᠡᠬᠦ︾ ᠤᠶᠢᠯᠠᠭᠠᠳᠠᠬᠤᠨ ᠢ | ᠪᠠᠷᠢᠮᠳᠠᠯᠠᠨ᠂ ᠡᠷᠳᠡ ᠠᠴᠠ ᠪᠡᠯᠡᠳᠭᠡᠵᠦ᠂ ᠪᠤᠯᠪᠠᠰᠤᠷᠠᠯ ᠢ ᠴᠢᠬᠤᠯᠠᠴᠢᠯᠠᠨ᠂ ᠤᠬᠠᠭᠤᠯᠭ᠎ᠠ ᠶᠢ ᠲᠡᠯᠭᠡᠷᠡᠬᠦᠯᠵᠦ᠂ | ᠬᠠᠮᠢᠶᠠᠷᠤᠯᠳᠠ ᠶᠢ ᠴᠢᠩᠭᠠᠳᠬᠠᠨ᠂ ᠨᠠᠶᠢᠳᠠᠪᠤᠷᠢᠵᠢᠭᠤᠯᠤᠯᠳᠠ ᠶᠢ ᠠᠳᠬᠤᠵᠤ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ | ᠠᠵᠢᠯ ᠢ ᠰᠠᠶᠢᠨ ᠬᠢᠬᠦ ᠪᠠᠷ ᠪᠦᠬᠦ ᠬᠦᠴᠦᠨ ᠢᠶᠠᠷ ᠴᠢᠷᠮᠠᠶᠢᠵᠤ ᠪᠠᠶᠢᠨ᠎ᠠ᠃ | | ᠲᠤᠰ ᠬᠤᠰᠢᠭᠤ ᠨᠢ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠢ ᠲᠤᠬᠢᠷᠠᠭᠤᠯᠤᠨ | ᠲᠡᠬᠦᠯᠳᠡᠷᠵᠢᠬᠦᠯᠵᠦ᠂ ᠬᠠᠷᠢᠭᠤᠴᠠᠯᠭ᠎ᠠ ᠶᠢᠨ ᠭᠤᠤᠯ ᠴᠤᠭᠴᠠ ᠶᠢ ᠲᠤᠳᠤᠷᠬᠠᠶᠢᠯᠠᠨ᠂ ᠬᠤᠰᠢᠭᠤ᠂ ᠰᠤᠮᠤ᠂ ᠭᠠᠴᠠᠭ᠎ᠠ | ᠭᠤᠷᠪᠠᠨ ᠱᠠᠳᠤᠨ ᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠩᠬᠢ ᠶᠢ ᠪᠠᠶᠢᠭᠤᠯᠤᠨ᠂ ᠡᠬᠦᠷᠭᠡ ᠬᠠᠷᠢᠭᠤᠴᠠᠯᠭ᠎ᠠ ᠶᠢ | ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢᠨ ᠬᠠᠮᠳᠤ᠂ 24 ᠴᠠᠭ ᠢᠶᠠᠷ ᠵᠢᠵᠢᠬᠦᠷᠯᠡᠬᠦ ᠪᠠ ᠤᠳᠤᠷᠢᠳᠤᠯᠭ᠎ᠠ | ᠲᠠᠭᠠᠭᠤᠯᠤᠨ ᠵᠢᠵᠢᠬᠦᠷᠯᠡᠬᠦ ᠲᠦᠷᠢᠮ ᠢ ᠴᠢᠩᠭ᠎ᠠ ᠭᠡᠷᠡᠭᠵᠢᠬᠦᠯᠵᠦ᠂ ᠭᠠᠯ ᠲᠦᠢᠮᠡᠷ ᠤᠨ ᠮᠡᠳᠡᠭᠡ ᠵᠠᠩᠬᠢ ᠶᠢ ᠴᠠᠭ ᠲᠤᠬᠠᠢ | ᠳᠤᠨᠢ ᠤᠯᠠᠮᠵᠢᠯᠠᠨ ᠲᠠᠮᠵᠢᠭᠤᠯᠵᠤ᠂ ︽ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠪᠦᠬᠦ ᠬᠦᠴᠦᠨ ᠢᠶᠠᠷ ᠠᠳᠬᠤᠬᠤ᠂ ᠤᠳᠤᠷᠢᠳᠬᠤ ᠪᠠᠭ ᠤᠨ ᠭᠡᠰᠢᠬᠦᠳ ᠬᠠᠮᠵᠢᠯᠴᠠᠨ ᠠᠳᠬᠤᠬᠤ᠂ ᠺᠠᠳᠠᠷ | ᠤᠯᠠᠨ ᠲᠦᠮᠡᠨ ᠬᠠᠮᠳᠤ ᠳᠠᠭᠠᠨ ᠠᠳᠬᠤᠬᠤ︾ ᠠᠵᠢᠯ ᠤᠨ ᠬᠡᠪ ᠪᠠᠶᠢᠳᠠᠯ ᠢ ᠪᠤᠢ ᠪᠤᠯᠭᠠᠵᠠᠢ᠃ | | ᠶᠡᠭᠡ ᠪᠠᠭ᠎ᠠ ᠬᠡᠯᠪᠡᠷᠢ ᠶᠢᠨ ᠭᠠᠯ ᠤᠨᠳᠠᠷᠠᠭᠠᠬᠤ ᠮᠠᠰᠢᠨ ᠲᠦᠬᠦᠭᠡᠷᠦᠮᠵᠢ 40 ᠰᠠᠤᠷᠢ ᠶᠢ ᠪᠡᠯᠡᠳᠭᠡᠵᠦ᠂ ᠭᠠᠯ | ᠤᠨᠳᠠᠷᠠᠭᠠᠬᠤ ᠪᠡᠯᠡᠳᠭᠡᠯ ᠢ ᠰᠠᠶᠢᠨ ᠬᠢᠭᠰᠡᠨ ᠤ ᠬᠠᠮᠳᠤ᠂ ᠭᠠᠯ ᠤᠨ ᠠᠶᠤᠯ ᠤᠨ ᠲᠠᠯᠳᠠ ᠭᠡᠮ ᠢ ᠪᠠᠶᠢᠴᠠᠭᠠᠨ ᠠᠷᠢᠯᠭᠠᠬᠤ᠂ | ᠭᠠᠯ ᠤᠨᠳᠠᠷᠠᠭᠠᠬᠤ ᠪᠠᠭᠠᠵᠢ ᠲᠦᠬᠦᠭᠡᠷᠦᠮᠵᠢ ᠶᠢ ᠰᠡᠯᠪᠢᠨ ᠵᠠᠰᠠᠬᠤ ᠠᠵᠢᠯ ᠢ ᠦᠷᠨᠢᠬᠦᠯᠦᠨ᠂ ᠭᠠᠯ ᠰᠡᠷᠭᠡᠶᠢᠯᠡᠵᠦ ᠭᠠᠯ | ᠤᠨᠳᠠᠷᠠᠭᠠᠬᠤ ᠠᠩᠬᠢ ᠶᠢᠨ ᠰᠤᠷᠢᠯᠳᠠ ᠪᠤᠯᠪᠠᠰᠤᠷᠠᠯ ᠢ ᠴᠢᠩᠭᠠᠳᠬᠠᠵᠤ᠂ ᠭᠠᠯ ᠭᠠᠷᠪᠠᠯ ᠲᠤᠤᠷ᠎ᠠ ᠨᠢ ᠤᠨᠳᠠᠷᠠᠭᠠᠬᠤ ᠲᠠᠶᠢᠨ | ᠤ ᠪᠡᠯᠡᠳᠭᠡᠯ ᠢ ᠬᠢᠭᠰᠡᠨ ᠪᠠᠶᠢᠨ᠎ᠠ᠃ ᠡᠬᠦᠨ ᠤ ᠬᠠᠮᠳᠤ᠂ ᠨᠤᠳᠤᠭ ᠪᠡᠯᠴᠢᠭᠡᠷ ᠤᠢ ᠰᠢᠭᠤᠢ ᠶᠢᠨ ᠭᠠᠯ ᠲᠦᠢᠮᠡᠷ ᠢ | ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠢᠳᠡᠪᠬᠢᠳᠡᠢ ᠦᠷᠨᠢᠬᠦᠯᠵᠦ᠂ ᠷᠠᠳᠢᠤ᠋ ᠂ ᠲᠧᠯᠸᠢᠰ᠂ ᠰᠦᠯᠵᠢᠶ᠎ᠡ ᠬᠢᠭᠡᠳ | ᠤᠷᠢᠶ᠎ᠠ ᠨᠠᠭᠠᠬᠤ᠂ ᠫᠠᠶᠢᠰᠠ ᠪᠤᠰᠬᠠᠬᠤ᠂ ᠲᠤᠭ ᠬᠠᠳᠬᠤᠬᠤ᠂ ᠬᠠᠭᠤᠳᠠᠰᠤ ᠲᠠᠷᠬᠠᠭᠠᠬᠤ ᠵᠡᠷᠭᠡ ᠤᠯᠠᠨ ᠵᠦᠢᠯ ᠤᠨ | ᠠᠷᠭ᠎ᠠ ᠬᠡᠯᠪᠡᠷᠢ ᠪᠠᠷ ᠤᠬᠠᠭᠤᠯᠭ᠎ᠠ ᠬᠢᠵᠦ᠂ ᠭᠠᠯ ᠰᠡᠷᠭᠡᠶᠢᠯᠡᠬᠦ ᠮᠡᠳᠡᠯᠬᠡ ᠶᠢ ᠭᠠᠴᠠᠭ᠎ᠠ ᠲᠤᠰᠬᠤᠨ᠂ ᠠᠶᠢᠯ ᠡᠷᠦᠬᠡ | ᠨᠢᠬᠡᠪᠦᠷᠢ ᠳᠤ ᠬᠦᠷᠭᠡᠭᠰᠡᠨ ᠪᠠᠶᠢᠨ᠎ᠠ᠃ |