ᠲᠠᠶᠢᠹᠤᠰᠧ ᠬᠤᠰᠢᠭᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠰᠠᠭᠤᠷᠢ ᠶᠢ  ᠪᠠᠬᠢᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2019-04-14
   2018 ᠤᠨ ᠳᠤ᠂ ᠲᠠᠶᠢᠹᠤᠰᠧ ᠬᠤᠰᠢᠭᠤ  ︽3+ 3︾ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠤᠭᠳᠠᠴᠠ ᠶᠢ ᠬᠦᠨᠵᠡᠬᠡᠢ ᠭᠡᠷᠡᠭᠵᠢᠬᠦᠯᠦᠨ᠂  ᠶᠠᠳᠠᠭᠤ ᠶᠢ ᠳᠡᠳᠬᠦᠬᠦ ᠠᠵᠤ ᠠᠬᠤᠶᠢᠯᠠᠯ ᠤᠳ ᠨᠢ ᠪᠦᠬᠦᠨ ᠢᠶᠠᠷ  ᠢᠶᠠᠨ ᠶᠠᠳᠠᠭᠤ ᠶᠢ ᠲᠡᠳᠬᠦᠬᠦ ᠠᠮᠠᠯᠠᠯᠳᠠ ᠬᠢᠵᠦ᠂ ᠮᠢᠬᠠᠨ ᠤ ᠦᠬᠡᠷ ᠬᠤᠨᠢ ᠨᠠᠶᠢᠳᠠᠵᠤ ᠮᠠᠯᠵᠢᠬᠤ᠂   ︽ᠨᠢᠬᠡ ᠮᠤ᠋ ᠲᠦᠮᠦᠰᠦ ᠲᠠᠷᠢᠵᠤ᠂ ᠬᠤᠶᠠᠷ ᠲᠤᠯᠤᠭᠠᠢ ᠭᠠᠭ᠋ᠠᠢ ᠮᠠᠯᠵᠢᠬᠤ︾ ᠵᠡᠷᠭᠡ ᠲᠦᠷᠦᠯ ᠵᠦᠢᠯ ᠢᠶᠠᠷ 1778 ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠨ᠂ ᠡᠷᠦᠬᠡ ᠲᠤᠮᠳᠠᠴᠢ ᠶᠢᠨ ᠤᠷᠤᠯᠭ᠎ᠠ   ᠶᠢ 300 ᠲᠦᠬᠦᠷᠢᠭ ᠢᠯᠡᠬᠦᠦ ᠨᠡᠮᠡᠭᠳᠡᠬᠦᠯᠦᠭᠰᠡᠨ ᠪᠠᠶᠢᠨ᠎ᠠ᠃  2019 ᠤᠨ ᠳᠤ᠂ ᠲᠤᠰ ᠬᠤᠰᠢᠭᠤ ᠨᠢ  ᠶᠠᠳᠠᠭᠤ ᠶᠢ ᠳᠡᠳᠬᠦᠬᠦ ᠲᠤᠭᠳᠠᠴᠠ ᠶᠢ ᠤᠯᠠᠮ ᠨᠢᠬᠡ ᠠᠯᠬᠤᠮ  ᠨᠠᠷᠢᠯᠢᠬᠵᠢᠭᠤᠯᠵᠤ᠂  ᠵᠦᠩ ᠰᠢᠤᠢ ᠷᠦᠩ ᠲᠠᠢ᠂  ᠳ᠋ᠦ᠋ ᠮᠧᠩ᠂ ᠳ᠋ᠧᠩ ᠴᠢᠩ ᠶᠤᠸᠠᠨ᠂ ᠹᠦ᠋ ᠱᠧᠩ᠂  ᠪᠠᠢ ᠬᠤᠢ ᠱᠧᠩ᠂  ᠲᠠᠯ᠎ᠠ ᠨᠤᠳᠤᠭ᠂ ᠬᠤᠩ ᠵᠢᠩ ᠶᠤᠸᠠᠨ ᠵᠡᠷᠭᠡ 14 ᠠᠵᠤ ᠠᠬᠤᠶᠢᠯᠠᠯ   ᠳᠤ ᠲᠦᠰᠢᠭᠯᠡᠨ᠂  ︽ ᠲᠠᠷᠢᠶᠠᠯᠠᠩ ᠤᠨ ᠬᠦᠭᠵᠢᠬᠦᠯᠦᠯᠳᠡ ᠶᠢᠨ ᠺᠤᠮᠫᠠᠨᠢ ᠬᠤᠪᠢ ᠤᠷᠤᠬᠤ᠂  ᠲᠤᠯᠤᠭᠠᠶᠢᠯᠠᠭᠴᠢ ᠠᠵᠤ ᠠᠬᠤᠶᠢᠯᠠᠯ ᠡᠵᠡᠩᠨᠡᠬᠦ᠂  ᠶᠠᠳᠠᠭᠤ ᠬᠦᠴᠢᠷᠳᠡᠯᠳᠡᠢ ᠡᠷᠦᠬᠡ ᠳᠤ ᠠᠰᠢᠭ ᠬᠤᠪᠢᠶᠠᠬᠤ︾  ᠂  ︽ᠲᠤᠯᠤᠭᠠᠶᠢᠯᠠᠭᠴᠢ ᠠᠵᠤ ᠠᠬᠤᠶᠢᠯᠠᠯ ᠡᠵᠡᠩᠨᠡᠬᠦ +  ᠶᠠᠳᠠᠭᠤ ᠬᠦᠴᠢᠷᠳᠡᠯᠳᠡᠢ ᠡᠷᠦᠬᠡ︾ ᠵᠡᠷᠭᠡ ᠤᠯᠠᠨ ᠵᠦᠢᠯ ᠤᠨ ᠬᠡᠯᠪᠡᠷᠢ ᠪᠠᠷ  ᠶᠠᠳᠠᠭᠤ ᠶᠢ ᠳᠡᠳᠬᠦᠬᠦ ᠠᠵᠤ ᠦᠢᠯᠡᠰ ᠢ ᠬᠦᠭᠵᠢᠬᠦᠯᠬᠦ ᠶᠢ ᠠᠩᠬᠠᠷᠤᠨ᠂  ᠦᠢᠯᠡᠳᠪᠦᠷᠢᠯᠡᠯ ᠪᠤᠷᠤᠯᠠᠭᠤᠯᠭ᠎ᠠ ᠰᠠᠯᠤᠩᠬᠢᠷᠠᠬᠤ᠂   ᠲᠦᠭᠰᠢᠬᠦᠷᠢ ᠶᠢᠨ ᠪᠠᠳᠤᠯᠠᠭ᠎ᠠ  ᠬᠦᠷᠦᠯᠴᠡᠬᠦ ᠦᠬᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠶᠠᠳᠠᠭᠤ ᠬᠦᠴᠢᠷᠳᠡᠯᠳᠡᠢ ᠬᠦᠮᠦᠨ ᠠᠮᠠ   ᠶᠢᠨ ᠤᠷᠤᠯᠴᠠᠬᠤ ᠨᠤᠷᠮ᠎ᠠ ᠪᠠ ᠰᠢᠭᠤᠳ ᠠᠰᠢᠭ ᠬᠦᠷᠳᠡᠬᠦ ᠨᠤᠷᠮ᠎ᠠ ᠶᠢ ᠲᠡᠭᠡᠭᠰᠢᠯᠡᠬᠦᠯᠦᠨ᠂  ᠲᠠᠷᠢᠶᠠᠯᠠᠩ ᠮᠠᠯᠵᠢᠯ ᠳᠤ ᠬᠤᠯᠪᠤᠭᠤᠳᠠᠭᠰᠠᠨ ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠶᠠᠳᠠᠭᠤ ᠬᠦᠴᠢᠷᠳᠡᠯᠳᠡᠢ ᠡᠷᠦᠬᠡ ᠶᠢᠨ ᠠᠰᠢᠭ ᠲᠤᠰᠠ ᠶᠢᠨ ᠬᠤᠯᠪᠤᠭᠠᠯᠠᠯ ᠤᠨ ᠲᠤᠭᠳᠠᠴᠠ ᠶᠢ ᠵᠠᠪᠰᠠᠷ ᠦᠬᠡᠢ ᠵᠤᠯᠭᠠᠭᠤᠯᠵᠤ ᠪᠤᠢ  ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号