ᠲᠠᠶᠢᠹᠤᠰᠧ ᠬᠤᠰᠢᠭᠤ ᠬᠠᠤᠯᠢ ᠲᠦᠭᠡᠮᠡᠯᠵᠢᠬᠦᠯᠬᠦ ᠠᠵᠢᠯ ᠤᠨ ᠬᠤᠯᠪᠤᠭᠠᠳᠤ ᠬᠤᠷᠠᠯ ᠤᠨ ᠲᠦᠷᠢᠮ ᠢ  ᠪᠠᠶᠢᠭᠤᠯᠪᠠ
ᠨᠡᠶᠢᠲᠡᠯᠡᠭᠰᠡᠨ ᠴᠠᠭ᠄
2019-04-17
     ᠬᠠᠤᠯᠢ ᠲᠦᠭᠡᠮᠡᠯᠵᠢᠬᠦᠯᠬᠦ ᠠᠵᠢᠯ   ᠢ ᠵᠤᠬᠢᠶᠠᠨ ᠪᠠᠶᠢᠭᠤᠯᠵᠤ ᠤᠳᠤᠷᠢᠳᠬᠤ ᠪᠠ ᠨᠢᠬᠡᠳᠦᠯᠳᠡᠢ  ᠲᠦᠯᠦᠪᠯᠡᠵᠦ ᠵᠤᠬᠢᠴᠠᠭᠤᠯᠬᠤ ᠠᠵᠢᠯ ᠢ ᠤᠯᠠᠮ ᠨᠢᠬᠡ ᠠᠯᠬᠤᠮ  ᠴᠢᠩᠭᠠᠳᠬᠠᠬᠤ ᠶᠢᠨ ᠲᠦᠯᠦᠬᠡ᠂  ᠤᠶᠢᠷ᠎ᠠ ᠳᠤ ᠲᠠᠶᠢᠹᠤᠰᠧ ᠬᠤᠰᠢᠭᠤ ︽ᠲᠠᠶᠢᠹᠤᠰᠧ ᠬᠤᠰᠢᠭᠤᠨ ᠤ ᠬᠠᠤᠯᠢ ᠲᠦᠭᠡᠮᠡᠯᠵᠢᠬᠦᠯᠬᠦ ᠠᠵᠢᠯ ᠤᠨ ᠬᠤᠯᠪᠤᠭᠠᠳᠤ ᠬᠤᠷᠠᠯ ᠤᠨ ᠲᠦᠷᠢᠮ  ᠢ ᠪᠠᠶᠢᠭᠤᠯᠬᠤ ᠲᠤᠬᠠᠢ ᠮᠡᠳᠡᠭᠳᠡᠯ︾ ᠲᠠᠷᠬᠠᠭᠠᠵᠤ᠂  ︽ ᠲᠦᠷᠪᠡᠨ ᠲᠤᠳᠤᠷᠬᠠᠶᠢᠯᠠᠯ︾   ᠢᠶᠠᠷ ᠬᠠᠤᠯᠢ ᠲᠦᠭᠡᠮᠡᠯᠵᠢᠬᠦᠯᠬᠦ ᠠᠵᠢᠯ ᠤᠨ ᠵᠤᠬᠢᠶᠠᠨ  ᠵᠤᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠴᠢᠩᠭᠠᠳᠬᠠᠨ᠂  ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠶᠢ ᠲᠤᠪᠤᠶᠢᠯᠭᠠᠵᠤ᠂ ᠬᠠᠤᠯᠢ ᠲᠦᠭᠡᠮᠡᠯᠵᠢᠬᠦᠯᠬᠦ ᠠᠵᠢᠯ ᠤᠨ ᠬᠦᠭᠵᠢᠯᠳᠡ ᠶᠢ  ᠠᠬᠢᠭᠤᠯᠵᠤ ᠪᠠᠶᠢᠨ᠎ᠠ᠃      ᠨᠢᠬᠡ ᠳᠤ᠂ ᠭᠤᠤᠯ ᠪᠤᠯᠬᠤ ᠡᠬᠦᠷᠭᠡ ᠴᠢᠳᠠᠮᠵᠢ ᠶᠢ ᠲᠤᠳᠤᠷᠬᠠᠶᠢᠯᠠᠪᠠ᠃ ᠬᠤᠯᠪᠤᠭᠠᠳᠤ ᠬᠤᠷᠠᠯ ᠨᠢ ᠬᠤᠰᠢᠭᠤ ᠨᠠᠮ ᠵᠠᠰᠠᠭ ᠤᠨ ᠤᠳᠤᠷᠢᠳᠤᠯᠭ᠎ᠠ ᠲᠤᠤᠷ᠎ᠠ ᠪᠦᠬᠦ ᠬᠤᠰᠢᠭᠤᠨ ᠤ ᠬᠠᠤᠯᠢ ᠲᠦᠭᠡᠮᠡᠯᠵᠢᠬᠦᠯᠬᠦ ᠠᠵᠢᠯ ᠢ ᠵᠤᠬᠢᠶᠠᠨ ᠪᠠᠶᠢᠭᠤᠯᠵᠤ᠂  ᠵᠤᠬᠢᠴᠠᠭᠤᠯᠭ᠎ᠠ ᠬᠢᠬᠦ ᠪᠠ ᠵᠢᠭᠠᠨ ᠵᠢᠯᠤᠭᠤᠳᠴᠤ᠂ ᠪᠦᠬᠦ ᠬᠤᠰᠢᠭᠤᠨ ᠤ ᠬᠠᠤᠯᠢ ᠲᠦᠭᠡᠮᠡᠯᠵᠢᠬᠦᠯᠬᠦ ᠠᠵᠢᠯ ᠤᠨ ᠲᠠᠪᠤᠨ ᠵᠢᠯ ᠤᠨ ᠲᠦᠯᠦᠪᠵᠢᠬᠦᠯᠬᠡ ᠬᠢᠭᠡᠳ ᠵᠢᠯ ᠤᠨ ᠠᠵᠢᠯ ᠤᠨ ᠲᠦᠯᠦᠪᠯᠡᠭᠡ ᠶᠢ ᠬᠢᠨᠠᠨ  ᠵᠦᠪᠯᠡᠬᠦ  ᠶᠢᠨ ᠬᠠᠮᠳᠤ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠪᠦᠬᠦ ᠬᠤᠰᠢᠭᠤᠨ ᠤ ᠬᠠᠤᠯᠢ ᠲᠦᠭᠡᠮᠡᠯᠵᠢᠬᠦᠯᠬᠦ ᠠᠵᠢᠯ ᠤᠨ ᠲᠤᠮᠳᠠᠬᠢ ᠴᠢᠬᠤᠯᠠ  ᠶᠡᠭᠡ ᠭᠡᠷᠡᠭ ᠶᠠᠪᠤᠳᠠᠯ ᠪᠠ ᠵᠦᠪᠯᠡᠬᠦ ᠰᠡᠳᠦᠪ   ᠲᠤ ᠪᠠᠶᠢᠴᠠᠭᠠᠨ ᠰᠤᠳᠤᠯᠤᠯᠳᠠ ᠬᠢᠵᠦ᠂ ᠲᠡᠷᠢᠬᠦᠨ ᠤ ᠠᠷᠭ᠎ᠠ ᠲᠤᠷᠰᠢᠯᠭ᠎ᠠ ᠶᠢ ᠳ᠋ᠦᠩᠨᠡᠨ ᠲᠡᠯᠭᠡᠷᠡᠬᠦᠯᠵᠦ᠂  ᠬᠤᠰᠢᠭᠤ ᠨᠠᠮ ᠵᠠᠰᠠᠭ   ᠤᠨ ᠬᠠᠤᠯᠢ ᠲᠦᠭᠡᠮᠡᠯᠵᠢᠬᠦᠯᠬᠦ ᠠᠵᠢᠯ ᠢ ᠴᠢᠩᠭᠠᠳᠬᠠᠬᠤ ᠳᠤ ᠰᠠᠨᠠᠯ ᠵᠦᠪᠯᠡᠯᠬᠡ ᠲᠤᠷᠠᠳᠤᠨ᠂  ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠠᠤᠯᠢ ᠰᠤᠷᠴᠤ ᠬᠠᠤᠯᠢ  ᠭᠡᠷᠡᠭᠯᠡᠬᠦ ᠠᠵᠢᠯ ᠳᠤ ᠪᠠᠶᠢᠷᠢᠯᠠᠭᠤᠯᠤᠯᠳᠠ ᠪᠠ ᠪᠠᠶᠢᠴᠠᠭᠠᠯᠳᠠ ᠬᠢᠵᠦ᠂  ᠬᠠᠤᠯᠢ ᠶᠤᠰᠤᠭᠠᠷ ᠵᠠᠰᠠᠭ ᠪᠠᠷᠢᠬᠤ᠂  ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠤᠰᠤᠭᠠᠷ  ᠵᠠᠰᠠᠯᠳᠠ ᠬᠢᠬᠦ   ᠶᠢ ᠲᠦᠯᠬᠢᠨ ᠠᠬᠢᠭᠤᠯᠵᠤ ᠪᠠᠶᠢᠨ᠎ᠠ᠃  ᠬᠤᠶᠠᠷ ᠲᠤ᠂  ᠭᠡᠰᠢᠬᠦᠨ ᠨᠢᠬᠡᠴᠡ ᠶᠢ ᠲᠤᠳᠤᠷᠬᠠᠶᠢᠯᠠᠪᠠ᠃  ᠬᠤᠯᠪᠤᠭᠠᠳᠤ ᠬᠤᠷᠠᠯ ᠨᠢ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠪᠠᠷ ᠲᠠᠷᠤᠭ᠎ᠠ ᠪᠤᠯᠭᠠᠵᠤ᠂  ᠭᠡᠰᠢᠬᠦᠨ ᠨᠢᠬᠡᠴᠡ ᠨᠢ ᠨᠠᠮ ᠤᠨ ᠬᠤᠷᠢᠶᠠᠨ ᠤ ᠠᠯᠪᠠᠨ ᠭᠡᠷ᠂  ᠵᠠᠰᠠᠭ ᠤᠨ ᠤᠷᠳᠤᠨ ᠤ ᠠᠯᠪᠠᠨ ᠭᠡᠷ᠂ ᠵᠤᠬᠢᠶᠠᠨ ᠪᠠᠶᠢᠭᠤᠯᠬᠤ ᠬᠡᠯᠳᠡᠰ᠂  ᠤᠬᠠᠭᠤᠯᠬᠤ ᠬᠡᠯᠳᠡᠰ᠂ ᠬᠠᠤᠯᠢ ᠴᠠᠭᠠᠵᠠ ᠶᠢᠨ ᠲᠤᠪᠴᠢᠶ᠎ᠠ ᠵᠡᠷᠭᠡ  24 ᠰᠠᠯᠠᠭ᠎ᠠ ᠮᠦᠴᠢᠷ ᠢᠶᠠᠷ ᠪᠦᠷᠢᠯᠳᠦᠨ᠂ ᠠᠯᠪᠠᠨ ᠭᠡᠷ ᠢ ᠬᠠᠤᠯᠢ ᠴᠠᠭᠠᠵᠠ ᠶᠢᠨ ᠲᠤᠪᠴᠢᠶ᠎ᠠ  ᠳᠤ ᠲᠤᠬᠢᠷᠠᠭᠤᠯᠵᠤ᠂  ᠬᠤᠯᠪᠤᠭᠠᠳᠤ ᠬᠤᠷᠠᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠵᠠᠢ᠃  ᠭᠤᠷᠪᠠ  ᠳᠤ᠂ ᠠᠵᠢᠯ ᠤᠨ ᠲᠦᠷᠢᠮ ᠢ ᠲᠤᠳᠤᠷᠬᠠᠶᠢᠯᠠᠪᠠ᠃ ᠬᠤᠯᠪᠤᠭᠠᠳᠤ ᠬᠤᠷᠠᠯ ᠨᠢ ᠵᠠᠷᠴᠢᠮ ᠲᠡᠭᠡᠷ᠎ᠡ ᠪᠠᠨ ᠵᠢᠯ ᠪᠦᠷᠢ ᠠᠳᠠᠭ ᠲᠠᠭᠠᠨ ᠨᠢᠬᠡ ᠤᠳᠠᠭ᠎ᠠ  ᠪᠦᠬᠦ ᠬᠡᠰᠢᠬᠦᠳ ᠤᠨ ᠬᠤᠷᠠᠯ ᠢ  ᠬᠤᠷᠠᠯᠳᠤᠭᠤᠯᠵᠤ᠂  ᠬᠤᠰᠢᠭᠤ ᠨᠠᠮ  ᠵᠠᠰᠠᠭ  ᠤᠨ ᠤᠳᠤᠷᠢᠳᠤᠯᠭ᠎ᠠ ᠶᠢᠨ ᠵᠢᠭᠠᠪᠤᠷᠢ  ᠪᠤᠶᠤ ᠠᠵᠢᠯ ᠤᠨ  ᠱᠠᠭᠠᠷᠳᠠᠯᠭ᠎ᠠ ᠶᠢ  ᠦᠨᠳᠦᠰᠦᠯᠡᠵᠦ ᠪᠠᠶᠢᠭᠠᠳ  ᠪᠦᠬᠦ ᠭᠡᠰᠢᠬᠦᠳ ᠤᠨ ᠬᠤᠷᠠᠯ ᠪᠤᠶᠤ ᠭᠡᠰᠡᠭ ᠭᠡᠰᠢᠬᠦᠳ ᠤᠨ ᠬᠤᠷᠠᠯ ᠢ ᠬᠤᠷᠠᠯᠳᠤᠭᠤᠯᠵᠤ ᠪᠤᠯᠤᠨ᠎ᠠ᠃  ᠬᠤᠯᠪᠤᠭᠠᠳᠤ ᠬᠤᠷᠠᠯ ᠨᠢ ᠲᠤᠪᠴᠢ ᠲᠡᠮᠳᠡᠭᠯᠡᠯ ᠤᠨ ᠬᠡᠯᠪᠡᠷᠢ ᠪᠠᠷ ᠬᠤᠷᠠᠯ ᠤᠨ ᠲᠤᠭᠳᠠᠭᠠᠭᠰᠠᠨ ᠤᠴᠢᠷ ᠶᠠᠪᠤᠳᠠᠯ ᠢ ᠲᠤᠳᠤᠷᠬᠠᠶᠢᠯᠠᠨ᠎ᠠ᠃ ᠲᠦᠷᠪᠡ ᠳᠤ᠂ ᠠᠵᠢᠯ ᠤᠨ ᠱᠠᠭᠠᠷᠳᠠᠯᠭ᠎ᠠ ᠶᠢ ᠲᠤᠳᠤᠷᠬᠠᠶᠢᠯᠠᠪᠠ᠃  ᠬᠤᠯᠪᠤᠭᠠᠳᠤ ᠬᠤᠷᠠᠯ ᠨᠢ ᠡᠯ᠎ᠡ ᠭᠡᠰᠢᠬᠦᠨ ᠨᠢᠬᠡᠴᠡ ᠶᠢ ᠱᠠᠭᠠᠷᠳᠠᠨ  ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠬᠠᠮᠢᠶᠠᠳᠠᠢ ᠠᠰᠠᠭᠤᠳᠠᠯ  ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂   ᠬᠤᠯᠪᠤᠭᠠᠳᠤ ᠬᠤᠷᠠᠯ ᠤᠨ  ᠲᠤᠭᠳᠠᠭᠰᠠᠨ ᠵᠦᠢᠯᠡᠰ  ᠪᠠ  ᠬᠠᠤᠯᠢ ᠲᠦᠭᠡᠮᠡᠯᠵᠢᠬᠦᠯᠬᠦ ᠬᠠᠷᠢᠭᠤᠴᠠᠯᠭ᠎ᠠ   ᠶᠢᠨ ᠲᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂  ᠲᠤᠰ ᠨᠢᠬᠡᠴᠡ ᠲᠤᠰ ᠰᠢᠰᠲ᠋ᠧᠮ ᠤᠨ ᠢᠶᠠᠨ   ᠠᠵᠢᠯᠳᠠᠨ ᠤ ᠬᠠᠤᠯᠢ ᠰᠤᠷᠤᠴᠤ ᠬᠠᠤᠯᠢ ᠭᠡᠷᠡᠭᠯᠡᠬᠦ ᠪᠠ ᠬᠠᠤᠯᠢ ᠴᠠᠭᠠᠵᠠ ᠶᠢ ᠤᠬᠠᠭᠤᠯᠤᠨ ᠲᠦᠭᠡᠮᠡᠯᠵᠢᠬᠦᠯᠬᠦ ᠠᠵᠢᠯ ᠢ ᠰᠠᠶᠢᠳᠤᠷ  ᠠᠳᠬᠤᠬᠤ ᠶᠢᠨ ᠬᠠᠮᠳᠤ᠂  ᠬᠠᠷᠢᠴᠠᠭ᠎ᠠ ᠬᠠᠮᠳᠤᠷᠯᠴᠠᠭ᠎ᠠ ᠪᠠᠨ ᠴᠢᠩᠭᠠᠳᠬᠠᠨ ᠂  ᠬᠤᠯᠪᠤᠭᠠᠳᠤ ᠬᠤᠷᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂  ᠦᠷ᠎ᠡ ᠪᠦᠳᠦᠮᠵᠢ ᠲᠠᠢ ᠠᠵᠢᠯ ᠤᠨ  ᠲᠤᠭᠳᠠᠯᠴᠠᠭ᠎ᠠ ᠶᠢ ᠪᠠᠶᠢᠭᠤᠯᠤᠨ᠂  ᠪᠦᠬᠦ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠠᠵᠢᠯ  ᠢ  ᠰᠠᠶᠢᠨ  ᠬᠢᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号