ᠯᠦᠸᠧ ᠬᠤ᠋ ᠽᠠᠢ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ  ᠵᠢᠯᠤᠭᠤᠳᠪᠠ
ᠨᠡᠶᠢᠲᠡᠯᠡᠭᠰᠡᠨ ᠴᠠᠭ᠄
2019-04-17
     4 ᠰᠠᠷ᠎ᠠ ᠶᠢᠨ 9 ᠤ ᠡᠳᠦᠷ᠂   ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ   ᠳᠤ ᠪᠠᠶᠢᠴᠠᠭᠠᠨ ᠰᠤᠳᠤᠯᠤᠯᠳᠠ ᠪᠠ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃   ᠲᠡᠷᠡᠪᠡᠷ ᠭᠠᠴᠠᠭ᠎ᠠ ᠲᠤᠰᠬᠤᠨ  ᠳᠤ ᠬᠦᠷᠴᠦ ᠠᠶᠢᠯ ᠡᠷᠦᠬᠡ ᠪᠠᠷ ᠲᠤᠭᠤᠷᠢᠨ᠂  ᠠᠷᠠᠳ ᠤᠨ ᠠᠮᠢᠳᠤᠷᠠᠯ ᠢ ᠤᠶᠢᠯᠠᠭᠠᠵᠤ᠂  ᠠᠷᠠᠳ ᠲᠦᠮᠡᠨ ᠲᠠᠢ ᠰᠡᠳᠬᠢᠯ   ᠢᠶᠠᠨ  ᠰᠤᠯᠢᠯᠴᠠᠨ᠂ ᠶᠠᠳᠠᠭᠤ ᠠᠴᠠ ᠠᠩᠬᠢᠵᠢᠷᠠᠭᠤ ᠠᠷᠭ᠎ᠠ ᠤᠬᠠᠭᠠᠨ ᠢ ᠵᠦᠪᠯᠡᠨ ᠶᠠᠷᠢᠯᠴᠠᠬᠤ ᠶᠢᠨ ᠬᠠᠮᠳᠤ᠂  ᠲᠠᠶᠢᠹᠤᠰᠧ ᠬᠤᠰᠢᠭᠤ ᠨᠢ ᠪᠦᠬᠦ ᠠᠶᠢᠮᠠᠭ ᠤᠨ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠲᠠᠶᠢᠨ ᠤ ᠲᠠᠯᠠᠪᠤᠷ ᠪᠤᠯᠤᠭᠰᠠᠨ ᠬᠤᠪᠢ ᠳᠤ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ  ᠂ ᠪᠤᠳᠠᠳᠠᠢ  ᠮᠦᠷᠳᠡᠭᠡᠨ ᠤᠨᠤᠪᠴᠢᠳᠠᠢ  ᠠᠳᠬᠤᠨ᠂  ᠶᠠᠳᠠᠭᠤ ᠶᠢ ᠳᠡᠳᠬᠦᠬᠦ ᠲᠦᠷᠦᠯ ᠵᠦᠢᠯ᠂ ᠪᠡᠯᠡ ᠮᠦᠩᠬᠦ᠂ ᠠᠷᠭ᠎ᠠ  ᠪᠤᠳᠤᠯᠭ᠎ᠠ ᠪᠠ ᠬᠦᠴᠦᠨ ᠴᠢᠳᠠᠯ ᠢ  ᠶᠠᠳᠠᠭᠤ  ᠬᠦᠴᠢᠷᠳᠡᠯᠳᠡᠢ ᠤᠯᠠᠨ ᠲᠦᠮᠡᠨ ᠨᠢᠬᠡᠪᠦᠷᠢ ᠶᠢᠨ ᠪᠡᠶ᠎ᠡ ᠲᠡᠭᠡᠷ᠎ᠡ ᠨᠠᠷᠢᠯᠢᠭ ᠤᠨᠤᠪᠴᠢᠳᠠᠢ ᠨᠠᠶᠢᠳᠠᠪᠤᠷᠢᠵᠢᠭᠤᠯᠵᠤ᠂  ᠦᠨᠡᠨ ᠬᠦ᠋ ᠤᠨᠢᠨ ᠲᠡᠭᠡᠷ᠎ᠡ ᠨᠢ ᠲᠡᠳᠬᠦᠵᠦ᠂ ᠦᠨᠳᠦᠰᠦᠨ ᠠᠴᠠ ᠨᠢ ᠲᠡᠳᠬᠦᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
     ᠯᠦᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂  ᠨᠠᠷᠢᠨ ᠪᠢᠴᠢᠭ ᠤᠨ ᠲᠠᠷᠤᠭ᠎ᠠ ᠸᠠᠩ ᠷᠦᠢ ᠵᠢᠴᠢ ᠠᠶᠢᠮᠠᠭ ᠤᠨ ᠶᠠᠳᠠᠭᠤ ᠶᠢ ᠳᠡᠳᠬᠦᠬᠦ ᠠᠯᠪᠠᠨ ᠭᠡᠷ᠂  ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ  ᠶᠢᠨ ᠲᠤᠪᠴᠢᠶ᠎ᠠ᠂ ᠠᠮᠢ  ᠠᠬᠤᠢ ᠶᠢᠨ ᠤᠷᠴᠢᠨ ᠲᠤᠭᠤᠷᠢᠨ ᠤ ᠲᠤᠪᠴᠢᠶ᠎ᠠ᠂  ᠪᠠᠴᠢᠮ ᠪᠠᠶᠢᠳᠠᠯ ᠢ ᠠᠷᠭᠠᠴᠠᠭᠠᠬᠤ ᠲᠤᠪᠴᠢᠶ᠎ᠡ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠪᠠᠷ᠎ᠠ  ᠪᠤᠯᠤᠯᠭ᠎ᠠ ᠲᠠᠢ ᠲᠠᠢ ᠪᠠᠷ᠂ ᠤᠷᠢᠳ ᠬᠤᠵᠢᠳ ᠲᠠᠶᠢᠹᠤᠰᠧ ᠬᠤᠰᠢᠭᠤᠨ ᠤ ᠰᠢᠩ ᠹᠦ᠋ ᠰᠢᠶᠠᠩ ᠤᠨ ᠶᠢᠨ ᠵᠠᠨ ᠲᠤᠰᠬᠤᠨ᠂ ᠴᠢᠶᠠᠨ ᠶᠢᠨ ᠭᠸᠦ ᠪᠠᠯᠭᠠᠰᠤᠨ ᠤ ᠰᠠᠨ ᠵᠢᠶᠧ ᠲᠤᠰᠬᠤᠨ᠂  ᠪᠤᠤᠴᠠᠩ ᠪᠠᠯᠭᠠᠰᠤᠨ ᠤ ᠡᠤ ᠵᠢᠩ ᠲᠤᠰᠬᠤᠨ ᠬᠢᠭᠡᠳ ᠬᠤᠩ ᠴᠢ ᠪᠠᠯᠭᠠᠰᠤᠨ ᠳᠤ ᠬᠦᠨᠵᠡᠭᠡᠶᠢᠷᠡᠵᠦ᠂  ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ᠂ ᠶᠠᠳᠠᠭᠤ ᠶᠢ ᠳᠡᠳᠬᠦᠬᠦ ᠠᠵᠤ ᠠᠬᠤᠶᠢᠯᠠᠯ  ᠪᠤᠯᠤᠨ ᠶᠠᠳᠠᠭᠤ ᠬᠦᠴᠢᠷᠳᠡᠯᠳᠡᠢ ᠠᠶᠢᠯ ᠡᠷᠦᠬᠡ ᠪᠠᠷ ᠲᠤᠭᠤᠷᠢᠨ᠂  ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂  ᠨᠤᠳᠤᠭ ᠨᠡᠬᠦᠯᠬᠡᠵᠦ ᠶᠠᠳᠠᠭᠤ ᠶᠢ ᠳᠡᠳᠬᠦᠬᠦ᠂  ᠡᠮ ᠡᠮᠨᠡᠯᠬᠡ ᠪᠠᠷ ᠶᠠᠳᠠᠭᠤ ᠶᠢ ᠳᠡᠳᠬᠦᠬᠦ᠂  ᠰᠢᠨ᠎ᠡ ᠡᠨᠧᠷᠬᠢ ᠪᠠᠷ ᠶᠠᠳᠠᠭᠤ ᠶᠢ ᠳᠡᠳᠬᠦᠬᠦ ᠵᠡᠷᠭᠡ ᠠᠵᠢᠯ ᠦᠢᠯᠡᠰ ᠤᠨ ᠠᠬᠢᠴᠠ ᠶᠢ ᠨᠠᠷᠢᠨ ᠨᠢᠮᠪᠠᠢ ᠪᠠᠶᠢᠴᠠᠭᠠᠨ ᠤᠶᠢᠯᠠᠭᠠᠪᠠ᠃ ᠁
     ᠰᠢᠩ ᠹᠦ᠋ ᠰᠢᠶᠠᠩ ᠤᠨ ᠶᠢᠨ ᠵᠠᠨ ᠲᠤᠰᠬᠤᠨ   ᠳᠤ᠂  ᠯᠦᠸᠧ ᠬᠤ᠋ ᠽᠠᠢ  ᠰᠤᠮᠤ ᠭᠠᠴᠠᠭᠠᠨ ᠤ ᠺᠠᠳᠠᠷ᠂ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠲᠤᠳᠤᠨᠤᠰᠤᠭ ᠢᠶᠠᠷ ᠶᠠᠷᠢᠯᠴᠠᠵᠤ᠂  ᠠᠵᠤ ᠠᠬᠤᠶᠢᠯᠠᠯ ᠪᠤᠯᠤᠨ ᠶᠠᠳᠠᠭᠤ ᠬᠦᠴᠢᠷᠳᠡᠯᠳᠡᠢ ᠡᠷᠦᠬᠡ ᠶᠢᠨ ᠬᠠᠮᠳᠤᠷᠠᠯᠴᠠᠭᠠᠨ ᠤ ᠪᠠᠶᠢᠳᠠᠯ᠂  ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ᠂ ᠠᠰᠢᠭ ᠤᠷᠤᠯᠭ᠎ᠠ  ᠂  ᠶᠠᠳᠠᠭᠤ ᠬᠦᠴᠢᠷᠳᠡᠢ ᠬᠦᠮᠦᠨ ᠪᠦᠯᠢ ᠳᠤ ᠠᠵᠢᠯ ᠤᠯᠭᠤᠭᠰᠠᠨ ᠪᠠᠶᠢᠳᠠᠯ ᠢ  ᠠᠰᠠᠭᠤᠨ  ᠤᠶᠢᠯᠠᠭᠠᠭᠰᠠᠨ ᠤ ᠲᠠᠷᠠᠭ᠎ᠠ᠂  ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ ᠨᠢ ᠬᠦᠳᠡᠭᠡ ᠲᠤᠰᠬᠤᠨ   ᠤ  ᠭᠡᠷ ᠢᠶᠠᠨ ᠰᠠᠬᠢᠵᠤ ᠬᠤᠴᠤᠷᠤᠭᠰᠠᠨ  ᠬᠦᠮᠦᠰ ᠢ ᠬᠠᠪᠰᠤᠷᠤᠨ ᠭᠡᠷ ᠠᠴᠠ ᠨᠢ ᠤᠶᠢᠷᠠᠬᠠᠨ ᠠᠵᠢᠯ ᠤᠯᠭᠤᠵᠤ᠂ ᠶᠠᠳᠠᠭᠤ  ᠬᠦᠴᠢᠷᠳᠡᠯᠳᠡᠢ ᠬᠦᠮᠦᠨ ᠠᠮᠠ   ᠶᠢ ᠲᠠᠶᠢᠴᠢᠯᠠᠨ ᠠᠵᠢᠯ ᠤᠯᠭᠤᠵᠤ ᠶᠠᠳᠠᠭᠤ ᠠᠴᠠ ᠠᠩᠬᠢᠵᠢᠷᠠᠭᠤᠯᠬᠤ ᠪᠤᠯᠬᠤᠷ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ  ᠪᠦᠳᠦᠮᠵᠢᠳᠡᠢ ᠠᠴᠢᠶᠠᠯᠠᠪᠤᠷᠢ  ᠶᠤᠮ᠃  ᠠᠵᠢᠯ ᠤᠯᠵᠤ ᠦᠢᠯᠡᠰ ᠪᠦᠳᠦᠬᠡᠬᠦ ᠲᠦᠷᠦ ᠶᠢᠨ ᠪᠤᠳᠤᠯᠭ᠎ᠠ ᠶᠢ ᠲᠠᠰᠤᠷᠠᠯᠳᠠ ᠦᠬᠡᠢ ᠰᠢᠯᠢᠳᠡᠭᠵᠢᠬᠦᠯᠵᠦ᠂  ᠭᠠᠳᠠᠨ᠎ᠠ ᠠᠴᠠ ᠤᠷᠤᠭᠤᠯᠬᠤ ᠪᠠ ᠲᠤᠳᠤᠷ᠎ᠠ ᠪᠠᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂  ᠨᠢᠬᠡ ᠪᠦᠯᠦᠭ ᠦᠷ᠎ᠡ ᠠᠰᠢᠭ ᠢᠶᠠᠷ ᠰᠠᠶᠢᠨ᠂  ᠲᠠᠶᠢᠴᠢᠯᠠᠬᠤ ᠬᠦᠴᠦᠨ ᠢᠶᠠᠷ ᠴᠢᠩᠭ᠎ᠠ ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ ᠢ ᠭᠠᠵᠠᠷ ᠤᠷᠤᠨ ᠳᠤᠨᠢ ᠲᠤᠬᠢᠷᠠᠭᠤᠯᠤᠨ ᠪᠠᠶᠢᠭᠤᠯᠵᠤ᠂  ᠨᠡᠩ ᠤᠯᠠᠨ ᠶᠠᠳᠠᠭᠤ  ᠬᠦᠴᠢᠷᠳᠡᠯᠳᠡᠢ  ᠤᠯᠠᠨ ᠲᠦᠮᠡᠨ   ᠤᠨ ᠭᠡᠷ ᠤᠨ ᠢᠶᠠᠨ ᠤᠶᠢᠷᠠᠬᠠᠨ ᠲᠤᠭᠳᠠᠭᠤᠨ ᠢᠶᠠᠷ ᠠᠵᠢᠯ  ᠤᠯᠬᠤ᠂ ᠲᠤᠭᠳᠠᠭᠤᠨ ᠢᠶᠠᠷ ᠤᠷᠤᠯᠭ᠎ᠠ ᠪᠠᠨ ᠨᠡᠮᠡᠭᠳᠡᠬᠦᠯᠬᠦ᠂  ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠬᠦ ᠭᠡᠷᠡᠭᠳᠡᠢ᠃ ᠶᠠᠳᠠᠭᠤ  ᠬᠦᠴᠢᠷᠳᠡᠯᠳᠡᠢ ᠬᠦᠮᠦᠨ ᠠᠮᠠ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠤ᠂  ᠤᠷᠮ᠎ᠠ ᠵᠤᠷᠢᠭ ᠢ ᠲᠡᠳᠬᠦᠨ ᠤᠶᠤᠨ ᠤᠬᠠᠭᠠᠨ ᠢ ᠳᠡᠳᠬᠦᠵᠦ᠂ ᠨᠡᠩ ᠤᠯᠠᠨ ᠶᠠᠳᠠᠭᠤ  ᠬᠦᠴᠢᠷᠳᠡᠯᠳᠡᠢ ᠤᠯᠠᠨ ᠲᠦᠮᠡᠨ ᠢ  ᠠᠵᠤ ᠦᠢᠯᠡᠰ ᠤᠨ ᠠᠵᠢᠯᠴᠢᠨ ᠪᠤᠯᠭᠠᠨ ᠬᠤᠪᠢᠷᠠᠭᠤᠯᠵᠤ᠂ ᠦᠪᠡᠷ ᠤᠨ ᠪᠡᠶ᠎ᠡ  ᠳᠡᠭᠡᠨ ᠲᠦᠰᠢᠭᠯᠡᠨ ᠬᠦᠯᠦᠰᠦ ᠬᠦᠳᠡᠯᠮᠦᠷᠢ ᠪᠠᠷ ᠢᠶᠠᠨ ᠶᠠᠳᠠᠭᠤ ᠠᠴᠠ ᠠᠩᠬᠢᠵᠢᠷᠠᠵᠤ ᠴᠢᠨᠡᠭᠡᠯᠢᠭᠵᠢᠬᠦ   ᠶᠢ ᠪᠡᠶᠡᠯᠡᠬᠦᠯᠬᠦ ᠭᠡᠷᠡᠭᠳᠡᠢ᠃  ᠶᠠᠳᠠᠭᠤ ᠶᠢ ᠳᠡᠳᠬᠦᠬᠦ ᠦᠷ᠎ᠡ ᠪᠦᠳᠦᠮᠵᠢ ᠶᠢᠨ ᠲᠡᠭᠡᠭᠰᠢᠯᠡᠯᠳᠡ ᠲᠡᠭᠡᠷ᠎ᠡ ᠬᠦᠴᠦ ᠲᠠᠯᠪᠢᠵᠤ᠂  ᠠᠰᠢᠭ ᠤᠷᠤᠯᠭ᠎ᠠ ᠶᠢᠨ ᠬᠤᠪᠢᠶᠠᠷᠢᠯᠠᠯᠳᠠ ᠲᠡᠭᠡᠷ᠎ᠡ ᠠᠵᠤ ᠠᠬᠤᠶᠢᠯᠠᠯ ᠨᠢ ᠡᠷᠭᠡᠪᠰᠢ  ᠲᠦᠪ ᠭᠤᠤᠯᠴᠢ ᠵᠦᠢ ᠵᠤᠬᠢᠰᠳᠠᠢ ᠪᠠᠶᠢᠬᠤ ᠤᠷᠢᠳᠠᠯ ᠲᠤᠤᠷ᠎ᠠ᠂ ᠶᠠᠳᠠᠭᠤ  ᠬᠦᠴᠢᠷᠳᠡᠯᠳᠡᠢ  ᠤᠯᠠᠨ ᠲᠦᠮᠡᠨ ᠳᠤ ᠢᠯᠡᠬᠦᠦ ᠠᠰᠢᠭ ᠤᠯᠭᠤᠵᠤ᠂  ᠤᠨᠢᠨ ᠲᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠪᠦᠬᠦ ᠬᠦᠴᠦᠨ ᠢᠶᠠᠷ ᠲᠡᠮᠵᠢᠬᠦ ᠭᠡᠷᠡᠭᠳᠡᠢ  ᠬᠡᠵᠦ ᠴᠢᠬᠤᠯᠠᠴᠢᠯᠠᠵᠠᠢ᠃
     ᠴᠢᠶᠠᠨ ᠶᠢᠨ ᠭᠸᠦ ᠪᠠᠯᠭᠠᠰᠤᠨ ᠤ ᠰᠠᠨ ᠵᠢᠶᠧ ᠲᠤᠰᠬᠤᠨ ᠳᠤ᠂ ᠯᠦᠸᠧ ᠬᠤ᠋ ᠽᠠᠢ ᠤᠷᠢᠳ ᠬᠤᠵᠢᠳ ᠨᠤᠳᠤᠭ ᠨᠡᠬᠦᠯᠬᠡᠵᠦ ᠶᠠᠳᠠᠭᠤ ᠶᠢ ᠳᠡᠳᠬᠦᠬᠦ ᠲᠦᠷᠦᠯ ᠵᠦᠢᠯ ᠤᠨ ᠡᠷᠦᠬᠡ ᠴᠠᠩ ᠸᠠᠨ ᠯᠢ᠂ ᠵᠤᠤ ᠰᠢ ᠪᠢᠨ ᠤ ᠭᠡᠷ  ᠢᠶᠠᠷ ᠬᠦᠷᠴᠦ᠂  ᠲᠡᠳᠡᠨ ᠤ ᠰᠢᠨ᠎ᠡ  ᠭᠡᠷ ᠪᠠᠶᠢᠰᠢᠩ ᠢ ᠲᠤᠭᠤᠷᠢᠨ ᠦᠵᠡᠭᠰᠡᠨ ᠪᠦᠬᠡᠳ ᠲᠡᠳᠡᠨ ᠲᠠᠢ ᠲᠤᠳᠤᠨᠤᠰᠤᠭ  ᠢᠶᠠᠷ ᠶᠠᠷᠢᠯᠴᠠᠵᠤ᠂   ᠠᠵᠤ ᠠᠮᠢᠳᠤᠷᠠᠯ᠂ ᠡᠷᠡᠬᠦᠯ ᠮᠡᠨᠳᠦ ᠶᠢᠨ ᠪᠠᠶᠢᠳᠠᠯ  ᠬᠢᠭᠡᠳ ᠪᠤᠳᠤᠯ ᠰᠠᠨᠠᠯ᠂  ᠬᠦᠰᠡᠯ ᠱᠠᠭᠠᠷᠳᠠᠯᠭ᠎ᠠ ᠶᠢ ᠨᠢ  ᠠᠰᠠᠭᠤᠵᠤ ᠤᠶᠢᠯᠠᠭᠠᠭᠰᠠᠨ ᠤ ᠬᠠᠮᠳᠤ᠂  ᠲᠡᠳᠡᠨ ᠤ ᠰᠢᠨ᠎ᠡ ᠤᠷᠴᠢᠨ ᠳᠤ ᠲᠦᠷᠭᠡᠨ ᠲᠤᠬᠢᠷᠠᠯᠴᠠᠵᠤ᠂  ᠰᠢᠨ᠎ᠡ ᠠᠮᠢᠳᠤᠷᠠᠯ ᠳᠠᠭᠠᠨ ᠢᠳᠡᠪᠬᠢᠳᠡᠢ ᠠᠭᠤᠰᠤᠯᠴᠠᠨ᠂   ᠠᠵᠢᠯᠴᠢ ᠭᠠᠷ  ᠠᠷᠢᠭᠤᠨ ᠬᠦᠳᠡᠯᠮᠦᠷᠢ   ᠳᠡᠭᠡᠨ  ᠲᠦᠰᠢᠭᠯᠡᠨ  ᠠᠵᠠ  ᠵᠢᠷᠭᠠᠯᠳᠤ ᠰᠢᠨ᠎ᠡ ᠠᠮᠢᠳᠤᠷᠠᠯ ᠢᠶᠠᠨ ᠴᠤᠭᠴᠠᠯᠠᠬᠤ ᠬᠦᠰᠡᠯ ᠨᠠᠶᠢᠳᠠᠯᠭ᠎ᠠ  ᠪᠠᠨ ᠲᠠᠯᠪᠢᠭᠰᠠᠨ ᠪᠠᠶᠢᠯ᠎ᠠ᠃  ᠯᠦᠸᠧ ᠬᠤ᠋  ᠽᠠᠢ ᠵᠢᠭᠠᠵᠤ ᠭᠠᠷᠭᠠᠬᠤ ᠳᠠᠭᠠᠨ᠂   ᠨᠤᠳᠤᠭ ᠨᠡᠬᠦᠯᠬᠡᠵᠦ ᠶᠠᠳᠠᠭᠤ ᠶᠢ ᠳᠡᠳᠬᠦᠬᠦ  ᠪᠤᠯ  ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠢᠨ ᠲᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ  ᠪᠤᠳᠤᠯᠭ᠎ᠠ ᠶᠢ ᠨᠠᠶᠢᠳᠠᠪᠤᠷᠢᠵᠢᠭᠤᠯᠬᠤ  ᠴᠢᠬᠤᠯᠠ  ᠭᠠᠷᠳᠠᠴᠠ  ᠪᠤᠯᠬᠤᠷ᠂ ᠡᠯ᠎ᠡ ᠭᠠᠵᠠᠷ ᠤᠷᠨ ᠡᠯ᠎ᠡ ᠰᠠᠯᠠᠭ᠎ᠠ ᠮᠦᠴᠢᠷ ᠨᠢ ᠡᠷᠭᠡᠪᠰᠢ ︽ᠨᠡᠬᠦᠯᠬᠡᠬᠦ᠂ ᠲᠤᠭᠳᠠᠪᠤᠷᠢᠵᠢᠭᠤᠯᠬᠤ᠂ ᠪᠠᠶᠠᠵᠢᠭᠤᠯᠬᠤ︾ ᠬᠠᠷᠠᠯᠳᠠ ᠶᠢ ᠪᠠᠷᠢᠮᠳᠠᠯᠠᠵᠤ᠂  ᠨᠤᠳᠤᠭ ᠨᠡᠬᠦᠯᠬᠡᠬᠦ ᠠᠵᠢᠯ ᠢ ᠬᠦᠳᠡᠭᠡ ᠲᠤᠰᠬᠤᠨ ᠤ ᠭᠤᠤᠯᠯᠠᠬᠤ ᠠᠵᠤ ᠦᠢᠯᠡᠰ ᠤᠨ ᠨᠡᠬᠡᠬᠡᠨ ᠬᠦᠭᠵᠢᠬᠦᠯᠦᠯᠳᠡ᠂  ᠲᠠᠷᠢᠶᠠᠴᠢᠳ ᠤᠨ ᠠᠵᠢᠯ ᠤᠯᠬᠤ ᠲᠠᠢ ᠤᠷᠭᠠᠨᠢᠭ ᠢᠶᠠᠷ ᠤᠶᠠᠯᠳᠤᠭᠤᠯᠵᠤ᠂  ᠪᠦᠳᠦᠮᠵᠢᠳᠡᠢ ᠠᠷᠭ᠎ᠠ ᠬᠡᠮᠵᠢᠶ᠎ᠡ ᠠᠪᠴᠤ  ᠲᠦᠯᠬᠢᠨ ᠠᠬᠢᠭᠤᠯᠬᠤ ᠭᠡᠷᠡᠭᠳᠡᠢ ᠬᠡᠪᠡ᠃      ᠪᠤᠤᠴᠠᠩ ᠪᠠᠯᠭᠠᠰᠤᠨ ᠤ ᠡᠤ ᠵᠢᠩ ᠲᠤᠰᠬᠤᠨ ᠤ ᠴᠠᠭᠠᠰᠤ ᠰᠦᠯᠢᠶᠤᠤ ᠶᠢᠨ ᠦᠢᠯᠡᠳᠪᠦᠷᠢ ᠶᠢᠨ ᠲᠠᠰᠤᠭ  ᠢᠶᠠᠷ ᠲᠤᠭᠤᠷᠢᠨ ᠪᠠᠶᠢᠴᠠᠭᠠᠬᠤ ᠳᠠᠭᠠᠨ  ᠯᠦᠸᠧ ᠬᠤ᠋ ᠽᠠᠢ  ︽ ᠭᠡᠴᠢᠨᠡᠨ ᠡᠷᠦᠬᠡ   ᠳᠤ ᠠᠵᠢᠯ ᠤᠯᠭᠤᠵᠤ ᠪᠠᠶᠢᠭ᠎ᠠ︖  ᠬᠦᠮᠦᠨ ᠪᠦᠷᠢ ᠭᠡᠳᠦᠢ ᠤᠷᠤᠯᠭ᠎ᠠ ᠤᠯᠵᠤ ᠪᠠᠶᠢᠭ᠎ᠠ︖︾  ᠬᠡᠵᠦ  ᠠᠵᠤ ᠠᠬᠤᠶᠢᠯᠠᠯ ᠤᠨ  ᠪᠦᠳᠦᠭᠡᠨ ᠪᠠᠶᠢᠭᠤᠯᠤᠯᠳᠠ  ᠪᠠ ᠠᠵᠢᠯᠳᠠᠨ ᠤ  ᠠᠰᠢᠭ ᠤᠷᠤᠯᠭ᠎ᠠ᠂  ᠠᠶᠢᠯ ᠠᠮᠢᠳᠤᠷᠠᠯ ᠤᠨ ᠪᠠᠶᠢᠳᠠᠯ ᠢ ᠨᠢ  ᠨᠠᠷᠢᠨ ᠤᠶᠢᠯᠠᠭᠠᠭᠰᠠᠨ ᠤ ᠲᠠᠷᠠᠭ᠎ᠠ᠂  ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠰᠠᠶᠢᠳᠤᠷ ᠡᠵᠡᠮᠰᠢᠵᠦ᠂  ᠨᠡᠩ ᠤᠯᠠᠨ ᠶᠠᠳᠠᠭᠤ ᠬᠦᠴᠢᠷᠳᠡᠯᠳᠡᠢ ᠡᠷᠦᠬᠡ ᠶᠢ  ᠲᠠᠶᠢᠴᠢᠯᠠᠨ ᠠᠵᠢᠯ ᠤᠯᠭᠤᠵᠤ ᠤᠷᠤᠯᠭ᠎ᠠ ᠶᠢ ᠨᠢ ᠨᠡᠮᠡᠭᠳᠡᠬᠦᠯᠦᠨ᠂  ᠬᠤᠶᠠᠷ ᠲᠠᠯ᠎ᠠ ᠶᠢᠨ ᠬᠤᠤᠰ ᠠᠰᠢᠭ ᠢ ᠪᠡᠶᠡᠯᠡᠬᠦᠯᠬᠦ ᠭᠡᠷᠡᠭᠳᠡᠢ ᠬᠡᠵᠦ ᠠᠵᠤ ᠠᠬᠤᠶᠢᠯᠠᠯ ᠤᠨ ᠬᠢᠨ ᠢ ᠵᠤᠷᠢᠭᠵᠢᠭᠤᠯᠤᠭᠰᠠᠨ ᠪᠠᠶᠢᠨ᠎ᠠ᠃  ︽ ᠭᠡᠷ ᠲᠡᠭᠡᠨ ᠬᠡᠳᠦᠬᠦᠯᠡ  ᠪᠤᠢ︖  ᠶᠠᠮᠠᠷ ᠶᠠᠮᠠᠷ ᠲᠦᠷᠦ ᠶᠢᠨ ᠪᠤᠳᠤᠯᠭ᠎ᠠ  ᠶᠢᠨ ᠬᠠᠷᠠᠭᠠᠯᠵᠠᠯ ᠢ ᠬᠦᠷᠳᠡᠵᠦ ᠪᠠᠶᠢᠭ᠎ᠠ︖  ᠭᠡᠨ ᠲᠠᠨ ᠤ   ᠬᠢ ᠶᠢ ᠬᠠᠪᠰᠤᠷᠤᠨ ᠲᠡᠳᠬᠦᠵᠦ ᠪᠠᠶᠢᠨ᠎ᠠ  ︖ ᠦᠷᠬᠦᠯᠵᠢ ᠢᠷᠡᠳᠡᠭ ᠤᠤ︖ ᠲᠠᠨ ᠤ ᠰᠡᠳᠬᠢᠯ ᠳᠤ ᠬᠠᠨᠤᠮᠵᠢ ᠲᠠᠢ ᠤᠤ︖  ︾  ᠂᠂᠂᠂᠂᠂  ᠯᠦᠸᠧ ᠬᠤ᠋ ᠽᠠᠢ ᠲᠠᠷᠢᠶᠠᠴᠢᠨ ᠮᠠ ᠢᠦ᠂  ᠵᠤᠤ ᠢᠦ ᠮᠢᠩ ᠲᠠᠢ ᠠᠭᠤᠯᠵᠠᠨ ᠶᠠᠷᠢᠯᠴᠠᠬᠤ ᠳᠠᠭᠠᠨ  ᠦᠢᠯᠡᠳᠪᠦᠷᠢᠯᠡᠯ ᠠᠮᠢᠳᠤᠷᠠᠯ  ᠂   ᠤᠷᠤᠯᠭ᠎ᠠ ᠵᠠᠷᠤᠯᠭ᠎ᠠ  ᠂ ᠡᠷᠡᠬᠦᠯ ᠮᠡᠨᠳᠦ᠂  ᠦᠷ᠎ᠡ ᠬᠡᠦᠭᠡᠳ ᠵᠢᠴᠢ ᠤᠷᠤᠰᠢᠵᠤ ᠪᠠᠶᠢᠭ᠎ᠠ ᠬᠦᠴᠢᠷᠳᠡᠯ  ᠂ ᠰᠠᠨᠠᠵᠤ ᠪᠠᠶᠢᠭ᠎ᠠ ᠮᠦᠷᠦᠭᠡᠳᠦᠯ ᠢ ᠨᠠᠷᠢᠨ ᠨᠢᠮᠪᠠᠢ ᠠᠰᠠᠭᠤᠵᠤ ᠤᠶᠢᠯᠠᠭᠠᠭᠰᠠᠨ ᠤ ᠬᠠᠮᠳᠤ᠂  ᠢᠳᠡᠭᠡᠯ ᠵᠤᠷᠢᠭ ᠢᠶᠠᠨ ᠬᠦᠪᠴᠢᠯᠡᠨ᠂  ᠬᠦᠴᠢᠷ ᠪᠡᠷᠭᠡ ᠶᠢ ᠲᠠᠪᠠᠵᠤ᠂  ᠠᠰᠢᠭ ᠤᠷᠤᠯᠭ᠎ᠠ ᠪᠠᠨ ᠨᠡᠮᠡᠭᠳᠡᠬᠦᠯᠦᠨ᠂ ᠶᠠᠳᠠᠭᠤ ᠠᠴᠠ ᠠᠩᠬᠢᠵᠢᠷᠠᠵᠤ ᠴᠢᠨᠡᠭᠡᠯᠢᠭᠵᠢᠬᠦ   ᠳᠤ ᠢᠳᠡᠭᠡᠨ ᠨᠠᠶᠢᠳᠠᠭᠰᠠᠨ ᠪᠠᠶᠢᠯ᠎ᠠ᠃
     ᠯᠦᠸᠧ ᠬᠤ᠋ ᠽᠠᠢ ᠬᠤᠩ ᠴᠢ ᠪᠠᠯᠭᠠᠰᠤᠨ ᠤ ᠨᠠᠷᠠᠨ ᠤ ᠡᠨᠧᠷᠬᠢ ᠪᠠᠷ ᠶᠠᠳᠠᠭᠤ ᠶᠢ ᠳᠡᠳᠬᠦᠬᠦ ᠴᠠᠬᠢᠯᠭᠠᠨ ᠦᠷᠳᠡᠭᠡᠨ ᠤ ᠪᠦᠳᠦᠬᠡᠨ ᠪᠠᠶᠢᠭᠤᠯᠤᠯᠳᠠ ᠪᠠ ᠠᠰᠢᠭᠯᠠᠯᠳᠠ ᠶᠢᠨ ᠪᠠᠶᠢᠳᠠᠯ ᠢ  ᠲᠤᠭᠤᠷᠢᠨ ᠪᠠᠶᠢᠴᠠᠭᠠᠬᠤ ᠳᠠᠭᠠᠨ  ᠂ ᠶᠠᠳᠠᠭᠤ ᠶᠢ ᠳᠡᠳᠬᠦᠬᠦ ᠠᠵᠢᠯ ᠪᠤᠯ  ᠤᠳᠤᠬᠠᠨ ᠤ ᠭᠤᠤᠯᠳᠠᠯᠭ᠎ᠠ ᠲᠠᠢ ᠠᠵᠢᠯ ᠮᠦᠷᠳᠡᠭᠡᠨ  ᠨᠢᠬᠡ ᠲᠦᠷᠦᠯ ᠤᠨ ᠤᠯᠤᠰ ᠲᠦᠷᠦ ᠶᠢᠨ ᠡᠬᠦᠷᠭᠡ ᠮᠦᠨ᠃  ᠠᠵᠤ ᠦᠢᠯᠡᠰ ᠢ ᠬᠦᠭᠵᠢᠬᠦᠯᠬᠦ ᠪᠤᠯ ᠶᠠᠳᠠᠭᠤ ᠠᠴᠠ ᠠᠩᠬᠢᠵᠢᠷᠠᠬᠤ ᠶᠢ ᠪᠡᠶᠡᠯᠡᠬᠦᠯᠬᠦ ᠦᠨᠳᠦᠰᠦᠨ ᠪᠤᠳᠤᠯᠭ᠎ᠠ᠃ ᠮᠠᠨ ᠤ ᠠᠶᠢᠮᠠᠭ ᠤᠨ ᠭᠡᠷᠡᠭᠵᠢᠬᠦᠯᠵᠦ ᠪᠠᠶᠢᠭ᠎ᠠ  ᠨᠠᠷᠠᠨ ᠤ ᠡᠨᠧᠷᠬᠢ ᠪᠠᠷ ᠶᠠᠳᠠᠭᠤ ᠶᠢ ᠳᠡᠳᠬᠦᠬᠦ  ᠲᠦᠷᠦᠯ ᠵᠦᠢᠯ ᠨᠢ ᠪᠤᠬᠢᠷᠳᠤᠯ ᠦᠬᠡᠢ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠵᠦ᠂  ᠶᠠᠳᠠᠭᠤ ᠬᠦᠴᠢᠷᠳᠡᠯᠳᠡᠢ ᠡᠷᠦᠬᠡ   ᠳᠤ ᠤᠷᠳᠤ ᠤᠳᠠᠭᠠᠨ ᠬᠤᠭᠤᠴᠠᠭᠠᠨ ᠤ᠂ ᠲᠤᠭᠳᠠᠪᠤᠷᠢᠳᠠᠢ ᠠᠰᠢᠭ ᠤᠷᠤᠯᠭ᠎ᠠ ᠶᠢ ᠤᠯᠭᠤᠵᠤ ᠲᠡᠶᠢᠯᠬᠦ ᠶᠤᠮ᠃  ᠨᠠᠷᠠᠨ ᠤ ᠡᠨᠧᠷᠬᠢ ᠪᠠᠷ ᠶᠠᠳᠠᠭᠤ ᠶᠢ ᠳᠡᠳᠬᠦᠬᠦ  ᠠᠵᠢᠯ ᠤᠨ ᠪᠠᠶᠢᠭᠤᠯᠤᠯ ᠲᠤᠭᠳᠠᠴᠠ  ᠶᠢ ᠲᠡᠬᠦᠯᠳᠡᠷᠵᠢᠬᠦᠯᠵᠦ᠂  ᠨᠠᠷᠠᠨ ᠤ ᠡᠨᠧᠷᠬᠢ ᠪᠠᠷ ᠶᠠᠳᠠᠭᠤ ᠶᠢ ᠳᠡᠳᠬᠦᠬᠦ  ᠲᠦᠷᠦᠯ ᠵᠦᠢᠯ   ᠢᠶᠠᠷ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠷᠤᠯᠭ᠎ᠠ   ᠨᠡᠮᠡᠭᠳᠡᠯ ᠢ ᠰᠢᠭᠤᠳ ᠲᠠᠶᠢᠴᠢᠯᠠᠨ᠂ ᠨᠠᠷᠠᠨ ᠤ ᠡᠨᠧᠷᠬᠢ   ᠶᠢᠨ ᠠᠵᠤ ᠦᠢᠯᠡᠰ ᠢᠶᠠᠷ ᠨᠡᠩ ᠤᠯᠠᠨ ᠶᠠᠳᠠᠭᠤ ᠬᠦᠴᠢᠷᠳᠡᠯᠳᠡᠢ ᠬᠦᠮᠦᠨ ᠠᠮᠠ   ᠳᠤ ᠠᠰᠢᠭ ᠬᠦᠷᠳᠡᠭᠡᠵᠦ᠂ ᠶᠠᠳᠠᠭᠤ ᠬᠦᠴᠢᠷᠳᠡᠯᠳᠡᠢ ᠬᠦᠮᠦᠨ ᠠᠮᠠ   ᠶᠢᠨ ᠶᠠᠳᠠᠭᠤ ᠠᠴᠠ ᠠᠩᠬᠢᠵᠢᠷᠠᠬᠤ ᠵᠠᠮ ᠢ ᠰᠠᠷᠠᠭᠤᠯᠵᠢᠭᠤᠯᠬᠤ ᠭᠡᠷᠡᠭᠳᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号