ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠬᠠᠪᠤᠷ ᠤᠨ ᠲᠠᠷᠢᠶᠠᠯᠠᠭ᠎ᠠ ᠳᠤ ᠲᠤᠰᠠ ᠲᠡᠮ ᠬᠦᠷᠭᠡᠵᠦ ᠪᠠᠶᠢᠨ᠎ᠠ
ᠨᠡᠶᠢᠲᠡᠯᠡᠭᠰᠡᠨ ᠴᠠᠭ᠄
2019-04-02
   ᠬᠠᠩᠰᠢ ᠨᠡᠬᠡᠬᠡᠵᠦ ᠬᠠᠪᠤᠷ ᠤᠨ ᠲᠠᠷᠢᠶᠠᠯᠠᠭ᠎ᠠ ᠤᠶᠢᠷᠠᠳᠤᠭᠰᠠᠨ ᠪᠤᠳᠠᠳᠤ ᠪᠠᠶᠢᠳᠠᠯ ᠳᠤ  ᠴᠢᠭᠯᠡᠬᠦᠯᠦᠨ᠂ ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ   ᠨᠢ ᠬᠠᠪᠤᠷ ᠤᠨ ᠲᠠᠷᠢᠶᠠᠯᠠᠭ᠎ᠠ ᠳᠤ ᠲᠤᠰᠠᠯᠠᠬᠤ ᠵᠢᠬᠡᠯᠡᠯᠬᠡ ᠶᠢᠨ ᠮᠦᠩᠬᠦ ᠶᠢ ᠡᠷᠳᠡ ᠠᠴᠠ ᠲᠦᠯᠦᠪᠯᠡᠵᠦ᠂ ᠡᠷᠳᠡ ᠠᠴᠠ ᠪᠠᠶᠢᠷᠢᠯᠠᠭᠤᠯᠵᠤ᠂ ᠡᠷᠳᠡ ᠠᠴᠠ ᠲᠠᠷᠬᠠᠭᠠᠵᠤ  ᠡᠬᠢᠯᠡᠬᠡᠳ᠂  3 ᠰᠠᠷ᠎ᠠ ᠶᠢᠨ ᠡᠴᠦᠰ ᠪᠤᠯᠳᠠᠯ᠎ᠠ  ᠨᠡᠶᠢᠳᠡ 1.12 ᠳ᠋ᠦᠩᠰᠢᠭᠤᠷ ᠲᠦᠬᠦᠷᠢᠭ ᠤᠨ  ᠢᠳᠡᠭᠡᠮᠵᠢᠳᠦ ᠵᠢᠬᠡᠯᠡᠯᠬᠡ ᠲᠠᠷᠠᠭᠠᠨ᠂  ᠲᠠᠷᠢᠶᠠᠯᠠᠬᠤ ᠦᠢᠯᠡᠳᠪᠦᠷᠢᠯᠡᠯ ᠤᠨ  ᠱᠠᠭᠠᠷᠳᠠᠯᠭ᠎ᠠ ᠭᠡᠷᠡᠭᠴᠡᠭᠡ ᠶᠢ  ᠪᠦᠷᠢᠨ ᠬᠠᠩᠭᠠᠵᠠᠢ᠃  ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠨᠢ ᠬᠠᠪᠤᠷ ᠤᠨ ᠲᠠᠷᠢᠶᠠᠯᠠᠭ᠎ᠠ ᠳᠤ ᠲᠤᠰᠠᠯᠠᠬᠤ ᠶᠢ ᠲᠤᠰ ᠵᠢᠯ ᠤᠨ ᠠᠵᠢᠯ ᠲᠠᠢ ᠪᠠᠨ ᠬᠠᠮᠳᠤ ᠪᠠᠶᠢᠷᠢᠯᠠᠭᠤᠯᠤᠨ᠂  ᠬᠠᠮᠳᠤ ᠠᠬᠢᠭᠤᠯᠵᠤ᠂  ᠪᠠᠩᠬᠢ ᠶᠢᠨ ᠠᠵᠢᠯᠳᠠᠳ ᠮᠠᠯᠴᠢᠨ ᠲᠠᠷᠢᠶᠠᠴᠢᠨ ᠡᠷᠦᠬᠡ ᠪᠠᠷ ᠬᠦᠨᠵᠡᠭᠡᠶᠢᠷᠡᠵᠦ  ᠬᠠᠪᠤᠷ ᠤᠨ ᠲᠠᠷᠢᠶᠠᠯᠠᠭ᠎ᠠ ᠶᠢᠨ  ᠪᠡᠯᠡᠳᠭᠡᠯ ᠪᠠ ᠡᠳ᠋ ᠮᠦᠩᠬᠦ ᠶᠢᠨ ᠭᠡᠷᠡᠭᠴᠡᠭᠡ ᠶᠢ ᠨᠠᠷᠢᠨ ᠲᠤᠳᠤᠷᠬᠠᠢ ᠤᠶᠢᠯᠠᠭᠠᠨ  ᠪᠠᠶᠢᠴᠠᠭᠠᠭᠰᠠᠨ ᠰᠠᠭᠤᠷᠢᠨ ᠲᠡᠭᠡᠷ᠎ᠡ᠂  6 ᠳ᠋ᠦᠩᠰᠢᠭᠤᠷ ᠲᠦᠬᠦᠷᠢᠭ  ᠤᠨ  ᠢᠳᠡᠭᠡᠮᠵᠢᠳᠦ ᠵᠢᠬᠡᠯᠡᠯᠬᠡ ᠲᠠᠷᠬᠠᠭᠠᠬᠤ ᠡᠬᠦᠷᠭᠡ ᠶᠢ ᠲᠤᠭᠳᠠᠵᠤ᠂  ᠡᠯ᠎ᠡ ᠰᠠᠯᠪᠤᠷᠢ ᠪᠠᠩᠬᠢ ᠳᠤ ᠬᠤᠪᠢᠳᠠᠭᠰᠠᠨ ᠪᠠᠶᠢᠨ᠎ᠠ  ᠃ ᠡᠷᠦᠬᠡ ᠬᠤᠯᠪᠤᠭᠠᠯᠠᠵᠤ ᠪᠠᠳᠤᠯᠠᠬᠤ ᠵᠢᠬᠡᠯᠡᠯᠬᠡ᠂  ᠪᠠᠭ᠎ᠠ ᠬᠡᠮᠵᠢᠶᠡᠨ ᠤ ᠢᠳᠡᠭᠡᠮᠵᠢᠳᠦ ᠵᠢᠬᠡᠯᠡᠯᠬᠡ ᠵᠡᠷᠭᠡ ᠨᠡᠷᠡᠳᠦ ᠲᠡᠮᠳᠡᠭ ᠤᠨ ᠦᠢᠯᠡᠴᠢᠯᠡᠭᠡ ᠶᠢ ᠦᠷᠭᠡᠳᠬᠡᠨ᠂  ᠶᠠᠭᠤᠨ ᠤ  ᠤᠷᠢᠳ ᠲᠠᠷᠢᠶᠠᠯᠠᠭ᠎ᠠ ᠳᠤ ᠭᠡᠷᠡᠭᠰᠡᠬᠦ ᠪᠤᠷᠳᠤᠭᠤᠷ᠂ ᠡᠮ᠂ ᠦᠷ᠎ᠡ᠂ ᠪᠦᠷᠬᠦᠪᠴᠢ  ᠬᠤᠳᠠᠯᠳᠤᠨ ᠠᠪᠬᠤ  ᠪᠡᠯᠡ ᠮᠦᠩᠬᠦᠨ ᠤ ᠭᠡᠷᠡᠭᠴᠡᠭᠡ ᠶᠢ  ᠬᠠᠩᠭᠠᠵᠤ᠂  ᠲᠠᠷᠢᠵᠤ ᠤᠷᠭᠤᠭᠤᠯᠬᠤ ᠰᠠᠭᠤᠷᠢᠨ ᠭᠠᠵᠠᠷ᠂ ᠲᠤᠰᠬᠠᠢ ᠬᠤᠷᠰᠢᠶᠠᠵᠢᠯ᠂  ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ  ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠴᠤᠭᠴᠠ ᠶᠢ ᠭᠤᠤᠯᠳᠠᠯᠭ᠎ᠠ ᠲᠠᠢ  ᠲᠡᠳᠬᠦᠨ ᠬᠦᠭᠵᠢᠬᠦᠯᠬᠦ  ᠶᠢᠨ ᠬᠠᠮᠳᠤ᠂   ᠲᠠᠷᠢᠶᠠᠯᠠᠩ ᠤᠨ ᠲᠤᠯᠤᠭᠠᠶᠢᠯᠠᠭᠴᠢ ᠠᠵᠤ ᠠᠬᠤᠶᠢᠯᠠᠯ ᠢᠶᠠᠷ  ᠭᠤᠤᠯ ᠪᠤᠯᠭᠠᠨ᠂  ᠠᠵᠤ ᠦᠢᠯᠡᠰ  ᠤᠨ  ᠬᠡᠯᠬᠢᠶᠡᠰᠦᠯᠡᠭᠰᠡᠨ ᠦᠢᠯᠡᠴᠢᠯᠡᠭᠡ ᠬᠠᠩᠭᠠᠵᠤ᠂  ᠠᠵᠤ ᠠᠬᠤᠶᠢᠯᠠᠯ ᠢ ᠲᠡᠳᠬᠦᠨ᠂ ᠦᠢᠯᠡᠳᠪᠦᠷᠢᠯᠡᠯ ᠡᠵᠡᠩᠨᠡᠯᠳᠡ  ᠵᠦᠬᠡᠬᠡᠪᠦᠷᠢ ᠶᠢᠨ ᠠᠵᠢᠯᠯᠠᠭ᠎ᠠ ᠶᠢ ᠪᠠᠳᠤᠯᠠᠵᠤ᠂  ᠬᠠᠪᠤᠷ ᠤᠨ ᠲᠠᠷᠢᠶᠠᠯᠠᠭ᠎ᠠ ᠳᠤ ᠦᠢᠯᠡᠴᠢᠯᠡᠬᠦ ᠬᠡᠯᠬᠢᠶᠡᠰᠦ   ᠶᠢ ᠪᠦᠬᠦ ᠲᠠᠯ᠎ᠠ ᠪᠠᠷ ᠰᠤᠨᠤᠭᠠᠭᠰᠠᠨ ᠪᠠᠶᠢᠨ᠎ᠠ᠃  ᠠᠷᠠᠳ ᠢᠷᠭᠡᠳ ᠤᠨ ᠱᠠᠭᠠᠷᠳᠠᠯᠭ᠎ᠠ  ᠭᠡᠷᠡᠭᠴᠡᠭᠡ ᠳᠤ ᠵᠤᠬᠢᠴᠠᠭᠤᠯᠤᠨ᠂ ᠲᠤᠰ ᠪᠠᠩᠬᠢ ᠨᠢ ᠰᠦᠯᠵᠢᠶᠡᠨ ᠤ ᠪᠠᠩᠬᠢ᠂  ᠭᠠᠷ  ᠤᠳᠠᠰᠤᠨ ᠤ ᠪᠠᠩᠬᠢ ᠵᠡᠷᠭᠡ  ᠲᠦᠳᠡ ᠦᠢᠯᠡᠴᠢᠯᠡᠬᠡᠳᠦ ᠠᠷᠭ᠎ᠠ ᠵᠠᠮ ᠢ ᠲᠠᠰᠤᠷᠠᠯᠳᠠ ᠦᠬᠡᠢ ᠦᠷᠭᠡᠳᠭᠡᠵᠦ᠂   ᠮᠠᠯᠴᠢᠨ ᠲᠠᠷᠢᠶᠠᠴᠢᠨ ᠤ ᠭᠡᠷ   ᠲᠡᠭᠡᠨ ᠰᠠᠭᠤᠭᠠᠳ  ᠲᠠᠩᠰᠠ ᠰᠢᠯᠵᠢᠬᠦᠯᠵᠦ᠂  ᠭᠠᠴᠠᠭᠠᠨ ᠠᠴᠠ ᠪᠠᠨ ᠭᠠᠷᠬᠤ ᠦᠬᠡᠢ ᠪᠠᠷ ᠵᠤᠭᠤᠰ  ᠭᠠᠷᠭᠠᠵᠤ ᠠᠪᠬᠤ ᠶᠢ ᠪᠠᠳᠤᠯᠠᠭᠰᠠᠨ ᠪᠠᠶᠢᠨ᠎ᠠ᠃  3 ᠰᠠᠷ᠎ᠠ ᠶᠢᠨ  ᠡᠴᠦᠰ  ᠪᠤᠯᠳᠠᠯ᠎ᠠ᠂  ᠲᠤᠰ ᠪᠠᠩᠬᠢ ᠨᠢ  ᠲᠠᠷᠢᠶᠠᠯᠠᠩ ᠳᠤ ᠲᠤᠰᠠᠯᠠᠬᠤ ᠮᠦᠩᠬᠦᠨ ᠦᠢᠯᠡᠴᠢᠯᠡᠬᠡᠨ ᠤ ᠴᠡᠭ 126 ᠶᠢ ᠪᠠᠶᠢᠭᠤᠯᠤᠨ  ᠂   ᠤᠨᠴᠠ ᠤᠷᠢᠭᠰᠠᠨ ᠬᠤᠳᠠᠯᠳᠤᠭᠠᠨ ᠤ ᠡᠷᠦᠬᠡ 835 ᠶᠢ ᠲᠤᠬᠢᠷᠠᠭᠤᠯᠵᠤ᠂  ᠰᠦᠯᠵᠢᠶᠡᠨ ᠤ ᠪᠠᠩᠬᠢ 2861᠂  ᠭᠠᠷ  ᠤᠳᠠᠰᠤᠨ ᠤ ᠪᠠᠩᠬᠢ 10761 ᠶᠢ  ᠨᠡᠭᠡᠭᠡᠳ᠂  ᠤᠳᠤᠬᠢᠴᠢᠯᠠᠭᠰᠠᠨ  ᠮᠦᠩᠬᠦᠨ ᠬᠦᠢᠯᠬᠡᠬᠡᠨ ᠤ ᠦᠢᠯᠡᠴᠢᠯᠡᠭᠡ   ᠶᠢᠨ ᠲᠦᠪᠰᠢᠨ ᠢ ᠦᠨᠡᠨ ᠬᠦ᠋ ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号