ᠡᠮ ᠡᠮᠨᠡᠯᠬᠡ ᠪᠠᠷ ᠶᠠᠳᠠᠭᠤ ᠶᠢ ᠳᠡᠳᠬᠦᠬᠦ ᠠᠵᠢᠯ ᠢ ᠦᠨᠡᠨ ᠬᠦ᠋ ᠰᠠᠶᠢᠨ ᠬᠢᠵᠦ᠂ ᠲᠤᠰ ᠬᠤᠰᠢᠭᠤᠨ ᠤ ᠪᠠᠨ | ᠠᠷᠠᠳ ᠢᠷᠭᠡᠳ ᠤᠨ ᠡᠷᠡᠬᠦᠯ ᠮᠡᠨᠳᠦ ᠶᠢᠨ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠢᠯᠠᠩᠭᠤᠶ᠎ᠠ | ᠶᠠᠳᠠᠭᠤ ᠬᠦᠴᠢᠷᠳᠡᠯᠳᠡᠢ ᠤᠯᠠᠨ ᠲᠦᠮᠡᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠳᠤᠯᠠᠭ᠎ᠠ ᠶᠢ ᠨᠡᠮᠡᠭᠳᠡᠬᠦᠯᠬᠦ | ᠶᠢᠨ ᠲᠦᠯᠦᠬᠡ᠂ ᠤᠷᠴᠢᠮᠬᠠᠨ ᠲᠠᠶᠢᠹᠤᠰᠧ ᠬᠤᠰᠢᠭᠤᠨ ᠤ ᠡᠮᠨᠡᠯᠬᠡ ᠶᠢᠨ ᠬᠤᠷᠢᠶ᠎ᠠ ᠨᠢ ᠭᠡᠰᠡᠭ ᠡᠮᠴᠢ | ᠰᠤᠪᠢᠯᠠᠭᠴᠢ ᠪᠠᠨ ᠵᠤᠬᠢᠶᠠᠨ ᠪᠠᠶᠢᠭᠤᠯᠵᠤ᠂ ᠬᠤᠩ ᠴᠢ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠳᠤ | ᠬᠦᠨᠵᠡᠭᠡᠶᠢᠷᠡᠨ᠂ ᠡᠮ ᠡᠮᠨᠡᠯᠬᠡ ᠪᠠᠷ ᠶᠠᠳᠠᠭᠤ ᠶᠢ ᠳᠡᠳᠬᠦᠬᠦ ᠠᠯᠪᠠᠨ ᠵᠢᠷᠤᠮ ᠤᠨ ᠡᠮᠴᠢᠯᠡᠬᠡᠨ ᠤ ᠠᠵᠢᠯᠯᠠᠭ᠎ᠠ | ᠦᠷᠨᠢᠬᠦᠯᠪᠡ᠃ | ᠬᠤᠰᠢᠭᠤ ᠡᠮᠨᠡᠯᠬᠡ ᠶᠢᠨ ᠬᠤᠷᠢᠶᠠᠨ ᠤ ᠲᠤᠳᠤᠷ ᠡᠪᠡᠳᠴᠢᠨ ᠤ ᠰᠠᠯᠠᠭ᠎ᠠ᠂ ᠭᠠᠳᠠᠷ ᠡᠪᠡᠳᠴᠢᠨ ᠤ ᠰᠠᠯᠠᠭ᠎ᠠ᠂ | ᠶᠠᠰᠤᠨ ᠤ ᠰᠠᠯᠠᠭ᠎ᠠ ᠂ ᠨᠢᠳᠦᠨ ᠤ ᠰᠠᠯᠠᠭ᠎ᠠ ᠂ B ᠭᠡᠳᠦ ᠲᠤᠯᠬᠢᠶᠠᠨ ᠤ ᠪᠠᠶᠢᠴᠠᠭᠠᠯᠳᠠ ᠶᠢᠨ ᠰᠠᠯᠠᠭ᠎ᠠ ᠵᠡᠷᠭᠡ | ᠰᠠᠯᠠᠭ᠎ᠠ ᠲᠠᠰᠤᠭ ᠤᠨ ᠨᠢᠷᠤᠭᠤᠪᠴᠢ ᠬᠦᠴᠦᠨ ᠢᠶᠠᠷ ᠪᠦᠷᠢᠯᠳᠦᠭᠰᠡᠨ ᠠᠯᠪᠠᠨ ᠵᠢᠷᠤᠮ ᠤᠨ ᠡᠮᠴᠢᠯᠡᠬᠦ ᠪᠦᠯᠬᠦᠮ ᠨᠢ | ᠲᠤᠬᠠᠢ ᠶᠢᠨ ᠭᠠᠵᠠᠷ ᠤᠨ ᠠᠷᠠᠳ ᠢᠷᠭᠡᠳ ᠲᠤ ᠴᠢᠰᠤᠨ ᠤ ᠰᠢᠬᠢᠷ᠂ ᠴᠢᠰᠤᠨ ᠲᠠᠷᠤᠯᠳᠠ ᠂ ᠵᠢᠷᠦᠬᠡᠨ ᠤ | ᠪᠢᠴᠢᠯᠬᠡ᠂ B ᠭᠡᠳᠦ ᠲᠤᠯᠬᠢᠶᠠᠨ ᠤ ᠪᠠᠶᠢᠴᠠᠭᠠᠯᠳᠠ ᠵᠡᠷᠭᠡ ᠡᠮᠴᠢᠯᠡᠬᠡᠨ ᠤ ᠦᠢᠯᠡᠴᠢᠯᠡᠭᠡ ᠵᠢᠦᠨᠡ ᠲᠦᠯᠦᠪᠦᠷᠢ | ᠦᠬᠡᠢ ᠬᠢᠵᠦ ᠦᠭᠬᠦᠭᠰᠡᠨ ᠤ ᠬᠠᠮᠳᠤ᠂ ᠲᠠᠷᠢᠶᠠᠴᠢᠳ ᠤᠨ ᠠᠰᠠᠭᠤᠵᠤ ᠯᠠᠪᠯᠠᠭᠰᠠᠨ ᠢ ᠬᠦᠯᠢᠴᠡᠩᠬᠦᠢ ᠨᠢᠮᠪᠠᠢ | ᠲᠠᠶᠢᠯᠪᠤᠷᠢᠯᠠᠨ ᠬᠠᠷᠢᠭᠤᠯᠵᠤ᠂ ᠢᠳᠡᠯᠬᠡ ᠤᠤᠭᠤᠯᠭ᠎ᠠ᠂ ᠡᠮ ᠲᠠᠩ ᠭᠡᠷᠡᠭᠯᠡᠬᠦ ᠲᠠᠯ᠎ᠠ ᠪᠠᠷ ᠵᠢᠯᠤᠭᠤᠳᠤᠯᠭ᠎ᠠ ᠬᠢᠭᠰᠡᠨ | ᠪᠠᠶᠢᠪᠠ᠃ ᠡᠮᠨᠡᠯᠬᠡ ᠶᠢᠨ ᠠᠵᠢᠯᠳᠠᠳ ᠪᠠᠰᠠ ᠬᠤᠩ ᠪᠠᠯᠭᠠᠰᠤᠨ ᠤ ᠨᠠᠰᠤᠳᠠᠶᠢᠴᠤᠳ ᠤᠨ ᠠᠰᠠᠷᠠᠮᠵᠢ ᠶᠢᠨ | ᠬᠦᠷᠢᠶᠡᠯᠡᠩ ᠳᠤ ᠬᠦᠷᠴᠦ᠂ ᠬᠦᠷᠢᠶᠡᠯᠡᠩ ᠳᠤ ᠪᠠᠶᠢᠭ᠎ᠠ ᠨᠠᠰᠤᠳᠠᠶᠢᠴᠤᠳ ᠢ ᠲᠤᠬᠤᠨᠢᠭᠤᠯᠤᠨ᠂ ᠠᠮᠢᠳᠤᠷᠠᠯ ᠤᠨ | ᠭᠡᠷᠡᠭᠰᠡᠯ ᠬᠦᠷᠭᠡᠵᠦ᠂ ᠲᠡᠳᠡᠨ ᠢ ᠬᠠᠪᠰᠤᠷᠤᠨ ᠡᠳᠦᠷ ᠲᠤᠳᠤᠮ ᠤᠨ ᠠᠮᠢᠳᠤᠷᠠᠯ ᠤᠨ ᠠᠰᠠᠭᠤᠳᠠᠯ ᠢ ᠨᠢ | ᠰᠢᠢᠳᠪᠦᠷᠢᠯᠡᠵᠡᠢ᠃ | ᠡᠨᠡ ᠤᠳᠠᠭᠠᠨ ᠤ ᠠᠵᠢᠯᠯᠠᠭ᠎ᠠ ᠳᠤ 118 ᠬᠦᠮᠦᠨ ᠢ ᠦᠨ᠎ᠡ ᠲᠦᠯᠦᠪᠦᠷᠢ ᠦᠬᠡᠢ ᠡᠮᠴᠢᠯᠡᠵᠦ᠂ 3000 | ᠭᠠᠷᠤᠢ ᠲᠦᠬᠦᠷᠢᠭ ᠤᠨ ᠡᠮ ᠲᠠᠩ ᠲᠠᠷᠬᠠᠭᠠᠭᠠᠳ᠂ ᠤᠯᠠᠨ ᠲᠦᠮᠡᠨ ᠤ ᠬᠠᠯᠠᠭᠤᠨ ᠤᠭᠳᠤᠯᠭ᠎ᠠ ᠶᠢ ᠤᠯᠤᠭᠰᠠᠨ | ᠪᠠᠶᠢᠨ᠎ᠠ᠃ ᠲᠠᠷᠠᠭ᠎ᠠ ᠪᠠᠷ ᠲᠤᠰ ᠡᠮᠨᠡᠯᠬᠡ ᠶᠢᠨ ᠬᠤᠷᠢᠶ᠎ᠠ ᠨᠢ ᠡᠶᠢᠮᠦᠷᠬᠦ ᠠᠯᠪᠠᠨ ᠵᠢᠷᠤᠮ ᠤᠨ ᠡᠮᠴᠢᠯᠡᠬᠡᠨ ᠤ | ᠠᠵᠢᠯᠯᠠᠭ᠎ᠠ ᠶᠢ ᠦᠷᠬᠦᠯᠵᠢᠯᠡᠬᠦᠯᠵᠦ᠂ ᠡᠯ᠎ᠡ ᠰᠤᠮᠤ ᠰᠢᠶᠠᠩ ᠪᠠᠯᠭᠠᠰᠤ ᠪᠠᠷ ᠲᠤᠭᠤᠷᠢᠨ ᠪᠠᠶᠢᠴᠠᠭᠠᠯᠳᠠ ᠪᠠ | ᠡᠮᠴᠢᠯᠡᠭᠡ ᠬᠢᠬᠦ ᠪᠠᠷ ᠪᠠᠶᠢᠨ᠎ᠠ᠃ |