ᠯᠢ ᠵᠠᠨ ᠪᠤᠤ ᠭᠠᠪᠢᠶ᠎ᠠ ᠪᠠᠶᠢᠭᠤᠯᠤᠭᠰᠠᠨ ᠪᠠᠶᠢᠯᠳᠤᠭᠴᠢ ᠶᠢᠨ ᠭᠡᠷ ᠲᠤ ᠪᠠᠶᠠᠷ ᠤᠨ ᠴᠢᠮᠡᠭᠡ ᠶᠢ ᠬᠦᠷᠭᠡᠵᠦ ᠤᠴᠢᠪᠠ
ᠨᠡᠶᠢᠲᠡᠯᠡᠭᠰᠡᠨ ᠴᠠᠭ᠄
2019-04-09
    4 ᠰᠠᠷ᠎ᠠ ᠶᠢᠨ 1 ᠤ ᠡᠳᠦᠷ᠂  ᠲᠠᠶᠢᠹᠤᠰᠧ ᠬᠤᠰᠢᠭᠤᠨ ᠤ  ᠲᠡᠳ᠋ ᠬᠤᠰᠢᠭᠤ ᠲᠠᠷᠤᠭ᠎ᠠ ᠯᠢ ᠵᠠᠨ ᠪᠤᠤ  ᠂  ᠵᠡᠪᠰᠡᠭᠳᠦ ᠬᠦᠴᠦᠨ ᠤ ᠭᠡᠯᠳᠡᠰ ᠤᠨ ᠺᠤᠮᠢᠰᠰᠡᠷ ᠰᠢᠤᠢ ᠰᠢᠨ ᠹᠠᠩ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠤᠪᠴᠢᠶᠠᠨ ᠤ ᠬᠠᠷᠢᠭᠤᠴᠠᠯᠭᠠᠳᠠᠨ ᠤ ᠪᠠᠷ᠎ᠠ ᠪᠤᠯᠤᠯᠭ᠎ᠠ ᠲᠠᠢ ᠪᠠᠷ ᠪᠤᠤᠴᠠᠩ ᠪᠠᠯᠭᠠᠰᠤᠨ ᠤ ᠭᠤᠸᠠᠩ ᠮᠢᠩ ᠨᠡᠶᠢᠬᠡᠮ ᠲᠤᠭᠤᠷᠢᠭ   ᠲᠤ ᠬᠦᠨᠵᠡᠭᠡᠶᠢᠷᠡᠨ᠂  ᠪᠠᠶᠢᠯᠳᠤᠭᠴᠢ ᠯᠢᠦ ᠴᠢᠶᠠᠩ ᠤᠨ ᠭᠤᠷᠪᠠᠳᠤᠭᠠᠷ ᠲᠡᠰ ᠤᠨ ᠭᠠᠪᠢᠶ᠎ᠠ ᠪᠠᠶᠢᠭᠤᠯᠤᠭᠰᠠᠨ ᠪᠠᠶᠠᠷ ᠤᠨ ᠴᠢᠮᠡᠭᠡ ᠬᠢᠭᠡᠳ ᠲᠤᠬᠤᠨᠢᠭᠤᠯᠭ᠎ᠠ ᠶᠢᠨ ᠡᠳ᠋ ᠮᠦᠩᠬᠦ ᠶᠢ ᠭᠡᠷ ᠪᠦᠯᠢ ᠳᠤᠨᠢ ᠬᠦᠷᠭᠡᠭᠰᠡᠨ ᠪᠠᠶᠢᠨ᠎ᠠ᠃      ᠯᠢᠦ ᠴᠢᠶᠠᠩ ᠪᠤᠯ  2009 ᠤᠨ ᠳᠤ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ  ᠴᠡᠷᠢᠭ ᠲᠤ ᠡᠯᠰᠡᠭᠳᠡᠭᠰᠡᠨ ᠪᠠᠶᠢᠯᠳᠤᠭᠴᠢ ᠪᠤᠯᠤᠨ᠎ᠠ᠃  ᠴᠡᠷᠢᠭ   ᠲᠤ ᠤᠷᠤᠭᠰᠠᠨ ᠠᠴᠠ ᠨᠠᠰᠢ᠂  ᠪᠤᠯᠪᠠᠰᠤᠷᠠᠯ ᠰᠤᠷᠢᠯᠳᠠ ᠶᠢ ᠬᠠᠳᠠᠭᠤᠵᠢᠯᠳᠠᠢ ᠬᠢᠵᠦ᠂ ᠠᠵᠢᠯ ᠦᠢᠯᠡᠰ ᠲᠡᠭᠡᠨ ᠠᠮᠵᠢᠯᠳᠠ ᠭᠠᠷᠭᠠᠨ᠂  ᠴᠡᠷᠢᠭ ᠠᠩᠬᠢ ᠶᠢᠨ ᠢᠶᠠᠨ ᠪᠦᠳᠦᠭᠡᠨ ᠪᠠᠶᠢᠭᠤᠯᠤᠯᠳᠠ ᠳᠤ ᠵᠤᠬᠢᠬᠤ ᠬᠤᠪᠢ ᠨᠡᠮᠡᠷᠢ ᠦᠵᠡᠬᠦᠯᠦᠭᠰᠡᠨ ᠢᠶᠠᠷ  2018 ᠤᠨ ᠳᠤ ᠢᠷᠠᠭᠤ ᠠᠯᠳᠠᠷ ᠲᠠᠢ ᠪᠠᠷ  ᠭᠤᠷᠪᠠᠳᠤᠭᠠᠷ ᠲᠡᠰ ᠤᠨ ᠭᠠᠪᠢᠶ᠎ᠠ ᠲᠡᠮᠳᠡᠭᠯᠡᠬᠦᠯᠵᠡᠢ᠃   ᠴᠡᠷᠢᠭ ᠢ ᠬᠦᠷᠢᠶᠡᠯᠡᠵᠦ  ᠴᠡᠷᠢᠭ ᠤᠨ ᠭᠡᠷ ᠪᠦᠯᠢ   ᠶᠢ ᠬᠠᠷᠠᠭᠠᠯᠵᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂  ᠴᠡᠷᠢᠭ ᠪᠤᠯᠤᠭᠰᠠᠳ ᠤᠨ  ᠠᠮᠵᠢᠯᠳᠠ ᠭᠠᠪᠢᠶ᠎ᠠ  ᠪᠠᠶᠢᠭᠤᠯᠬᠤ ᠶᠢ ᠵᠤᠷᠢᠭᠵᠢᠭᠤᠯᠤᠨ᠂  ᠴᠡᠷᠢᠭ ᠤᠨ ᠭᠡᠷ ᠪᠦᠯᠢ ᠶᠢᠨ ᠦᠩᠬᠡ ᠭᠡᠷᠡᠯᠳᠦ ᠰᠡᠳᠬᠢᠯᠬᠡ ᠶᠢ ᠨᠡᠮᠡᠭᠳᠡᠬᠦᠯᠬᠦ ᠶᠢᠨ ᠲᠦᠯᠦᠬᠡ᠂ ᠲᠤᠰ ᠬᠤᠰᠢᠭᠤ   ᠨᠢ ᠡᠶᠢᠨ ᠬᠦ᠋ ᠭᠠᠪᠢᠶ᠎ᠠ ᠪᠠᠶᠢᠭᠤᠯᠤᠭᠰᠠᠨ ᠪᠠᠶᠢᠯᠳᠤᠭᠴᠢ ᠶᠢ ᠱᠠᠩᠨᠠᠨ  ᠵᠤᠷᠢᠭᠵᠢᠭᠤᠯᠬᠤ ᠪᠠ ᠤᠬᠠᠭᠤᠯᠤᠨ ᠮᠡᠳᠡᠭᠡᠯᠡᠬᠦ ᠠᠵᠢᠯ ᠤᠨ ᠡᠷᠴᠢᠮ ᠢ ᠲᠠᠰᠤᠷᠠᠯᠳᠠ ᠦᠬᠡᠢ ᠴᠢᠩᠭᠠᠷᠠᠭᠤᠯᠵᠤ᠂  ᠤᠯᠠᠨ ᠵᠦᠢᠯ ᠤᠨ ᠠᠷᠭ᠎ᠠ ᠭᠡᠯᠪᠡᠷᠢ ᠪᠠᠷ  ᠴᠡᠷᠢᠭ ᠢ ᠬᠦᠷᠢᠶᠡᠯᠡᠵᠦ  ᠴᠡᠷᠢᠭ ᠤᠨ ᠭᠡᠷ ᠪᠦᠯᠢ   ᠶᠢ ᠬᠠᠷᠠᠭᠠᠯᠵᠠᠬᠤ ᠠᠵᠢᠯᠯᠠᠭ᠎ᠠ  ᠦᠷᠨᠢᠬᠦᠯᠵᠦ  ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号