ᠡᠷᠳᠡᠨᠢᠪᠠᠭᠠᠳᠤᠷ
ᠨᠡᠶᠢᠲᠡᠯᠡᠭᠰᠡᠨ ᠴᠠᠭ᠄
2019/8/8
   ᠡᠷᠳᠡᠨᠢᠪᠠᠭᠠᠳᠤᠷ᠂ ᠡᠷᠡᠭᠳᠡᠢ᠂ ᠮᠤᠩᠭᠤᠯ ᠦᠨᠳᠦᠰᠦᠳᠡᠨ᠂ 1972 ᠤᠨ ᠤ 2 ᠰᠠᠷ᠎ᠠ ᠳᠤ ᠲᠦᠷᠦᠪᠡ᠂ ᠤᠭ ᠨᠤᠳᠤᠭ ᠦᠪᠦᠷ ᠮᠤᠩᠭᠤᠯ ᠤᠨ ᠬᠦᠷᠢᠶ᠎ᠡ ᠬᠤᠰᠢᠭᠤ᠃ 1998 ᠤᠨ ᠤ 10 ᠰᠠᠷ᠎ᠠ ᠳᠤ ᠠᠵᠢᠯ ᠳᠤ ᠭᠠᠷᠴᠤ᠂ 1997 ᠤᠨ ᠤ 6 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠵᠠᠢ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠡᠭᠡᠳᠦ ᠰᠤᠷᠭᠠᠭᠤᠯᠢ ᠶᠢᠨ ᠠᠮᠢᠳᠠᠨ ᠤ ᠰᠤᠳᠤᠯᠭᠠᠨ ᠤ ᠰᠠᠯᠪᠤᠷᠢ ᠳᠤ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠰᠤᠷᠤᠯᠴᠠᠪᠠ᠃ ᠲᠠᠶᠢᠹᠤᠰᠧ ᠬᠤᠰᠢᠭᠤᠨ ᠤ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯ ᠠᠵᠤ ᠠᠬᠤᠢ ᠶᠢᠨ ᠲᠤᠪᠴᠢᠶᠠᠨ ᠤ ᠲᠡᠳ᠋ ᠲᠠᠷᠤᠭ᠎ᠠ ︵ᠵᠢᠩᠬᠢᠨᠢ ᠰᠠᠯᠠᠭᠠᠨ ᠲᠡᠰ︶᠂ ᠰᠢᠯᠢ ᠶᠢᠨ ᠭᠤᠣᠯ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠰᠠᠯᠠᠭᠠᠨ ᠤ ᠲᠡᠳ᠋ ᠳᠠᠷᠤᠭ᠎ᠠ ︵ᠵᠢᠩᠬᠢᠨᠢ ᠰᠠᠯᠠᠭᠠᠨ ᠲᠡᠰ︶᠂ ᠰᠢᠯᠢ ᠶᠢᠨ ᠭᠤᠣᠯ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠰᠠᠯᠠᠭᠠᠨ ᠤ ᠲᠠᠷᠤᠭ᠎ᠠ᠂ ᠰᠢᠯᠢ ᠶᠢᠨ ᠭᠤᠣᠯ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ ᠬᠥᠭᠵᠢᠯᠲᠡ ᠪᠠ ᠠᠵᠢᠯ ᠤᠯᠭᠤᠯᠳᠠ ᠶᠢᠨ ᠰᠠᠯᠠᠭᠠᠨ ᠤ ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠦᠩᠭᠡᠷᠡᠪᠡ᠃    ᠬᠤᠰᠢᠭᠤ ᠲᠠᠷᠤᠭ᠎ᠠ ᠳᠤ ᠬᠠᠪᠰᠤᠷᠤᠨ ᠬᠦᠭᠵᠢᠬᠦᠯᠦᠯᠳᠡ ᠦᠬᠡᠷᠡᠴᠢᠯᠡᠯᠳᠡ᠂ ᠦᠢᠯᠡᠴᠢᠯᠡᠭᠡᠨ ᠤ ᠦᠢᠯᠡᠰ᠂ ᠨᠨ᠋ᠧᠷᠬᠢ ᠶᠢᠨ ᠨᠡᠭᠡᠭᠡᠨ ᠬᠦᠭᠵᠢᠬᠦᠯᠦᠯᠳᠡ᠂ ᠰᠤᠷᠭᠠᠨ ᠬᠦᠮᠦᠵᠢᠯ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠬᠦᠯ ᠬᠠᠮᠠᠭᠠᠯᠠᠯ ᠡᠷᠡᠬᠦᠯ ᠮᠡᠨᠳᠦ᠂ ᠭᠠᠳᠠᠭᠠᠳᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ︵ᠮᠤᠩᠭᠤᠯ ᠬᠢᠳᠠᠳ ᠡᠮ ᠡᠮᠨᠡᠯᠭᠡ ᠶᠢᠨ ᠬᠠᠮᠢᠶᠠᠷᠤᠯᠳᠠ ᠶᠢᠨ ᠲᠤᠪᠴᠢᠶ᠎ᠠ᠂ ᠡᠬᠡ ᠤᠷᠤᠨᠴᠢ ᠡᠷᠡᠬᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ ᠠᠯᠪᠠᠨ ᠭᠡᠷ︶  ᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢᠬᠡᠴᠡ᠄ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠲᠠᠩᠰᠠ ᠡᠪᠬᠡᠮᠡᠯ ᠲᠡᠦᠭᠡ ᠤᠶᠢᠯᠠᠯᠭ᠎ᠠ  ᠶᠢᠨ ᠤᠷᠳᠤᠨ᠂ ᠨᠠᠰᠤᠳᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠨᠬᠤᠸᠠ ᠨᠤᠮ ᠤᠨ ᠲᠡᠯᠭᠡᠬᠦᠷ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号