ᠯᠢ ᠴᠦᠨ ᠭᠤᠸᠠᠩ
ᠨᠡᠶᠢᠲᠡᠯᠡᠭᠰᠡᠨ ᠴᠠᠭ᠄
2019/8/8
   ᠯᠢ ᠴᠦᠨ ᠭᠤᠸᠠᠩ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 10 ᠰᠠᠷ᠎ᠠ ᠳᠤ ᠲᠦᠷᠦᠵᠠᠢ᠂  ᠤᠭ ᠨᠤᠲᠤᠭ ᠥᠪᠥᠷ ᠮᠣᠩᠭᠤᠯ ᠤᠨ ᠰᠥᠨᠢᠳ ᠵᠡᠭᠦᠨ  ᠬᠤᠰᠢᠭᠤ᠂ 1998 ᠣᠨ ᠤ 12 ᠰᠠᠷ᠎ᠠ ᠳᠤ ᠠᠵᠢᠯ ᠳᠤ  ᠭᠠᠷᠴᠦ᠂ 2003 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠵᠠᠬᠢᠳᠠᠯ  ᠢᠶᠠᠷ ᠰᠣᠷᠣᠯᠴᠠᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠲᠤᠰᠬᠠᠢ ᠮᠡᠷᠭᠡᠵᠢᠯ ᠠᠴᠠ ᠲᠡᠭᠦᠰᠴᠡᠢ᠂ ᠤᠳᠤ ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠡᠭᠦᠷᠭᠡᠯᠡᠵᠦ ᠪᠠᠶᠢᠨ᠎ᠠ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ  ᠤ ᠯᠧᠺᠲ᠋ᠣᠷ ᠤᠨ ᠪᠦᠯᠬᠦᠮ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠨᠤᠯ ᠤᠨ ᠰᠠᠯᠠᠭᠠᠨ ᠤ ᠰᠠᠯᠠᠭᠠᠨ ᠳᠠᠷᠤᠭ᠎ᠠ ( ᠡᠨᠡ ᠬᠤᠭᠤᠴᠠᠭᠠᠨ ᠳᠤ᠄ 2015 . 05---2016 . 05  ᠶᠢᠨ ᠬᠤᠭᠤᠷᠣᠨᠳᠤ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨ ᠬᠠᠭᠠᠯᠭ᠎ᠠ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠲᠣᠰᠢᠶᠠᠯ ᠢ ᠡᠭᠦᠷᠭᠡᠯᠡᠵᠦ ᠪᠠᠶᠢᠪᠠ )᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠯᠪᠠᠨ ᠭᠡᠷ ᠤᠨ ᠡᠷᠬᠢᠯᠡᠭᠴᠢ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ  ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠣᠰᠢᠶᠠᠯ ᠢ ᠲᠣᠰ ᠲᠣᠰ ᠡᠭᠦᠷᠭᠡᠯᠡᠵᠦ ᠪᠠᠶᠢᠪᠠ  ᠃    ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ( ᠬᠤᠰᠢᠭᠤᠨ ᠤ ᠵᠠᠰᠠᠭ ᠵᠠᠬᠢᠷᠭᠠᠨ ᠤ ᠰᠤᠷᠭᠠᠭᠤᠯᠢ ) ᠶᠢᠨ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠂ ᠵᠣᠬᠢᠶᠠᠨ ᠪᠠᠶᠢᠭᠤᠯᠬᠤ᠂ ᠠᠬᠠᠮᠠᠳ ᠺᠠᠳ᠋ᠷ᠂ ᠣᠷᠣᠨ ᠲᠤᠭ᠎ᠠ᠂ ᠴᠢᠳᠠᠪᠤᠷᠢᠲᠠᠨ᠂ ᠨᠠᠮ ᠤᠨ ᠰᠤᠷᠭᠠᠭᠤᠯᠢ ᠶᠢᠨ ᠠᠵᠢᠯ ᠢ ᠬᠠᠷᠢᠭᠤᠴᠠᠨ᠎ᠠ᠃    ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠂ ᠠᠬᠠᠮᠠᠳ ᠺᠠᠳ᠋ᠷ ᠤᠨ ᠲᠣᠪᠴᠢᠶ᠎ᠠ᠂ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ᠂ ᠠᠯᠪᠠᠲᠠᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ  ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号