ᠲᠠᠶᠢᠹᠤᠰᠧ ᠬᠤᠰᠢᠭᠤ ︽ᠤᠭ ᠰᠠᠨᠠᠭ᠎ᠠ ᠪᠠᠨ ᠦᠯᠦ  ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-09-30
9 ᠰᠠᠷ᠎ᠠ ᠶᠢᠨ 26 ᠤ ᠡᠳᠦᠷ  ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ ᠭᠠᠵᠠᠷ ᠤᠨ ᠲᠡᠰ ᠤᠨ ᠤᠳᠤᠷᠢᠳᠬᠤ ᠺᠠᠳᠠᠷᠴᠤᠳ ᠢᠶᠠᠨ ᠵᠤᠬᠢᠶᠠᠨ ᠪᠠᠶᠢᠭᠤᠯᠵᠤ᠂  ᠰᠢᠯᠤᠭᠤᠨ ᠬᠦᠬᠡ ᠬᠤᠰᠢᠭᠤᠨ   ᠳᠤ ᠪᠠᠶᠢᠭ᠎ᠠ ᠴᠠᠬᠠᠷ ᠠᠶᠢᠮᠠᠭ  ᠤᠨ ᠠᠩᠬᠠᠳᠤᠭᠴᠢ ᠨᠠᠮ ᠤᠨ ᠡᠬᠦᠷ ᠤᠨ ᠲᠤᠷᠠᠰᠬᠠᠯ ᠤᠨ ᠤᠷᠳᠤᠨ ᠳᠤ ᠬᠦᠷᠴᠦ᠂ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠤᠨ ᠠᠬᠤᠢ ᠲᠠᠯᠠᠪᠠᠢ ᠶᠢᠨ ᠰᠤᠷᠤᠯᠴᠠᠯᠭ᠎ᠠ ᠦᠷᠨᠢᠬᠦᠯᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠬᠢᠴᠡᠬᠦᠯᠦᠨ᠂ ᠨᠠᠮ ᠤᠨ ᠦᠩᠬᠡ ᠭᠡᠷᠡᠯᠳᠦ ᠤᠯᠠᠮᠵᠢᠯᠠᠯ ᠪᠠ ᠰᠢᠯᠢᠳᠡᠭ ᠭᠡᠪ ᠰᠤᠷᠳᠠᠯ ᠢ ᠤᠯᠠᠮᠵᠢᠯᠠᠨ ᠪᠠᠳᠠᠷᠠᠭᠤᠯᠤᠭᠰᠠᠨ ᠪᠠᠶᠢᠨ᠎ᠠ᠃
     ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠤᠷᠤᠬᠦᠦ ᠨᠦᠬᠦᠷ ᠤᠨ ᠲᠠᠭᠠᠭᠤᠯᠤᠭᠰᠠᠨ ᠰᠤᠷᠤᠯᠴᠠᠬᠤ ᠪᠦᠯᠬᠦᠮ ᠨᠢ ᠲᠤᠷᠠᠰᠬᠠᠯ ᠤᠨ ᠤᠷᠳᠤᠨ ᠢ ᠲᠤᠭᠤᠷᠢᠨ ᠦᠵᠡᠵᠦ᠂ ᠲᠤᠰᠬᠠᠢ ᠰᠡᠳᠦᠪᠳᠦ ᠬᠦᠮᠦᠵᠢᠯ ᠤᠨ ᠹᠢᠯᠢᠮ ᠢ ᠰᠤᠨᠢᠷᠬᠠᠨ᠂ ᠠᠬᠠᠮᠠᠳ ᠨᠢᠬᠡᠨ ᠦᠶ᠎ᠡ ᠶᠢᠨ ᠬᠤᠪᠢᠰᠬᠠᠯᠴᠢᠳ ᠤᠨ ᠢᠷᠠᠭᠤ ᠠᠯᠳᠠᠷᠳᠤ ᠲᠡᠦᠬᠡ ᠨᠠᠮᠳᠠᠷ ᠢ ᠤᠶᠢᠯᠠᠭᠠᠵᠤ᠂ ᠠᠬᠠᠮᠠᠳ ᠬᠤᠪᠢᠰᠬᠠᠯᠴᠢᠳ ᠤᠨ ︽ᠤᠭ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠠᠭᠤᠤ ᠶᠡᠭᠡ ᠵᠤᠷᠢᠭ ᠰᠠᠨᠠᠭ ᠰᠠᠨᠠᠭ᠎ᠠ ᠶᠢ ᠰᠤᠷᠤᠯᠴᠠᠭᠰᠠᠨ   ᠤ ᠲᠠᠷᠠᠭ᠎ᠠ ᠂  ᠤᠭ᠎ᠠ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠢᠳᠡᠭᠡᠯ ᠪᠢᠰᠢᠷᠡᠯ ᠢᠶᠠᠨ ᠤᠯᠠᠮ ᠪᠠᠳᠤᠳᠬᠠᠵᠤ᠂  ᠨᠠᠮ ᠠᠷᠠᠳ ᠲᠦᠮᠡᠨ   ᠳᠡᠭᠡᠨ ᠰᠢᠳᠤᠷᠭᠤ ᠪᠠᠷ ᠦᠢᠯᠡᠴᠢᠯᠡᠨ᠎ᠡ ᠬᠡᠮᠡᠨ ᠨᠠᠮ ᠤᠨ ᠲᠤᠭ ᠤᠨ ᠡᠮᠦᠨ᠎ᠡ ᠲᠦᠪ ᠴᠢᠩᠭ᠎ᠠ‌‍ᠲ᠋ᠠᠩᠭᠠᠷᠢᠭ ᠬᠢᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号