ᠲᠠᠶᠢᠹᠤᠰᠧ ᠬᠤᠰᠢᠭᠤ ︽ᠰᠢᠨ᠎ᠡ ᠤᠨ ᠢᠶᠠᠨ ᠤᠭᠳᠤᠬᠤ ᠴᠠᠰᠤ ᠮᠦᠰᠦᠨ ᠤ ᠰᠤᠨᠢᠷᠬᠠᠯᠳᠤ ᠨᠠᠭᠠᠳᠤᠮ︾ ᠡᠷᠬᠢᠯᠡᠪᠡ
ᠨᠡᠶᠢᠲᠡᠯᠡᠭᠰᠡᠨ ᠴᠠᠭ᠄
2020-01-02
   ᠠᠮᠵᠢᠯᠳᠠ ᠪᠦᠳᠦᠬᠡᠯ ᠪᠢᠯᠬᠠᠭᠰᠠᠨ ᠬᠠᠭᠤᠴᠢᠨ ᠤᠨ ᠢᠶᠠᠨ ᠦᠳᠡᠵᠦ᠂ ᠠᠬᠢᠯᠳᠠ ᠲᠠᠪᠰᠢᠯᠳᠠ ᠬᠤᠷᠤᠶᠢᠯᠠᠭᠰᠠᠨ ᠰᠢᠨ᠎ᠡ ᠤᠨ ᠢᠶᠠᠨ ᠤᠭᠳᠤᠬᠤ ᠦᠯᠵᠡᠢ ᠪᠡᠯᠬᠡᠳᠦ ᠮᠦᠴᠡ ᠶᠢ ᠲᠤᠬᠢᠶᠠᠯᠳᠤᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ᠂  ᠪᠦᠬᠦ ᠠᠷᠠᠳ ᠢᠶᠠᠷ ᠢᠶᠠᠨ ᠴᠢᠬᠢᠷᠠᠭᠵᠢᠬᠤ  ᠪᠡᠶ᠎ᠡ ᠶᠢᠨ ᠲᠠᠮᠢᠷ ᠤᠨ ᠬᠦᠳᠡᠯᠬᠡᠬᠡᠨ ᠢ ᠦᠷᠭᠡᠨ ᠲᠡᠯᠬᠡᠷ ᠦᠷᠨᠢᠬᠦᠯᠵᠦ᠂  ᠰᠢ ᠶᠢᠨ ᠫᠢᠩ ᠶᠡᠷᠦᠩᠬᠡᠢ ᠱᠦᠵᠢ ᠶᠢᠨ ︽3 ᠳ᠋ᠦᠩᠰᠢᠭᠤᠷ ᠬᠦᠮᠦᠨ ᠢ ᠲᠠᠶᠢᠴᠢᠯᠠᠨ  ᠡᠪᠦᠯ ᠤᠨ ᠤᠯᠠᠷᠢᠯ ᠤᠨ ᠲᠠᠮᠢᠷ ᠤᠨ ᠬᠦᠳᠡᠯᠬᠡᠬᠡᠨ   ᠳᠤ ᠤᠷᠤᠯᠴᠠᠭᠤᠯᠬᠤ︾ ᠴᠢᠬᠤᠯᠠ  ᠵᠢᠭᠠᠪᠤᠷᠢ ᠶᠢ ᠨᠠᠶᠢᠳᠠᠪᠤᠷᠢᠵᠢᠭᠤᠯᠤᠨ᠂  ᠲᠤᠰ ᠬᠤᠰᠢᠭᠤᠨ ᠤ ᠪᠠᠨ  ᠡᠪᠦᠯ ᠤᠨ ᠤᠯᠠᠷᠢᠯ ᠤᠨ ᠲᠠᠮᠢᠷ ᠤᠨ ᠬᠦᠳᠡᠯᠬᠡᠬᠡᠨ   ᠤ ᠲᠦᠭᠡᠮᠡᠯᠵᠢᠨ ᠲᠡᠯᠭᠡᠷᠡᠬᠦ ᠶᠢ  ᠠᠬᠢᠭᠤᠯᠵᠤ᠂ ᠤᠯᠠᠨ ᠲᠦᠮᠡᠨ ᠤ ᠤᠯᠠᠨ ᠶᠠᠩᠵᠤ ᠶᠢᠨ  ᠲᠠᠮᠢᠷ ᠤᠨ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠱᠠᠭᠠᠷᠳᠠᠯᠭ᠎ᠠ ᠶᠢ  ᠬᠠᠩᠭᠠᠬᠤ  ᠵᠤᠷᠢᠯᠭ᠎ᠠ ᠪᠠᠷ  ᠂ ᠲᠠᠶᠢᠹᠤᠰᠧ  ᠬᠤᠰᠢᠭᠤ ︽ᠰᠢᠨ᠎ᠡ ᠤᠨ ᠢᠶᠠᠨ ᠤᠭᠳᠤᠬᠤ ᠴᠠᠰᠤ ᠮᠦᠰᠦᠨ ᠲᠡᠭᠡᠷᠡᠬᠢ ᠰᠤᠨᠢᠷᠬᠠᠯᠳᠤ ᠲᠤᠭᠯᠠᠭᠠᠮ︾   ᠢ ᠡᠷᠬᠢᠯᠡᠨ  ᠶᠠᠪᠤᠭᠳᠠᠭᠤᠯᠤᠭᠰᠠᠨ ᠪᠠᠶᠢᠨ᠎ᠠ᠃     ︽ᠲᠠᠮᠢᠷ ᠤᠨ ᠬᠦᠳᠡᠯᠬᠡᠬᠡᠨ ᠢ ᠬᠠᠮᠢᠭ᠎ᠠ ᠭᠠᠵᠠᠷ ᠠᠯᠢ ᠴᠠᠭ ᠲᠤ ᠴᠤ ᠦᠷᠨᠢᠬᠦᠯᠵᠦ᠂   ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ ᠪᠡᠶ᠎ᠡ ᠶᠢᠨ ᠴᠢᠬᠢᠷᠠᠭᠵᠢᠯ ᠢ ᠠᠬᠢᠭᠤᠯᠬᠤ︾ ᠪᠠᠷ ᠭᠤᠤᠯ ᠰᠡᠳᠦᠪ ᠪᠤᠯᠭᠠᠭᠰᠠᠨ ᠡᠨᠡ  ᠤᠳᠠᠭᠠᠨ ᠤ  ᠨᠠᠭᠠᠳᠤᠮ ᠨᠢ  12 ᠰᠠᠷ᠎ᠠ ᠶᠢᠨ 31 ᠤ ᠡᠳᠦᠷ  ᠪᠤᠤᠴᠠᠩ ᠪᠠᠯᠭᠠᠰᠤᠨ ᠤ ᠪᠢᠶᠠᠨ ᠴᠢᠶᠠᠩ ᠲᠤᠰᠬᠤᠨ ᠤ ᠴᠠᠰᠤ ᠮᠦᠰᠦᠨ ᠤ ᠴᠡᠩᠬᠡᠯ ᠤᠨ ᠬᠦᠷᠢᠶᠡᠯᠡᠩ ᠳᠤ ᠶᠠᠪᠭᠤᠳᠠᠵᠤ᠂  ᠭᠤᠯᠭᠤᠭᠤᠷ ᠲᠡᠷᠭᠡ ᠶᠢᠨ ᠪᠤᠤᠬᠢᠶ᠎ᠠ ᠤᠷᠤᠯᠳᠤᠭᠠᠨ᠂  ᠴᠠᠰᠤᠨ ᠲᠡᠭᠡᠷ᠎ᠡ ᠲᠡᠭᠡᠰᠦ ᠲᠠᠳᠠᠬᠤ ᠮᠡᠳᠦ ᠨᠢᠬᠡᠴᠡ ᠶᠢᠨ ᠤᠷᠤᠯᠳᠤᠭᠠᠨ  ᠪᠠ ᠴᠠᠭᠠᠷᠢᠭ  ᠲᠤ ᠰᠠᠭᠤᠵᠤ ᠭᠤᠯᠭᠤᠬᠤ᠂  ᠴᠠᠰᠤᠨ ᠲᠡᠭᠡᠷ᠎ᠡ ᠲᠠᠩᠺ ᠵᠢᠯᠤᠭᠤᠳᠬᠤ᠂ ᠮᠦᠰᠦᠨ ᠲᠡᠭᠡᠷ᠎ᠡ ᠲᠤᠭᠤᠢ ᠲᠡᠷᠭᠡ ᠤᠨᠤᠬᠤ᠂  ᠮᠦᠰᠦᠨ ᠲᠡᠭᠡᠷ᠎ᠡ ᠤᠩᠭᠤᠴᠠ ᠰᠡᠯᠢᠬᠦ  ᠵᠡᠷᠭᠡ ᠬᠤᠪᠢ ᠬᠦᠮᠦᠨ ᠤ ᠲᠤᠭᠯᠠᠭᠠᠮ ᠤᠨ ᠵᠦᠢᠯᠡᠰ ᠢ ᠪᠠᠭᠳᠠᠭᠠᠵᠤ᠂  ᠪᠦᠬᠦ ᠬᠤᠰᠢᠭᠤᠨ ᠤ ᠡᠯ᠎ᠡ ᠰᠤᠮᠤ  ᠰᠢᠶᠠᠩ ᠪᠠᠯᠭᠠᠰᠤ᠂ ᠪᠠᠶᠢᠭᠤᠯᠭ᠎ᠠ ᠨᠢᠬᠡᠴᠡ ᠶᠢᠨ ᠬᠢᠨ ᠺᠠᠳᠠᠷ ᠠᠵᠢᠯᠳᠠᠨ ᠢᠶᠠᠨ ᠢᠳᠡᠪᠬᠢᠳᠡᠢ ᠵᠤᠬᠢᠶᠠᠨ ᠪᠠᠶᠢᠭᠤᠯᠵᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号