︽ᠲᠠᠶᠢᠹᠤᠰᠧ ᠨᠤᠳᠤᠭ ᠤᠨ ᠲᠤᠷᠭᠠᠨ ᠬᠤᠭᠤᠯᠠᠢ︾  ᠮᠠᠩᠯᠠᠢ ᠰᠢᠯᠭᠠᠷᠠᠭᠤᠯᠬᠤ ᠲᠡᠮᠡᠴᠡᠭᠡᠨ ᠤ ᠵᠠᠷ
ᠨᠡᠶᠢᠲᠡᠯᠡᠭᠰᠡᠨ ᠴᠠᠭ᠄
2020/1/2
   ᠤᠯᠠᠨ ᠲᠦᠮᠡᠨ ᠤ ᠠᠵᠢᠯ ᠤᠨ ᠴᠢᠯᠦᠬᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂  ᠡᠶ᠎ᠡ ᠨᠠᠶᠢᠷᠠᠮᠳᠠᠭᠤ᠂  ᠪᠠᠶᠠᠷ ᠬᠦᠭᠵᠢᠶᠡᠨ ᠲᠠᠢ  ᠰᠠᠷ᠎ᠠ ᠰᠢᠨ᠎ᠡ ᠶᠢᠨ ᠠᠭᠤᠷ ᠠᠮᠢᠰᠬᠤᠯ ᠢ ᠪᠤᠢ ᠪᠤᠯᠭᠠᠬᠤ ᠵᠤᠷᠢᠯᠭ᠎ᠠ ᠪᠠᠷ᠂ ᠲᠠᠶᠢᠹᠤᠰᠧ ᠬᠤᠰᠢᠭᠤ ᠨᠢ  ᠴᠠᠭᠠᠨ ᠰᠠᠷ᠎ᠠ ᠶᠢᠨ ᠬᠤᠭᠤᠴᠠᠭᠠᠨ ᠳᠤ ︽ᠲᠠᠶᠢᠹᠤᠰᠧ ᠨᠤᠳᠤᠭ ᠤᠨ ᠲᠤᠷᠭᠠᠨ ᠬᠤᠭᠤᠯᠠᠢ︾ ᠮᠠᠩᠯᠠᠢ ᠰᠢᠯᠭᠠᠷᠠᠭᠤᠯᠬᠤ ᠲᠡᠮᠡᠴᠡᠭᠡᠨ ᠢ ᠡᠷᠬᠢᠯᠡᠨ ᠶᠠᠪᠤᠭᠳᠠᠭᠤᠯᠬᠤ ᠪᠠᠷ ᠪᠠᠶᠢᠭ᠎ᠠ᠃    ᠵᠤᠬᠢᠶᠠᠨ ᠪᠠᠶᠢᠭᠤᠯᠬᠤ ᠪᠠᠶᠢᠭᠤᠯᠤᠮᠵᠢ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠭᠤᠤᠯᠯᠠᠨ ᠡᠷᠬᠢᠯᠡᠵᠦ᠂ ᠲᠠᠶᠢᠹᠤᠰᠧ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ  ᠤᠨ ᠲᠤᠪᠴᠢᠶ᠎ᠠ ᠠᠴᠠ ᠬᠠᠷᠢᠭᠤᠴᠠᠨ ᠡᠷᠬᠢᠯᠡᠵᠦ᠂  ᠲᠠᠶᠢᠹᠤᠰᠧ ᠬᠤᠰᠢᠭᠤᠨ ᠤ ᠰᠤᠶᠤᠯ ᠤᠨ ᠤᠷᠳᠤᠨ ᠬᠠᠮᠵᠢᠯᠴᠠᠨ ᠡᠷᠬᠢᠯᠡᠨ᠎ᠡ᠃    ᠤᠷᠤᠯᠴᠠᠬᠤ ᠨᠦᠬᠦᠴᠡᠯ ᠪᠠᠷᠢᠮᠵᠢᠶ᠎ᠠ᠄ 16—60 ᠨᠠᠰᠤᠨ ᠤ ᠨᠡᠶᠢᠬᠡᠮ ᠤᠨ ᠡᠯ᠎ᠡ ᠡᠳᠡᠭᠡᠳ ᠤᠨ ᠬᠦᠮᠦᠰ ᠪᠦᠷ ᠤᠷᠤᠯᠴᠠᠵᠤ ᠪᠤᠯᠤᠨ᠎ᠠ᠃  ᠭᠤᠴᠤᠯᠠᠯ ᠲᠠᠭᠤᠤ ᠪᠤᠶᠤ ᠬᠤᠤᠰᠯᠠᠯ ᠲᠠᠭᠤᠤ ᠶᠢᠨ ᠭᠡᠯᠪᠡᠷᠢ ᠪᠠᠷ ᠤᠷᠤᠯᠴᠠᠨ᠎ᠠ᠃  ᠲᠠᠭᠤᠴᠢᠳ ᠬᠠᠪᠰᠤᠷᠤᠯ ᠬᠦᠭᠵᠢᠮ ᠢᠶᠠᠨ ᠦᠪᠡᠷᠳᠡᠬᠡᠨ ᠪᠡᠯᠡᠳᠬᠡᠨ᠎ᠡ  ᠃ ᠲᠠᠭᠤᠤ ᠶᠢᠨ ᠰᠲ᠋ᠢᠯᠢ ᠶᠢ ᠬᠢᠵᠠᠭᠠᠷᠯᠠᠬᠤ ᠦᠬᠡᠢ᠂ ᠡᠷᠡᠬᠦᠯ ᠪᠤᠯᠪᠠᠰᠤᠨ ᠠᠭᠤᠯᠭ᠎ᠠ ᠰᠠᠨᠠᠭ᠎ᠠ ᠲᠠᠢ ᠪᠠᠶᠢᠬᠤ ᠶᠢ ᠯᠠ ᠱᠠᠭᠠᠷᠳᠠᠨ᠎ᠠ᠃    ᠬᠤᠪᠢ ᠤᠯᠭᠤᠬᠤ ᠲᠦᠷᠢᠮ᠄ 10 ᠬᠤᠪᠢ ᠶᠢᠨ ᠲᠦᠷᠢᠮ ᠢᠶᠠᠷ ᠶᠠᠪᠤᠭᠳᠠᠭᠤᠯᠵᠤ᠂  ᠬᠠᠮᠤᠭ ᠦᠨᠳᠦᠷ ᠬᠤᠪᠢ ᠪᠠ ᠬᠠᠮᠤᠭ ᠲᠤᠤᠷ᠎ᠠ ᠬᠤᠪᠢ ᠶᠢ ᠭᠡᠭᠡᠵᠦ  ᠂ ᠲᠡᠭᠰᠢᠳᠭᠡᠭᠰᠡᠨ ᠬᠤᠪᠢ ᠪᠠᠷ ᠪᠤᠳᠤᠨ᠎ᠠ᠃  ᠤᠷᠤᠯᠳᠤᠭᠠᠨ ᠢ ᠢᠯᠡ  ᠲᠤᠳᠤ᠂ ᠲᠦᠪ ᠭᠤᠤᠯᠴᠢ᠂ ᠡᠷᠭᠡ ᠲᠡᠭᠰᠢ  ᠶᠠᠪᠤᠭᠳᠠᠭᠤᠯᠬᠤ ᠶᠢᠨ ᠲᠤᠰᠠᠳᠠ  ᠂ ᠲᠤᠰᠬᠠᠢ ᠮᠡᠷᠭᠡᠵᠢᠯ ᠤᠨ ᠪᠠᠭᠰᠢ ᠨᠠᠷ ᠢ  ᠬᠢᠨᠠᠨ ᠰᠢᠬᠦᠭᠴᠢ ᠪᠠᠷ ᠵᠠᠯᠠᠵᠤ᠂  ᠠᠬᠤᠢ ᠲᠠᠯᠠᠪᠠᠢ ᠳᠤ ᠬᠤᠪᠢ ᠤᠯᠭᠤᠨ ᠬᠤᠪᠢ ᠨᠡᠶᠢᠳᠡᠯᠡᠨ᠎ᠡ᠃    ᠱᠠᠩᠨᠠᠨ ᠬᠦᠬᠢᠬᠦᠯᠬᠦ ᠠᠷᠭ᠎ᠠ  ᠄ ᠨᠢᠬᠡᠳᠦᠭᠡᠷ ᠨᠡᠷ᠎ᠡ   ᠳᠤ 1 ᠬᠦᠮᠦᠨ  ︵5000 ᠲᠦᠬᠦᠷᠢᠭ︶᠂  ᠬᠤᠶᠠᠳᠤᠭᠠᠷ ᠨᠡᠷ᠎ᠡ ᠳᠤ 2 ᠬᠦᠮᠦᠨ ︵ᠲᠤᠰᠪᠤᠷᠢ 3000 ᠲᠦᠬᠦᠷᠢᠭ  ︶᠂  ᠭᠤᠷᠪᠠᠳᠤᠭᠠᠷ ᠨᠡᠷ᠎ᠡ ᠳᠤ 3 ᠬᠦᠮᠦᠨ ︵ᠲᠤᠰᠪᠤᠷᠢ 1000 ᠲᠦᠬᠦᠷᠢᠭ  ︶ ᠢ ᠰᠢᠯᠭᠠᠷᠠᠭᠤᠯᠵᠤ᠂  ᠰᠢᠯᠢᠳᠡᠭ ᠲᠠᠭᠤᠴᠢᠨ ᠢᠶᠠᠷ  10  ᠬᠦᠮᠦᠨ  ᠢ ᠰᠢᠯᠭᠠᠷᠠᠭᠤᠯᠤᠨ ᠱᠠᠩᠨᠠᠨ᠎ᠠ᠃ 。     ᠨᠡᠷ᠎ᠡ ᠮᠡᠳᠡᠬᠦᠯᠬᠦ  ᠄ 2019.12.1—2020 1.20 ᠤ ᠬᠤᠭᠤᠷᠤᠨᠳᠤ᠂ ᠲᠠᠶᠢᠹᠤᠰᠧ ᠬᠤᠰᠢᠭᠤᠨ ᠤ ᠰᠤᠶᠤᠯ ᠤᠨ ᠤᠷᠳᠤᠨ ᠤ ᠬᠦᠸᠧ ᠰᠢᠶᠤᠤ ᠶᠢᠩ ︵15504793193︶  ᠂ ᠶᠤᠸᠠᠨ ᠰᠢᠶᠤᠤ ᠵᠢᠩ  ︵15147964547︶ ᠳᠤ ᠨᠡᠷ᠎ᠡ ᠮᠡᠳᠡᠬᠦᠯᠦᠨ᠎ᠡ᠃       ᠤᠷᠤᠯᠳᠤᠭᠠᠨ ᠤ ᠴᠠᠭ ᠪᠠ ᠭᠠᠵᠠᠷ  ᠄  2020 ᠤᠨ ᠤ 2 ᠰᠠᠷ᠎ᠠ ᠶᠢᠨ 1 ᠤ ᠡᠳᠦᠷ ︵ᠰᠢᠨ᠎ᠡ ᠶᠢᠨ ᠨᠠᠢᠮᠠᠨ︶ ᠲᠠᠶᠢᠹᠤᠰᠧ ᠬᠤᠰᠢᠭᠤᠨ ᠤ ᠰᠤᠶᠤᠯ ᠤᠨ ᠠᠰᠠᠷ   ᠤᠨ ᠲᠦᠷᠪᠡᠳᠦᠬᠡᠷ ᠲᠠᠪᠬᠤᠷᠭ᠎ᠠ ᠳᠤ ᠶᠠᠪᠤᠭᠳᠠᠨ᠎ᠠ᠃     ᠪᠤᠰᠤᠳ ᠵᠦᠢᠯ ᠢ ᠲᠤᠬᠠᠢ ᠶᠢᠨ ᠴᠠᠭ ᠲᠤ ᠲᠠᠬᠢᠵᠤ ᠮᠡᠳᠡᠭᠳᠡᠨ᠎ᠡ᠃                                                                    ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ                                                                    ᠲᠠᠶᠢᠹᠤᠰᠧ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ                                                                    ᠲᠠᠶᠢᠹᠤᠰᠧ ᠬᠤᠰᠢᠭᠤᠨ ᠤ ᠰᠤᠶᠤᠯ ᠤᠨ ᠤᠷᠳᠤᠨ                                                                           2019 ᠤᠨ ᠤ 12 ᠰᠠᠷ᠎ᠠ    
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号