ᠲᠠᠶᠢᠹᠤᠰᠧ ᠬᠤᠰᠢᠭᠤ ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ︾  ᠭᠤᠤᠯ ᠰᠡᠳᠤᠪᠳᠤ ᠬᠦᠮᠦᠵᠢᠯ ᠤᠨ ᠳ᠋ᠦᠩᠨᠡᠯᠳᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/1/20
  1 ᠰᠠᠷ᠎ᠠ ᠶᠢᠨ 18 ᠤ ᠡᠳᠦᠷ᠂  ᠲᠠᠶᠢᠹᠤᠰᠧ ᠬᠤᠰᠢᠭᠤ ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠲᠤᠰᠬᠠᠢ ᠰᠡᠳᠦᠪᠳᠦ  ᠬᠦᠮᠦᠵᠢᠯ ᠤᠨ ᠳ᠋ᠦᠩᠨᠡᠯᠳᠡ ᠶᠢᠨ ᠬᠤᠷᠠᠯ  ᠬᠤᠷᠠᠯᠳᠤᠭᠤᠯᠵᠤ᠂  ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ  ᠶᠠᠷᠢᠶ᠎ᠠ ᠪᠠ ᠴᠢᠬᠤᠯᠠ  ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ  ᠰᠤᠷᠤᠯᠴᠠᠨ᠂  ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶᠠᠨ ᠤ  ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ  ᠳ᠋ᠦᠩᠨᠡᠯᠳᠡ ᠶᠢᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠪᠦᠬᠦ ᠬᠤᠰᠢᠭᠤᠨ ᠤ  ᠭᠤᠤᠯ ᠰᠡᠳᠦᠪᠳᠦ ᠬᠦᠮᠦᠵᠢᠯ ᠤᠨ ᠤᠯᠤᠭᠰᠠᠨ ᠭᠤᠤᠯ ᠪᠤᠯᠬᠤ ᠠᠮᠵᠢᠯᠳᠠ ᠲᠤᠷᠰᠢᠯᠭ᠎ᠠ ᠶᠢ ᠳ᠋ᠦᠩᠨᠡᠨ᠂  ᠭᠤᠤᠯ ᠰᠡᠳᠦᠪᠳᠦ ᠬᠦᠮᠦᠵᠢᠯ ᠤᠨ
ᠠᠵᠢᠯ ᠢ ᠪᠠᠳᠤᠳᠬᠠᠨ ᠬᠦᠨᠵᠡᠬᠡᠶᠢᠷᠡᠬᠦᠯᠬᠦ ᠲᠤᠬᠠᠢ ᠪᠠᠶᠢᠷᠢᠯᠠᠭᠤᠯᠤᠯᠳᠠ  ᠬᠢᠭᠰᠡᠨ ᠪᠠᠶᠢᠨ᠎ᠠ᠃
     ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂  ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠨᠠᠮ ᠤᠨ ᠬᠤᠷᠢᠶᠠᠨ ᠤ ᠭᠤᠤᠯ ᠰᠡᠳᠤᠪᠳᠤ ᠬᠦᠮᠦᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠪᠤᠷᠤᠬᠦᠦ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠠᠷᠪᠠᠨ ᠨᠢᠬᠡᠳᠦᠭᠡᠷ ᠵᠢᠯᠤᠭᠤᠳᠬᠤ ᠲᠤᠭᠤᠶᠢᠯᠠᠩ ᠤᠨ ᠲᠠᠷᠤᠭ᠎ᠠ ᠰᠢ ᠸᠧᠢ ᠮᠢᠨ ᠬᠤᠷᠠᠯ ᠳᠤ ᠤᠷᠤᠯᠴᠠᠨ ᠵᠢᠭᠠᠨ ᠵᠢᠯᠤᠭᠤᠳᠴᠤ᠂ ᠬᠤᠰᠢᠭᠤ ᠨᠠᠮ  ᠤᠨ ᠬᠤᠷᠢᠶᠠᠨ ᠤ ᠲᠡᠳ᠋ ᠱᠦᠵᠢ ᠴᠢᠶᠤᠤ ᠵᠢᠶᠠᠨ ᠴᠢᠶᠠᠩ  ᠬᠤᠷᠠᠯ ᠡᠷᠬᠢᠯᠡᠪᠡ᠃     ᠪᠤᠷᠤᠬᠦᠦ ᠵᠢᠭᠠᠵᠤ ᠭᠠᠷᠭᠠᠬᠤ ᠳᠠᠭᠠᠨ᠂  ᠪᠦᠬᠦ ᠨᠠᠮ ᠢᠶᠠᠷ ᠢᠶᠠᠨ  ︽ᠤᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠦᠷᠨᠢᠬᠦᠯᠬᠦ ᠪᠤᠯ ᠰᠢ ᠶᠢᠨ ᠫᠢᠩ  ᠨᠦᠬᠦᠷ  ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠳᠠ ᠪᠤᠯᠤᠨ᠎ᠠ᠃ ᠭᠤᠤᠯ ᠰᠡᠳᠦᠪᠳᠦ ᠬᠦᠮᠦᠵᠢᠯ ᠢ  ᠦᠷᠨᠢᠬᠦᠯᠵᠦ ᠡᠬᠢᠯᠡᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠨᠢ  ᠰᠢ ᠶᠢᠨ ᠫᠢᠩ ᠶᠡᠷᠦᠩᠬᠡᠢ ᠱᠦᠵᠢ ᠶᠢᠨ   ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠲᠤᠬᠠᠢ  ᠴᠢᠬᠤᠯᠠ ᠶᠠᠷᠢᠶ᠎ᠠ ᠪᠠ ᠴᠢᠬᠤᠯᠠ  ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ  ᠲᠤᠤᠱᠯᠠᠭᠤᠯᠵᠤ᠂  ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ  ᠪᠠᠶᠢᠷᠢᠯᠠᠭᠤᠯᠤᠯᠳᠠ ᠶᠢ  ᠨᠢᠮᠪᠠᠢ ᠨᠠᠶᠢᠳᠠᠪᠤᠷᠢᠵᠢᠭᠤᠯᠤᠨ᠂   ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠢ ᠤᠳᠤᠬᠠᠨ ᠤ ᠲᠡᠷᠢᠬᠦᠨ ᠴᠢᠬᠤᠯᠠ  ᠤᠯᠤᠰ ᠲᠦᠷᠦ ᠶᠢᠨ ᠡᠬᠦᠷᠭᠡ ᠪᠤᠯᠭᠠᠵᠤ᠂  ᠠᠶᠢᠮᠠᠭ ᠤᠨ ᠨᠠᠮ ᠤᠨ ᠬᠤᠷᠢᠶᠠᠨ ᠤ ᠠᠷᠪᠠᠨ ᠨᠢᠬᠡᠳᠦᠭᠡᠷ ᠵᠢᠯᠤᠭᠤᠳᠬᠤ ᠲᠤᠭᠤᠶᠢᠯᠠᠩ ᠤᠨ ᠨᠠᠷᠢᠨ ᠨᠢᠮᠪᠠᠢ ᠵᠢᠯᠤᠭᠤᠳᠤᠯᠭ᠎ᠠ ᠲᠤᠤᠷ᠎ᠠ᠂ ᠭᠤᠤᠯ  ᠰᠡᠳᠦᠪ ᠭᠤᠤᠯ ᠱᠤᠭᠤᠮ ᠢ ᠪᠠᠳᠤ ᠪᠠᠷᠢᠮᠳᠠᠯᠠᠨ᠂  ᠤᠯᠠᠨ ᠲᠦᠮᠡᠨ ᠤ ᠬᠦᠰᠡᠯ ᠡᠷᠡᠮᠡᠯᠵᠡᠯ   ᠳᠤ ᠲᠦᠪᠯᠡᠷᠡᠬᠦᠯᠵᠦ᠂ ᠠᠵᠢᠯ ᠤᠨ ᠪᠤᠳᠠᠳᠠᠢ  ᠲᠠᠢ ᠪᠠᠨ ᠤᠶᠠᠯᠳᠤᠭᠤᠯᠤᠨ᠂  ︽ 12 ᠦᠰᠦᠭ︾ ᠤᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯᠠᠪᠠᠷ ᠲᠤᠤᠱᠯᠠᠭᠤᠯᠵᠤ᠂  ︽ᠲᠦᠷᠪᠡᠨ ᠲᠦᠷᠦᠯ ᠤᠨ ᠠᠷᠭ᠎ᠠ ᠪᠠᠷᠢᠯ︾ ᠢ ᠪᠦᠬᠦ ᠶᠠᠪᠤᠴᠠ ᠳᠤ ᠨᠡᠪᠳᠡᠷᠡᠬᠦᠯᠦᠨ᠂  ᠦᠨᠳᠦᠷ ᠪᠠᠷᠢᠮᠵᠢᠶ᠎ᠠ᠂ ᠦᠨᠳᠦᠷ ᠱᠠᠭᠠᠷᠳᠠᠯᠭ᠎ᠠ᠂ ᠦᠨᠳᠦᠷ ᠴᠢᠨᠰᠠᠭ᠎ᠠ ᠪᠠᠷ ᠭᠤᠤᠯ ᠰᠡᠳᠤᠪᠳᠤ ᠬᠦᠮᠦᠵᠢᠯ ᠤᠨ ᠡᠯ᠎ᠡ ᠲᠦᠷᠦᠯ ᠤᠨ ᠠᠵᠢᠯ ᠢ ᠲᠦᠯᠬᠢᠨ  
ᠠᠬᠢᠭᠤᠯᠪᠠ ᠬᠡᠵᠡᠢ᠃
    ᠪᠤᠷᠤᠬᠦᠦ  ᠬᠤᠷᠠᠯ ᠲᠡᠭᠡᠷ᠎ᠡ᠂ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ  ᠴᠢᠬᠤᠯᠠ  ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠨᠢᠮᠪᠠᠢ ᠰᠤᠷᠤᠯᠴᠠᠨ ᠤᠶᠢᠯᠠᠭᠠᠵᠤ᠂  ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠂ ᠦᠢᠯᠡ  ᠠᠵᠢᠯᠯᠠᠭᠠᠨ ᠤ ᠤᠬᠠᠮᠰᠠᠷ ᠢᠶᠠᠨ ᠦᠨᠡᠨᠬᠦ  ᠴᠢᠩᠭᠠᠳᠬᠠᠬᠤ ᠭᠡᠷᠡᠭᠳᠡᠢ᠃  ᠰᠤᠷᠤᠯᠴᠠᠯᠭ᠎ᠠ ᠬᠦᠮᠦᠵᠢᠯ ᠢ ᠦᠨᠡᠨ ᠪᠤᠳᠠᠳᠠᠢ  ᠠᠳᠬᠤᠨ᠂  ᠦᠪᠡᠷ ᠤᠨ  ᠪᠡᠶ᠎ᠡ ᠶᠢᠨ ᠬᠤᠪᠢᠰᠬᠠᠯ ᠢ ᠵᠤᠷᠢᠭᠳᠠᠢ ᠬᠢᠵᠦ᠂  ᠤᠯᠠᠨ  ᠲᠦᠮᠡᠨᠴᠢ ᠵᠤᠭᠰᠤᠯᠳᠠ  ᠪᠠᠨ ᠪᠠᠳᠤᠳᠬᠠᠨ᠂  ᠲᠤᠰᠬᠠᠢ ᠲᠦᠷᠦᠯ ᠤᠨ ᠴᠡᠭᠴᠡᠯᠡᠯᠳᠡ ᠶᠢ ᠴᠢᠩᠭ᠎ᠠ ᠠᠳᠬᠤᠵᠤ᠂  ᠰᠠᠬᠢᠯᠭ᠎ᠠ ᠪᠠᠳᠤ ᠶᠢ ᠴᠢᠩᠭᠠᠳᠬᠠᠨ ᠂  ᠭᠡᠪ ᠰᠤᠷᠳᠠᠯ ᠢ  ᠰᠠᠶᠢᠵᠢᠷᠠᠭᠤᠯᠬᠤ ᠭᠡᠷᠡᠭᠳᠡᠢ᠃  ᠦᠵᠡᠯ ᠰᠠᠨᠠᠭᠠᠨ ᠤ ᠰᠠᠭᠤᠷᠢ ᠶᠢ ᠪᠠᠳᠤ ᠴᠤᠭᠴᠠᠯᠠᠬᠤ ᠪᠤᠯ ᠠᠯᠢᠪᠠ ᠠᠵᠢᠯ ᠢ ᠰᠠᠶᠢᠨ ᠠᠳᠬᠤᠬᠤ ᠶᠢᠨ ᠦᠨᠳᠦᠰᠦᠨ ᠮᠦᠷᠳᠡᠯᠬᠡ ᠭᠡᠳᠡᠭ ᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ  ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠬᠡ ᠪᠠᠨ ᠵᠢᠯᠤᠭᠤᠳᠤᠭᠤᠯᠵᠤ᠂  ᠤᠯᠤᠰ ᠲᠦᠷᠦ ᠶᠢᠨ ᠴᠢᠭᠯᠡᠯ ᠢᠶᠠᠨ ᠲᠤᠭᠳᠠᠭᠠᠬᠤ ᠭᠡᠷᠡᠭᠳᠡᠢ᠃  ᠠᠷᠠᠳ ᠤᠨ ᠰᠡᠳᠬᠢᠯ ᠢ ᠤᠯᠵᠤ᠂ ᠠᠷᠠᠳ ᠤᠨ ᠲᠦᠯᠦᠬᠡ ᠵᠢᠳᠬᠦᠬᠦ ᠶᠢ ᠴᠠᠭ ᠢᠮᠠᠭᠳᠠ ᠪᠠᠷᠢᠮᠳᠠᠯᠠᠨ᠂  ᠨᠠᠮ ᠪᠠ ᠠᠷᠠᠳ ᠲᠦᠮᠡᠨ ᠤ ᠴᠢᠰᠤ ᠮᠢᠬᠠᠨ ᠤ ᠬᠤᠯᠪᠤᠭ᠎ᠠ ᠶᠢ ᠡᠬᠦᠷᠢᠳᠡ ᠬᠠᠳᠠᠭᠠᠯᠠᠵᠤ᠂   ᠵᠠᠰᠠᠭ ᠪᠠᠷᠢᠬᠤ ᠰᠠᠭᠤᠷᠢ ᠶᠢ ᠪᠠᠬᠢᠵᠢᠬᠦᠯᠬᠦ ᠭᠡᠷᠡᠭᠳᠡᠢ᠃  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠬᠦᠯᠵᠢ ᠪᠠᠷᠢᠮᠳᠠᠯᠠᠵᠤ᠂   ᠤᠨᠢᠨ ᠲᠡᠭᠡᠷ᠎ᠡ ᠨᠢ ᠬᠦᠴᠦ ᠭᠠᠷᠭᠠᠨ᠂  ᠦᠵᠡᠯ ᠰᠠᠨᠠᠭ᠎ᠠ ᠪᠠᠷ ᠨᠠᠮ ᠢ ᠪᠠᠶᠢᠭᠤᠯᠬᠤ ᠪᠠ ᠲᠦᠷᠢᠮ ᠢᠶᠠᠷ ᠨᠠᠮ ᠢ ᠪᠠᠶᠢᠭᠤᠯᠬᠤ   ᠶᠢ ᠵᠡᠷᠭᠡᠳᠡ ᠠᠳᠬᠤᠨ᠂  ᠪᠠᠶᠢᠩᠭᠤ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃       ᠪᠤᠷᠤᠬᠦᠦ ᠪᠠᠰᠠ᠂ ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠨᠠᠮ  ᠤᠨ ᠪᠠᠶᠢᠭᠤᠯᠤᠯᠳᠠ ᠶᠢ ᠴᠢᠩᠭᠠᠳᠬᠠᠬᠤ ᠡᠬᠦᠷᠢᠳᠡ ᠶᠢᠨ ᠰᠡᠳᠦᠪ  ᠂ ᠨᠡᠩ ᠴᠤ ᠪᠦᠬᠦ ᠨᠠᠮ ᠤᠨ  ᠭᠡᠰᠢᠬᠦᠨ ᠺᠠᠳᠠᠷᠴᠤᠳ ᠤᠨ ᠨᠠᠰᠤ ᠲᠤᠷᠰᠢᠳᠠ ᠶᠢᠨ ᠰᠡᠳᠦᠪ ᠪᠤᠯᠤᠨ᠎ᠠ᠃  ᠬᠤᠶᠢᠰᠢᠳᠠ ᠶᠢᠨ ᠠᠵᠢᠯ ᠲᠤᠮᠳᠠ ᠪᠠᠨ  ᠂  ᠪᠢᠳᠡ ᠡᠷᠭᠡᠪᠰᠢ ᠰᠢ ᠶᠢᠨ ᠫᠢᠩ  ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠢᠯᠡᠬᠦᠦ ᠨᠢᠬᠳᠠᠷᠠᠨ ᠪᠦᠯᠬᠦᠮᠳᠡᠵᠦ᠂  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂  ᠠᠶᠢᠮᠠᠭ ᠤᠨ ᠨᠠᠮ ᠤᠨ ᠬᠤᠷᠢᠶᠠᠨ ᠤ  ᠡᠷᠡᠰ ᠪᠠᠳᠤ ᠤᠳᠤᠷᠢᠳᠤᠯᠭ᠎ᠠ ᠲᠤᠤᠷ᠎ᠠ᠂  ︽ᠮᠤᠩᠭᠤᠯ ᠮᠤᠷᠢᠨ ᠤ ᠵᠤᠷᠢᠭ ᠰᠠᠨᠠᠭ᠎ᠠ︾ ᠪᠠ ︽ᠬᠠᠳᠠᠭᠠᠰᠤ ᠬᠠᠳᠠᠬᠤ ᠵᠤᠷᠢᠭ ᠰᠠᠨᠠᠭ᠎ᠠ︾ ᠶᠢ  ᠪᠠᠳᠠᠷᠠᠭᠤᠯᠤᠨ᠂  ᠪᠦᠬᠦ ᠵᠢᠯ ᠤᠨ ᠡᠬᠦᠷᠭᠡ ᠬᠠᠷᠠᠯᠳᠠ ᠪᠠᠨ ᠴᠢᠨᠠᠷ ᠰᠠᠶᠢᠳᠠᠢ ᠪᠡᠶᠡᠯᠡᠬᠦᠯᠵᠦ᠂  ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ  ᠰᠢᠢᠳᠪᠦᠷᠢᠳᠦ ᠲᠠᠶᠢᠯᠠᠯᠳᠤᠭᠠᠨ ᠤ ᠢᠯᠠᠯᠳᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ  ᠠᠮᠵᠢᠯᠳᠠ ᠲᠡᠬᠦᠰ ᠪᠡᠶᠡᠯᠡᠬᠦᠯᠦᠨ᠂  ᠪᠠᠶᠠᠨ ᠴᠢᠨᠡᠭᠡᠯᠢᠭ᠂  ᠪᠤᠯᠪᠠᠰᠤᠨ᠂  ᠡᠶ᠎ᠡ ᠵᠤᠬᠢᠴᠠᠯ ᠲᠠᠢ᠂  ᠦᠵᠡᠰᠬᠦᠯᠡᠩᠳᠦ ᠰᠠᠶᠢᠬᠠᠨ ᠲᠠᠶᠢᠹᠤᠰᠧ ᠬᠤᠰᠢᠭᠤ ᠶᠢ ᠪᠦᠳᠦᠬᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ ᠬᠡᠵᠦ ᠤᠷᠢᠶᠠᠯᠠᠪᠠ᠃     ᠰᠢ ᠸᠧᠢ ᠮᠢᠨ ᠶᠠᠷᠢᠶᠠᠨ ᠳᠠᠭᠠᠨ᠂  ᠬᠤᠶᠠᠳᠤᠭᠠᠷ ᠪᠦᠯᠦᠭ ᠤᠨ  ᠭᠤᠤᠯ ᠰᠡᠳᠦᠪᠳᠦ ᠬᠦᠮᠦᠵᠢᠯ ᠢ ᠦᠷᠨᠢᠬᠦᠯᠵᠦ ᠡᠬᠢᠯᠡᠭᠰᠡᠨ ᠠᠴᠠ ᠨᠠᠰᠢ᠂  ᠲᠠᠶᠢᠹᠤᠰᠧ ᠬᠤᠰᠢᠭᠤ   ᠨᠢ  ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ  ᠬᠠᠮᠢᠶ᠎ᠠ ᠪᠦᠬᠦᠢ ᠪᠠᠶᠢᠷᠢᠯᠠᠭᠤᠯᠤᠯᠳᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ︽ ᠵᠤᠷᠢᠯᠳᠠ ᠪᠠᠨ ᠰᠠᠬᠢᠬᠤ᠂ ᠬᠠᠷᠢᠭᠤᠴᠠᠯᠭ᠎ᠠ ᠶᠢ ᠡᠬᠦᠷᠭᠡᠯᠡᠬᠦ᠂ ᠵᠦᠷᠢᠶ᠎ᠡ   ᠪᠠᠨ ᠡᠷᠢᠬᠦ᠂  ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠦᠩᠬᠡᠢ ᠱᠠᠭᠠᠷᠳᠠᠯᠭ᠎ᠠ ᠶᠤᠰᠤᠭᠠᠷ᠂  ᠶᠡᠷᠦᠩᠬᠡᠢ ᠱᠦᠵᠢ ᠶᠢᠨ ︽  ᠭᠤᠷᠪᠠ ᠶᠢ  ᠡᠷᠭᠡᠪᠰᠢ ᠪᠡᠶᠡᠯᠡᠬᠦᠯᠬᠦ᠂ ᠲᠦᠷᠪᠡ ᠶᠢ ᠤᠷᠤᠨ ᠪᠠᠶᠢᠷᠢ ᠳᠤᠨᠢ ᠬᠦᠷᠭᠡᠬᠦ︾ ᠴᠢᠬᠤᠯᠠ  ᠱᠠᠭᠠᠷᠳᠠᠯᠭ᠎ᠠ ᠶᠢ ᠡᠷᠡᠰ ᠪᠠᠷᠢᠮᠳᠠᠯᠠᠵᠤ᠂  ︽ ᠰᠤᠷᠤᠯᠴᠠᠯᠭ᠎ᠠ ᠬᠦᠮᠦᠵᠢᠯ ᠦᠷᠨᠢᠬᠦᠯᠬᠦ᠂  ᠪᠠᠶᠢᠴᠠᠭᠠᠨ ᠰᠤᠳᠤᠯᠤᠯᠳᠠ  ᠬᠢᠬᠦ᠂  ᠠᠰᠠᠭᠤᠳᠠᠯ ᠢ ᠪᠠᠶᠢᠴᠠᠭᠠᠨ ᠰᠢᠨᠵᠢᠬᠦ᠂   ᠴᠡᠭᠴᠡᠯᠡᠯᠳᠡ ᠶᠢ ᠨᠠᠶᠢᠳᠠᠪᠤᠷᠢᠵᠢᠭᠤᠯᠬᠤ︾ ᠶᠢ ᠡᠬᠢᠨ ᠠᠴᠠ ᠲᠡᠬᠦᠰᠳᠡᠯ᠎ᠡ ᠲᠤᠤᠱᠯᠠᠭᠤᠯᠤᠨ᠂  ᠭᠤᠤᠯ ᠰᠡᠳᠦᠪᠳᠦ ᠬᠦᠮᠦᠵᠢᠯ ᠤᠨ ᠡᠬᠦᠷᠭᠡ ᠬᠠᠷᠠᠯᠳᠠ ᠲᠡᠭᠡᠷ᠎ᠡ ᠠᠩᠬᠠᠷᠤᠯ  ᠪᠠ  ᠬᠦᠴᠦᠨ ᠢᠶᠠᠨ ᠲᠦᠪᠯᠡᠷᠡᠬᠦᠯᠵᠦ᠂  ᠨᠠᠷᠢᠨ ᠲᠦᠯᠦᠪᠯᠡᠵᠦ ᠨᠢᠬᠳᠠ ᠪᠠᠶᠢᠷᠢᠯᠠᠭᠤᠯᠤᠨ᠂   ᠭᠤᠤᠯ ᠰᠡᠳᠦᠪᠳᠦ ᠬᠦᠮᠦᠵᠢᠯ ᠤᠨ ᠬᠦᠨᠵᠡᠬᠡᠢ ᠶᠠᠪᠤᠭᠳᠠᠵᠤ ᠪᠤᠳᠠᠳᠠᠢ ᠨᠠᠶᠢᠳᠠᠪᠤᠷᠢᠵᠢᠬᠤ ᠶᠢ ᠲᠠᠰᠤᠷᠠᠯᠳᠠ ᠦᠬᠡᠢ ᠲᠦᠯᠬᠢᠨ ᠠᠬᠢᠭᠤᠯᠤᠭᠠᠳ᠂  ᠭᠤᠤᠯ ᠰᠡᠳᠦᠪᠳᠦ ᠬᠦᠮᠦᠵᠢᠯ ᠤᠨ ᠤᠨᠴᠠᠯᠢᠭ ᠲᠤᠪᠤᠶᠢᠮ᠎ᠠ  ᠂ ᠠᠮᠵᠢᠯᠳᠠ ᠢᠯᠡᠷᠭᠡᠢ ᠪᠤᠯᠵᠤ᠂  ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠨᠠᠮ ᠤᠨ ᠭᠡᠰᠢᠬᠦᠨ ᠺᠠᠳᠠᠷ ᠪᠠ ᠤᠯᠠᠨ ᠲᠦᠮᠡᠨ ᠤ ᠦᠨᠳᠦᠷ ᠦᠨᠡᠯᠡᠯᠳᠡ ᠶᠢ ᠤᠯᠪᠠ ᠬᠡᠵᠦ ᠵᠢᠭᠠᠨ ᠭᠠᠷᠭᠠᠵᠠᠢ᠃  ᠰᠢ ᠸᠧᠢ ᠮᠢᠨ  ᠲᠠᠷᠠᠭ᠎ᠠ ᠠᠯᠬᠤᠮ ᠤᠨ ᠠᠵᠢᠯ ᠳᠤ ᠱᠠᠭᠠᠷᠳᠠᠯᠭ᠎ᠠ ᠲᠠᠯᠪᠢᠬᠤ ᠳᠠᠭᠠᠨ  ᠄ ᠨᠢᠬᠡ ᠳᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠦᠷᠬᠦᠯᠵᠢᠯᠡᠨ ᠰᠤᠷᠤᠯᠴᠠᠨ ᠲᠤᠤᠱᠯᠠᠭᠤᠯᠵᠤ᠂  ︽ᠤᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠦᠵᠡᠯ ᠰᠠᠨᠠᠭᠠᠨ   ᠤ ᠰᠠᠭᠤᠷᠢ ᠶᠢ  ᠪᠠᠳᠤᠳᠬᠠᠨ ᠴᠤᠭᠴᠠᠯᠠᠬᠤ ᠭᠡᠷᠡᠭᠳᠡᠢ᠃  ᠬᠤᠶᠠᠷ ᠲᠤ᠂  ᠤᠯᠤᠰ ᠲᠦᠷᠦ ᠶᠢᠨ ᠵᠤᠭᠰᠤᠴᠠ  ᠪᠠᠨ ᠤᠬᠠᠮᠰᠠᠷ ᠠᠴᠠ ᠪᠠᠨ ᠲᠡᠭᠡᠭᠰᠢᠯᠡᠬᠦᠯᠵᠦ᠂  ᠦᠷᠭᠡᠨ ᠤᠯᠠᠨ ᠨᠠᠮ ᠤᠨ ᠭᠡᠰᠢᠬᠦᠨ ᠺᠠᠳᠠᠷ ᠤᠨ ︽ᠲᠦᠷᠪᠡᠨ ᠤᠬᠠᠮᠰᠠᠷ︾ ᠢ ᠴᠢᠩᠭᠠᠷᠠᠭᠤᠯᠤᠨ᠂  ︽ᠲᠦᠷᠪᠡᠨ ᠢᠳᠡᠭᠡᠯ︾ ᠢ ᠪᠠᠳᠤᠳᠬᠠᠵᠤ᠂  ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠭᠡᠷᠡᠭᠳᠡᠢ᠃  ᠭᠤᠷᠪᠠ ᠳᠤ᠂  ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ  ᠂ ᠴᠢᠬᠤᠯᠠ  ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ  ᠡᠷᠡᠰ ᠲᠤᠤᠱᠯᠠᠭᠤᠯᠵᠤ᠂  ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠠᠮᠵᠢᠯᠳᠠ ᠲᠠᠢ ᠨᠠᠶᠢᠳᠠᠪᠤᠷᠢᠵᠢᠬᠤ ᠶᠢ ᠪᠠᠳᠤᠯᠠᠬᠤ ᠭᠡᠷᠡᠭᠳᠡᠢ᠃ ᠲᠦᠷᠪᠡ ᠳᠤ᠂  ᠭᠤᠤᠯ ᠰᠡᠳᠦᠪᠳᠦ ᠬᠦᠮᠦᠵᠢᠯ ᠤᠨ ᠦᠷ᠎ᠡ ᠠᠮᠵᠢᠯᠳᠠ ᠶᠢ ᠬᠦᠢᠴᠡᠳ ᠠᠰᠢᠭᠯᠠᠨ᠂  ᠨᠠᠮ ᠤᠨ ᠭᠡᠰᠢᠬᠦᠨ ᠺᠠᠳᠠᠷᠴᠤᠳ ᠢ ᠵᠤᠬᠢᠶᠠᠨ ᠪᠠᠶᠢᠭᠤᠯᠵᠤ᠂  ᠤᠭ᠎ᠠ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠠᠴᠠ ᠪᠠᠨ ᠲᠡᠷᠰᠯᠡᠭᠰᠡᠨ  ᠠᠰᠠᠭᠤᠳᠠᠯ ᠢ ᠪᠠᠶᠢᠩᠭᠤ ᠶᠢᠨ ᠴᠢᠨᠠᠷᠳᠠᠢ ᠪᠠᠶᠢᠴᠠᠭᠠᠨ ᠰᠢᠨᠵᠢᠬᠦ ᠪᠠ ᠰᠢᠢᠳᠪᠦᠷᠢᠯᠡᠬᠦ ᠭᠡᠷᠡᠭᠳᠡᠢ᠃  ᠲᠠᠪᠤ ᠳᠤ᠂ ᠴᠡᠭᠴᠡᠯᠡᠯᠳᠡ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠶᠢ ᠦᠷᠬᠦᠯᠵᠢᠯᠡᠨ ᠰᠠᠶᠢᠨ ᠠᠳᠬᠤᠵᠤ᠂  ᠭᠤᠤᠯ ᠰᠡᠳᠦᠪᠳᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠪᠠᠳᠤᠯᠠᠨ᠂  ᠤᠨᠴᠠᠭᠠᠶᠢᠯᠠᠨ  ᠲᠤᠰᠬᠠᠢ ᠲᠦᠷᠦᠯ ᠤᠨ ᠴᠡᠭᠴᠡᠯᠡᠯᠳᠡ ᠶᠢᠨ ᠠᠵᠢᠯ ᠢ  
ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠡᠢ ᠭᠡᠪᠡ᠃
     ᠴᠢᠶᠤᠤ ᠵᠢᠶᠠᠨ ᠴᠢᠶᠠᠩ  ᠬᠤᠷᠠᠯ ᠡᠷᠬᠢᠯᠡᠬᠦ ᠳᠡᠭᠡᠨ᠂ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠦᠷᠬᠦᠯᠵᠢᠯᠡᠨ ᠰᠠᠶᠢᠳᠤᠷ ᠠᠳᠬᠤᠵᠤ᠂ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠬᠦ ᠭᠡᠷᠡᠭᠳᠡᠢ᠃  ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠬᠦᠨ ᠤᠳᠤᠷᠢᠳᠬᠤ ᠺᠠᠳᠠᠷᠴᠤᠳ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶᠠᠨ ᠤ  ︽ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠤᠨ  ᠳ᠋ᠦᠩᠨᠡᠯᠳᠡ ᠶᠢᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠨᠢᠮᠪᠠᠢ  ᠰᠤᠷᠤᠯᠴᠠᠨ ᠲᠤᠤᠱᠯᠠᠭᠤᠯᠵᠤ᠂  ᠬᠤᠷᠠᠯ ᠤᠨ ᠵᠤᠷᠢᠭ ᠰᠠᠨᠠᠭ᠎ᠠ ᠶᠢ  ᠦᠨᠳᠦᠰᠦᠨ ᠱᠠᠳᠤ᠂  ᠦᠷᠭᠡᠨ ᠤᠯᠠᠨ ᠨᠠᠮ ᠤᠨ ᠭᠡᠰᠢᠬᠦᠨ ᠺᠠᠳᠠᠷᠴᠤᠳ ᠲᠤ ᠴᠠᠭ ᠲᠤᠬᠠᠢ ᠳᠤᠨᠢ  ᠤᠯᠠᠮᠵᠢᠯᠠᠨ᠂  ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠪᠠᠷᠢᠯ ᠢ ᠰᠤᠳᠤᠯᠤᠨ ᠲᠤᠷᠠᠳᠴᠤ᠂  ᠠᠵᠢᠯ ᠤᠨ ᠭᠤᠤᠯᠳᠠᠯᠭ᠎ᠠ ᠪᠠ ᠴᠢᠷᠮᠠᠶᠢᠬᠤ ᠴᠢᠭᠯᠡᠯ ᠢᠶᠠᠨ ᠤᠯᠠᠮ ᠨᠢᠬᠡ ᠠᠯᠬᠤᠮ ᠲᠤᠳᠤᠷᠬᠠᠶᠢᠯᠠᠨ᠂  ᠦᠵᠡᠯ ᠰᠠᠨᠠᠭ᠎ᠠ ᠪᠠ ᠦᠢᠯᠡ  ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤᠨ ᠨᠠᠮ ᠤᠨ ᠬᠤᠷᠢᠶ᠎ᠠ  ᠂ ᠠᠶᠢᠮᠠᠭ ᠤᠨ ᠨᠠᠮ  ᠤᠨ ᠬᠤᠷᠢᠶ᠎ᠠ  ᠬᠢᠭᠡᠳ ᠬᠤᠰᠢᠭᠤ ᠨᠠᠮ ᠤᠨ ᠬᠤᠷᠢᠶᠠᠨ ᠤ  ᠪᠠᠶᠢᠷᠢᠯᠠᠭᠤᠯᠤᠯᠳᠠ ᠲᠡᠭᠡᠷ᠎ᠡ ᠨᠢᠬᠡᠳᠦᠬᠦᠯᠬᠦ ᠭᠡᠷᠡᠭᠳᠡᠢ ᠬᠡᠵᠦ  
ᠴᠢᠬᠤᠯᠠᠴᠢᠯᠠᠨ  ᠱᠠᠭᠠᠷᠳᠠᠪᠠ᠃
     ᠠᠶᠢᠮᠠᠭ ᠤᠨ ᠨᠠᠮ ᠤᠨ ᠬᠤᠷᠢᠶᠠᠨ ᠤ ᠠᠷᠪᠠᠨ ᠨᠢᠬᠡᠳᠦᠭᠡᠷ ᠵᠢᠯᠤᠭᠤᠳᠬᠤ ᠲᠤᠭᠤᠶᠢᠯᠠᠩ ᠤᠨ  ᠭᠡᠰᠢᠬᠦᠳ᠂  ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ  ᠭᠡᠰᠢᠬᠦᠳ  ᠂ ᠰᠢᠬᠦᠬᠦ ᠬᠤᠷᠢᠶ᠎ᠠ᠂ ᠪᠠᠶᠢᠴᠠᠭᠠᠬᠤ  ᠬᠤᠷᠢᠶᠠᠨ ᠤ ᠭᠤᠤᠯ ᠤᠳᠤᠷᠢᠳᠤᠯᠭ᠎ᠠ᠂  ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠮᠤ ᠰᠢᠶᠠᠩ ᠪᠠᠯᠭᠠᠰᠤᠨ ᠤ  ᠲᠠᠷᠤᠭ᠎ᠠ᠂  ᠲᠡᠳ᠋ ᠱᠦᠵᠢ᠂ ᠵᠤᠬᠢᠶᠠᠨ ᠪᠠᠶᠢᠭᠤᠯᠬᠤ ᠭᠡᠰᠢᠬᠦᠨ᠂  ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ᠂   ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠳᠦ ᠬᠦᠮᠦᠵᠢᠯ  ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠲᠡᠳ᠋ ᠡᠷᠬᠢᠯᠡᠭᠴᠢ  ᠪᠠ ᠡᠯ᠎ᠡ ᠠᠵᠢᠯᠯᠠᠬᠤ ᠲᠤᠭᠤᠶᠢᠯᠠᠩ  ᠂ ᠵᠢᠯᠤᠭᠤᠳᠬᠤ ᠲᠤᠭᠤᠶᠢᠯᠠᠩ ᠤᠨ ᠲᠠᠷᠤᠭ᠎ᠠ ᠨᠠᠷ᠂ ᠨᠡᠶᠢᠳᠡ ᠶᠢᠨ ᠪᠤᠰᠤ ᠦᠮᠴᠢᠯᠡᠯ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠠᠵᠢᠯ ᠤᠨ ᠬᠠᠷᠢᠭᠤᠴᠠᠯᠭᠠᠳᠠᠳ ᠬᠤᠷᠠᠯ ᠳᠤ
ᠤᠷᠤᠯᠴᠠᠪᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号