ᠲᠠᠶᠢᠹᠤᠰᠧ ᠬᠤᠰᠢᠭᠤ  ᠪᠦᠳᠦᠮᠵᠢᠳᠡᠢ ᠠᠷᠭ᠎ᠠ  ᠪᠠᠷᠢᠯ ᠢᠶᠠᠷ ᠮᠠᠯᠵᠢᠬᠤ ᠲᠠᠷᠢᠶᠠᠯᠠᠬᠤ ᠤᠷᠤᠨ ᠤ ᠺᠠᠳ᠋ᠷ ᠤᠨ ᠡᠩᠨᠡᠭᠡ ᠶᠢ ᠴᠢᠩᠭᠠᠳᠬᠠᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/10/10
  ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠤᠯᠠᠮ ᠴᠢᠩᠭᠠᠳᠬᠠᠵᠤ᠂  ᠭᠠᠴᠠᠭ᠎ᠠ ᠲᠤᠰᠬᠤᠨ ᠤ ᠺᠠᠳ᠋ᠷ ᠤᠨ ᠡᠬᠦᠷᠭᠡ ᠲᠤᠰᠢᠶᠠᠯ ᠢᠶᠠᠨ ᠬᠦᠢᠴᠡᠳᠭᠡᠬᠦ  ᠬᠢᠷᠢ ᠲᠦᠪᠰᠢᠨ ᠢ ᠪᠦᠬᠦ ᠲᠠᠯ᠎ᠠ ᠪᠠᠷ  ᠲᠡᠭᠡᠭᠰᠢᠯᠡᠬᠦᠯᠬᠦ ᠶᠢᠨ ᠲᠦᠯᠦᠬᠡ᠂   ᠲᠠᠶᠢᠹᠤᠰᠧ ᠬᠤᠰᠢᠭᠤ ᠭᠠᠴᠠᠭ᠎ᠠ ᠲᠤᠰᠬᠤᠨ ᠤ ᠺᠠᠳ᠋ᠷ ᠤᠨ  ᠡᠩᠨᠡᠬᠡᠨ ᠤ ᠪᠠᠶᠢᠭᠤᠯᠤᠯᠳᠠ ᠲᠡᠭᠡᠷ᠎ᠡ ᠶᠡᠬᠡᠬᠡᠨ ᠬᠦᠴᠦ ᠲᠠᠯᠪᠢᠵᠤ᠂   ᠤᠯᠠᠨ ᠵᠦᠢᠯ ᠤᠨ ᠪᠦᠳᠦᠮᠵᠢᠳᠡᠢ ᠠᠷᠭ᠎ᠠ ᠪᠠᠷᠢᠯ ᠢ ᠲᠤᠭᠳᠠᠵᠤ  ᠭᠡᠷᠡᠭᠵᠢᠬᠦᠯᠦᠨ᠂  ᠨᠠᠮ ᠤᠨ ᠪᠠᠶᠢᠭᠤᠯᠤᠯᠳᠠ ᠪᠠᠷ ᠬᠦᠳᠡᠭᠡ ᠲᠤᠰᠬᠤᠨ ᠤ ᠬᠦᠭᠵᠢᠯ ᠮᠠᠨᠳᠤᠯ ᠢ ᠬᠦᠳᠦᠯᠦᠨ ᠵᠢᠯᠤᠭᠤᠳᠬᠤ ᠳᠤ  ᠬᠦᠴᠦᠷᠭᠡᠭ ᠶᠡᠭᠡ ᠴᠢᠳᠠᠪᠤᠷᠢᠳᠠᠨ ᠤ ᠲᠤᠯᠭᠠᠭᠤᠷᠢᠯᠠᠯ ᠬᠠᠩᠭᠠᠵᠤ ᠪᠠᠶᠢᠨ᠎ᠠ᠃       ᠲᠤᠰ ᠬᠤᠰᠢᠭᠤ ᠨᠢ ᠭᠠᠴᠠᠭ᠎ᠠ ᠲᠤᠰᠬᠤᠨ ᠤ ᠺᠠᠳ᠋ᠷ ᠤᠨ ᠰᠤᠷᠤᠯᠭ᠎ᠠ ᠶᠢᠨ ᠨᠠᠮᠳᠠᠷ  ᠬᠢᠭᠡᠳ ᠬᠡᠪ ᠴᠢᠨᠠᠷ ᠬᠢᠷᠢ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠪᠠᠷ ᠭᠤᠤᠯᠳᠠᠯᠭ᠎ᠠ ᠲᠠᠢ ᠡᠬᠦᠷᠭᠡ ᠪᠤᠯᠭᠠᠵᠤ᠂   ᠭᠠᠴᠠᠭ᠎ᠠ ᠲᠤᠰᠬᠤᠨ ᠤ ︽ᠬᠤᠶᠠᠷ ᠵᠦᠪᠯᠡᠯ︾᠎ ᠤᠨ ᠤᠳᠤᠷᠢᠳᠬᠤ ᠪᠠᠭ ᠤᠨ ᠭᠡᠰᠢᠬᠦᠳ ᠬᠢᠭᠡᠳ ᠪᠡᠯᠡᠳᠬᠡᠯ ᠺᠠᠳ᠋ᠷᠴᠤᠳ ᠤᠨ ᠰᠤᠷᠤᠯᠭ᠎ᠠ ᠶᠢᠨ ᠨᠠᠮᠳᠠᠷ᠂  ᠤᠯᠤᠰ ᠲᠦᠷᠦ ᠶᠢᠨ ᠨᠢᠭᠤᠷᠯᠠᠯ᠂  ᠬᠤᠪᠢ ᠬᠦᠮᠦᠨ ᠤ  ᠬᠦᠰᠡᠯ ᠵᠤᠷᠢᠯᠳᠠ ᠵᠡᠷᠭᠡ  ᠎ ᠶᠢ ᠤᠶᠢᠯᠠᠭᠠᠨ ᠪᠠᠶᠢᠴᠠᠭᠠᠭᠰᠠᠨ  ᠰᠠᠭᠤᠷᠢᠨ ᠲᠡᠭᠡᠷ᠎ᠡ᠂  ᠨᠡᠷ᠎ᠡ ᠮᠡᠳᠡᠬᠦᠯᠦᠭᠰᠡᠨ ᠺᠠᠳ᠋ᠷ ᠲᠤ ᠬᠢᠷᠢ ᠬᠡᠮ ᠤᠨ ᠬᠢᠨᠠᠨ ᠪᠠᠶᠢᠴᠠᠭᠠᠯᠳᠠ ᠬᠢᠵᠦ᠂   ᠨᠦᠬᠦᠴᠡᠯ ᠳᠤ  ᠨᠡᠶᠢᠴᠡᠭᠰᠡᠳ ᠢ ︽ ᠲᠤᠰᠬᠤᠨ ᠪᠤᠯᠭᠠᠨ ᠤ ᠨᠢᠬᠡ ᠤᠶᠤᠳᠠᠨ︾᠎ ᠢᠶᠠᠷ ᠡᠯᠰᠡᠵᠦ ᠨᠢᠭᠤᠷᠯᠠᠯ ᠳᠤ  ᠤᠷᠤᠭᠤᠯᠵᠠᠢ᠃ ᠨᠠᠮ ᠤᠨ ᠡᠬᠦᠷ ᠤᠨ ᠲᠠᠨᠢᠯᠴᠠᠭᠤᠯᠭ᠎ᠠ᠂  ᠠᠷᠠᠳ ᠤᠨ ᠵᠦᠪᠯᠡᠯ ᠤᠨ ᠲᠠᠨᠢᠯᠴᠠᠭᠤᠯᠭ᠎ᠠ᠂   ᠨᠠᠮ ᠤᠨ ᠭᠡᠰᠢᠬᠦᠳ ᠤᠨ ᠨᠡᠷ᠎ᠡ ᠬᠤᠯᠪᠤᠭᠠᠯᠠᠭᠰᠠᠨ ᠲᠠᠨᠨᠢᠯᠴᠠᠭᠤᠯᠭ᠎ᠠ᠂  ᠮᠠᠯᠴᠢᠨ ᠲᠠᠷᠢᠶᠠᠴᠢᠳ ᠎ ᠤᠨ ᠨᠡᠷ᠎ᠡ ᠬᠤᠯᠪᠤᠭᠠᠯᠠᠭᠰᠠᠨ ᠲᠠᠨᠢᠯᠴᠠᠭᠤᠯᠭ᠎ᠠ ᠶᠢᠨ ᠠᠷᠭ᠎ᠠ ᠪᠠᠷ  ᠭᠠᠴᠠᠭ᠎ᠠ ᠲᠤᠰᠬᠤᠨ ᠤ ᠪᠡᠯᠡᠳᠬᠡᠯ ᠺᠠᠳ᠋ᠷ ᠢ ᠢᠳᠡᠪᠬᠢᠳᠡᠢ ᠲᠠᠨᠢᠯᠴᠠᠭᠤᠯᠵᠤ᠂   ᠪᠠᠶᠠᠵᠢᠯ ᠤᠨ ᠴᠢᠳᠠᠪᠤᠷᠢᠳᠠᠨ᠂   ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠎ ᠤᠨ ᠲᠤᠯᠤᠭᠠᠶᠢᠯᠠᠭᠴᠢ᠂   ᠤᠶᠤᠳᠠᠨ ᠭᠠᠴᠠᠭ᠎ᠠ ᠲᠤᠰᠬᠤᠨ ᠤ ᠲᠠᠷᠤᠭ᠎ᠠ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠪᠠ  ᠬᠠᠯᠠᠭᠳᠠᠵᠤ ᠬᠠᠷᠢᠭᠰᠠᠨ ᠴᠡᠷᠢᠭ ᠵᠡᠷᠭᠡ ᠡᠯ᠎ᠡ ᠲᠦᠷᠦᠯ ᠤᠨ  ᠴᠢᠳᠠᠪᠤᠷᠢᠳᠠᠨ ᠤ ᠲᠤᠳᠤᠷ᠎ᠠ ᠎ ᠠᠴᠠ ︽ᠬᠤᠶᠠᠷ ᠵᠦᠪᠯᠡᠯ︾᠎ ᠤᠨ ᠪᠡᠯᠡᠳᠬᠡᠯ ᠺᠠᠳ᠋ᠷ ᠢ ᠰᠢᠯᠢᠨ ᠰᠤᠩᠭᠤᠵᠤ᠂  ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠬᠤ ᠳᠤ ᠪᠠᠳᠤ ᠰᠠᠭᠤᠷᠢ ᠲᠠᠯᠪᠢᠵᠤ ᠪᠠᠶᠢᠨ᠎ᠠ᠃       ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠶᠢᠨ ᠡᠩᠨᠡᠬᠡᠨ ᠤ ᠬᠠᠮᠢᠶᠠᠷᠤᠯᠳᠠ ᠶᠢ ᠤᠯᠠᠮ ᠲᠦᠷᠢᠮᠵᠢᠬᠦᠯᠬᠦ ᠶᠢᠨ ᠲᠤᠰᠠᠳᠠ᠂  ᠲᠤᠰ ᠬᠤᠰᠢᠭᠤ ᠨᠢ  ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠶᠢ ᠬᠤᠰᠢᠭᠤ ᠱᠠᠳᠤᠨ ᠳᠤ  ᠲᠠᠩᠰᠠ ᠪᠡᠯᠡᠳᠭᠡᠬᠦᠯᠬᠦ  ᠬᠠᠮᠢᠶᠠᠷᠤᠯᠳᠠ ᠲᠦᠷᠢᠮ ᠢ ᠭᠡᠷᠡᠭᠵᠢᠬᠦᠯᠵᠦ᠂   ᠲᠡᠳᠡᠨ ᠤ ᠠᠵᠢᠯ ᠰᠤᠷᠤᠯᠭ᠎ᠠ ᠶᠢᠨ ᠨᠠᠮᠳᠠᠷ  ᠵᠡᠷᠭᠡ ᠮᠡᠳᠡᠭᠡ ᠵᠠᠩᠬᠢ ᠶᠢ ᠡᠮᠬᠢᠳᠬᠡᠨ ᠲᠠᠩᠰᠠᠯᠠᠬᠤ ᠶᠢᠨ ᠬᠠᠮᠳᠤ᠂  ᠱᠠᠩᠨᠠᠯ ᠰᠢᠳᠬᠡᠯ ᠤᠯᠤᠭᠰᠠᠨ᠂  ᠪᠤᠯᠪᠠᠰᠤᠷᠠᠯ ᠬᠦᠮᠦᠵᠢᠯ ᠬᠦᠷᠳᠡᠭᠰᠡᠨ᠂  ᠲᠤᠰᠢᠶᠠᠯ ᠡᠬᠦᠷᠭᠡᠯᠡᠵᠦ ᠲᠤᠰᠢᠶᠠᠯ ᠠᠴᠠ ᠪᠠᠭᠤᠭᠰᠠᠨ᠂  ᠬᠢᠨᠠᠨ ᠰᠢᠯᠭᠠᠯᠳᠠ ᠳᠤ ᠤᠷᠤᠯᠴᠠᠭᠰᠠᠨ ᠪᠠᠶᠢᠳᠠᠯ ᠤᠨ ᠮᠡᠳᠡᠭᠡ ᠵᠠᠩᠬᠢ ᠶᠢ ᠲᠤᠭᠳᠠᠮᠠᠯ ᠬᠤᠭᠤᠴᠠᠭ᠎ᠠ ᠲᠠᠢ ᠰᠢᠨᠡᠳᠭᠡᠵᠦ ᠂  ᠭᠠᠴᠠᠭ᠎ᠠ ᠲᠤᠰᠬᠤᠨ ᠤ ᠺᠠᠳ᠋ᠷ ᠤᠨ ᠡᠩᠨᠡᠬᠡᠨ ᠤ ᠶᠡᠷᠦᠩᠬᠡᠢ ᠪᠠᠶᠢᠳᠠᠯ ᠢ ᠨᠠᠷᠢᠯᠢᠭ ᠤᠨᠤᠪᠴᠢᠳᠠᠢ ᠡᠵᠡᠮᠰᠢᠭᠰᠡᠨ ᠪᠠᠶᠢᠨ᠎ᠠ᠃  ᠭᠠᠴᠠᠭ᠎ᠠ ᠲᠤᠰᠬᠤᠨ ᠤ ︽ᠬᠤᠶᠠᠷ ᠵᠦᠪᠯᠡᠯ︾᠎ ᠤᠨ ᠤᠳᠤᠷᠢᠳᠬᠤ ᠪᠠᠭ ᠤᠨ ᠭᠡᠰᠢᠬᠦᠨ ᠪᠤᠯᠬᠤ ᠬᠦᠮᠦᠰ ᠲᠤ  ᠰᠠᠯᠠᠭ᠎ᠠ ᠮᠦᠴᠢᠷ ᠤᠨ ᠬᠠᠮᠳᠤᠷᠠᠭᠰᠠᠨ ᠬᠢᠨᠠᠯᠳᠠ ᠬᠢᠵᠦ᠂  ᠡᠷᠡᠬᠦᠦ ᠶᠢᠨ ᠬᠡᠷᠡᠭ ᠤᠨ ᠰᠢᠳᠬᠡᠯ  ᠤᠯᠵᠤ ᠦᠩᠭᠡᠷᠡᠭᠰᠡᠨ᠂   ︽ᠲᠤᠰᠬᠤᠨ ᠤ ᠡᠵᠡᠷᠭᠡᠭᠴᠢ︾  ᠪᠤᠶᠤ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠬᠦᠮᠦᠰ  ᠤᠳᠤᠷᠢᠳᠬᠤ ᠪᠠᠭ ᠤᠨ ᠡᠩᠨᠡᠬᠡᠨ ᠳᠤ ᠤᠷᠤᠬᠤ ᠶᠢ ᠡᠷᠡᠰ  ᠴᠠᠭᠠᠵᠠᠯᠠᠭᠰᠠᠨ ᠪᠠᠶᠢᠨ᠎ᠠ᠃      ᠲᠤᠰ ᠬᠤᠰᠢᠭᠤ ᠨᠢ ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠨᠠᠷ ᠢ ᠵᠤᠬᠢᠶᠠᠨ ᠪᠠᠶᠢᠭᠤᠯᠵᠤ  ᠂ ᠨᠠᠮ ᠤᠨ ᠪᠠᠶᠢᠭᠤᠯᠤᠯᠳᠠ ᠶᠢ ᠠᠳᠬᠤᠨ ᠶᠠᠳᠠᠭᠤ ᠠᠴᠠ ᠠᠩᠬᠢᠵᠢᠷᠠᠬᠤ ᠶᠢ ᠠᠬᠢᠭᠤᠯᠬᠤ᠂   ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ᠂   ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠡᠷᠭᠡ  ᠠᠭᠤᠯᠭ᠎ᠠ ᠲᠠᠢ  ᠡᠬᠡᠯᠵᠢᠳᠦ  ᠪᠤᠯᠪᠠᠰᠤᠷᠠᠯ ᠳᠤ  ᠤᠳᠠᠭ᠎ᠠ ᠲᠠᠷᠭ᠎ᠠ ᠪᠠᠷ ᠤᠷᠤᠯᠴᠠᠭᠤᠯᠤᠨ᠂  ᠨᠠᠮ ᠤᠨ ᠡᠬᠦᠷ ᠤᠨ ᠱᠦᠵᠢ ᠶᠢᠨ ᠤᠯᠤᠰ ᠲᠦᠷᠦ  ᠤᠨᠤᠯ ᠤᠨ ᠲᠦᠢᠪᠰᠢᠨ ᠪᠠ  ᠨᠠᠮᠴᠢ ᠴᠢᠨᠠᠷ ᠤᠨ ᠭᠡᠪ ᠪᠤᠯᠪᠠᠰᠤᠷᠠᠯ ᠢ ᠤᠯᠠᠮ ᠴᠢᠨᠠᠭᠰᠢᠳᠠ ᠲᠡᠭᠡᠭᠰᠢᠯᠡᠬᠦᠯᠪᠡ᠃  ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠶᠢᠨ ᠠᠵᠢᠯ ᠤᠨ ᠪᠦᠳᠦᠮᠵᠢ ᠶᠢ ᠬᠢᠨᠠᠨ ᠰᠢᠯᠭᠠᠬᠤ ᠲᠠᠢ  ᠤᠶᠠᠯᠳᠤᠭᠤᠯᠤᠨ ᠶᠡᠷᠦᠩᠬᠡᠶᠢᠯᠡᠭᠰᠡᠨ ᠬᠢᠨᠠᠨ ᠲᠤᠭᠳᠠᠭᠠᠯᠳᠠ ᠬᠢᠵᠦ᠂  ᠬᠢᠨᠠᠨ ᠰᠢᠯᠭᠠᠭᠰᠠᠨ ᠦᠷ᠎ᠡ ᠳ᠋ᠦᠩ  ᠎ ᠢᠶᠠᠷ ᠰᠢᠯᠢᠳᠡᠭ ᠢ ᠰᠢᠯᠭᠠᠷᠠᠭᠤᠯᠬᠤ ᠴᠢᠬᠤᠯᠠ  ᠦᠨᠳᠦᠰᠦᠯᠡᠯ ᠪᠤᠯᠭᠠᠵᠠᠢ᠃  ︽ᠰᠢᠯᠢᠳᠡᠭ ᠨᠠᠮ ᠤᠨ ᠭᠡᠰᠢᠬᠦᠨ︾᠂ ︽ᠰᠢᠯᠢᠳᠡᠭ ᠨᠠᠮ ᠤᠨ ᠡᠬᠦᠷ ᠤᠨ ᠱᠦᠵᠢ︾  ᠎ ᠶᠢ ᠠᠳᠠᠯᠢᠳᠬᠠᠨ ᠰᠢᠯᠭᠠᠷᠠᠭᠤᠯᠬᠤ ᠵᠡᠷᠭᠡ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂  ᠬᠤᠰᠢᠭᠤᠴᠢ ᠵᠢᠱᠢᠶᠡᠴᠢ ᠶᠢ ᠪᠤᠢ ᠪᠤᠯᠭᠠᠨ᠂  ᠦᠨᠳᠦᠰᠦᠨ ᠱᠠᠳᠤᠨ ᠤ ᠺᠠᠳ᠋ᠷ  ᠎ ᠢ ᠤᠷᠮᠠᠰᠢᠭᠤᠯᠤᠨ ᠵᠤᠷᠢᠬᠵᠢᠭᠤᠯᠵᠤ ᠬᠠᠶᠢᠷᠠᠯᠠᠨ ᠬᠠᠯᠠᠮᠵᠢᠯᠠᠵᠤ᠂   ᠭᠠᠴᠠᠭ᠎ᠠ ᠲᠤᠰᠬᠤᠨ ᠤ ᠨᠠᠮ ᠤᠨ ᠭᠡᠰᠢᠬᠦᠨ ᠺᠠᠳᠠᠷ ᠤᠨ  ᠠᠵᠢᠯ ᠬᠢᠵᠦ ᠦᠢᠯᠡᠰ ᠪᠦᠳᠦᠬᠡᠬᠦ ᠤᠷᠮ᠎ᠠ ᠵᠤᠷᠢᠭ ᠢ  ᠲᠠᠶᠢᠴᠢᠯᠠᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号