ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠠᠩᠰᠠ | ᠡᠪᠬᠡᠮᠡᠯ ᠤᠨ ᠬᠠᠮᠢᠶᠠᠷᠤᠯᠳᠠ ᠶᠢ ᠤᠯᠠᠮ ᠡᠮᠬᠢ ᠴᠡᠭᠴᠡ ᠲᠠᠢ ᠶᠠᠪᠤᠭᠳᠠᠭᠤᠯᠬᠤ ᠶᠢᠨ ᠲᠤᠰᠠᠳᠠ᠂ ᠲᠠᠶᠢᠹᠤᠰᠧ | ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠨᠢ ᠬᠠᠮᠢᠶ᠎ᠠ ᠪᠦᠬᠦᠢ ᠠᠵᠢᠯᠳᠠᠳ ᠢ ᠵᠤᠬᠢᠶᠠᠨ ᠪᠠᠶᠢᠭᠤᠯᠵᠤ᠂ | ᠲᠤᠯᠤᠨ ᠨᠤᠤᠷ ᠰᠢᠶᠠᠨ ᠰᠢᠯᠤᠭᠤᠨ ᠬᠦᠬᠡ ᠬᠤᠰᠢᠭᠤᠨ ᠳᠤ ᠬᠦᠷᠴᠦ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠲᠡᠷᠢᠬᠦᠨ ᠤ ᠠᠷᠭ᠎ᠠ ᠲᠤᠷᠰᠢᠯᠭ᠎ᠠ ᠶᠢ ᠲᠤᠭᠤᠷᠢᠨ ᠰᠤᠷᠤᠯᠴᠠᠭᠰᠠᠨ ᠪᠠᠶᠢᠨ᠎ᠠ᠃ | | 10 ᠰᠠᠷ᠎ᠠ ᠶᠢᠨ 12 ᠤᠨ ᠡᠳᠦᠷ᠂ ᠪᠦᠬᠦ ᠬᠤᠰᠢᠭᠤᠨ ᠤ 7 ᠰᠤᠮᠤ ᠰᠢᠶᠠᠩ ᠪᠠᠯᠭᠠᠰᠤᠨ ᠤ ᠬᠠᠮᠢᠶ᠎ᠠ | ᠪᠦᠬᠦᠢ ᠬᠠᠷᠢᠭᠤᠴᠠᠯᠭᠠᠳᠠᠨ ᠪᠠ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠂ ᠲᠠᠩᠰᠠ ᠡᠪᠬᠡᠮᠡᠯ ᠤᠨ | ᠲᠤᠪᠴᠢᠶᠠᠨ ᠤ ᠬᠠᠮᠢᠶ᠎ᠠ ᠪᠦᠬᠦᠢ ᠠᠵᠢᠯᠳᠠᠳ ᠢᠶᠠᠷ ᠪᠦᠷᠢᠯᠳᠦᠭᠰᠡᠨ ᠲᠤᠭᠤᠷᠢᠨ ᠰᠤᠷᠤᠯᠴᠠᠬᠤ ᠪᠦᠯᠬᠦᠮ ᠨᠢ | ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠤ ᠲᠠᠭᠠᠭᠤᠯᠭ᠎ᠠ ᠪᠠᠷ ᠰᠢᠯᠤᠭᠤᠨ ᠬᠦᠬᠡ ᠬᠤᠰᠢᠭᠤᠨ | ᠤ ᠶᠠᠳᠠᠭᠤ ᠶᠢ ᠳᠡᠳᠬᠦᠬᠦ ᠠᠯᠪᠠᠨ ᠭᠡᠷ ᠪᠤᠯᠤᠨ ᠬᠠᠪᠢᠷᠭ᠎ᠠ ᠪᠠᠯᠭᠠᠰᠤᠨ ᠤ ᠴᠤᠤ ᠶᠠᠩ ᠲᠤᠰᠬᠤᠨ᠂ ᠲᠤᠯᠤᠨ | ᠨᠤᠤᠷ ᠰᠢᠶᠠᠨ ᠤ ᠶᠠᠳᠠᠭᠤ ᠶᠢ ᠳᠡᠳᠬᠦᠬᠦ ᠠᠯᠪᠠᠨ ᠭᠡᠷ ᠪᠤᠯᠤᠨ ᠳ᠋ᠠ ᠪᠸᠢ ᠭᠸᠦ ᠪᠠᠯᠭᠠᠰᠤᠨ ᠤ ᠳ᠋ᠠ ᠪᠸᠢ ᠭᠸᠦ | ᠲᠤᠰᠬᠤᠨ᠂ ᠬᠤᠸᠠ ᠲᠠᠩ ᠭᠸᠦ ᠲᠤᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠬᠠᠷᠢᠭᠤᠴᠠᠯᠭᠠᠳᠠᠨ ᠪᠠ | ᠠᠵᠢᠯᠳᠠᠨ ᠲᠠᠢ ᠶᠠᠷᠢᠯᠴᠠᠬᠤ᠂ ᠲᠠᠩᠰᠠ ᠡᠪᠬᠡᠮᠡᠯ ᠢ ᠨᠢ ᠤᠷᠪᠠᠭᠤᠯᠤᠨ ᠦᠵᠡᠬᠦ ᠭᠡᠯᠪᠡᠷᠢ ᠪᠠᠷ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠠᠷᠭ᠎ᠠ | ᠲᠤᠷᠰᠢᠯᠭ᠎ᠠ ᠶᠢ ᠨᠢ ᠰᠤᠷᠤᠯᠴᠠᠭᠠᠳ᠂ ᠬᠤᠶᠢᠰᠢᠳᠠ ᠶᠢᠨ ᠠᠵᠢᠯ ᠢᠶᠠᠨ ᠤᠯᠠᠮ ᠰᠠᠶᠢᠨ ᠬᠢᠬᠦ ᠳᠤ ᠲᠤᠰᠠ | ᠪᠤᠯᠭᠠᠵᠠᠢ᠃ |