ᠲᠠᠶᠢᠹᠤᠰᠧ ᠬᠤᠰᠢᠭᠤ ᠠᠬ᠎ᠠ ᠲᠡᠬᠦᠦ ᠬᠤᠰᠢᠭᠤ ᠰᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠷᠭ᠎ᠠ ᠲᠤᠷᠰᠢᠯᠭ᠎ᠠ ᠶᠢ ᠲᠤᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2020/10/14
   ᠪᠦᠬᠦ ᠬᠤᠰᠢᠭᠤᠨ ᠤ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠳᠠ ᠶᠢ ᠤᠯᠠᠮ ᠡᠮᠬᠢ ᠴᠡᠭᠴᠡ ᠲᠠᠢ ᠶᠠᠪᠤᠭᠳᠠᠭᠤᠯᠬᠤ ᠶᠢᠨ ᠲᠤᠰᠠᠳᠠ᠂ ᠲᠠᠶᠢᠹᠤᠰᠧ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠨᠢ ᠬᠠᠮᠢᠶ᠎ᠠ ᠪᠦᠬᠦᠢ ᠠᠵᠢᠯᠳᠠᠳ ᠢ ᠵᠤᠬᠢᠶᠠᠨ ᠪᠠᠶᠢᠭᠤᠯᠵᠤ᠂  ᠲᠤᠯᠤᠨ ᠨᠤᠤᠷ  ᠰᠢᠶᠠᠨ ᠰᠢᠯᠤᠭᠤᠨ ᠬᠦᠬᠡ ᠬᠤᠰᠢᠭᠤᠨ ᠳᠤ ᠬᠦᠷᠴᠦ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ  ᠲᠡᠷᠢᠬᠦᠨ ᠤ ᠠᠷᠭ᠎ᠠ ᠲᠤᠷᠰᠢᠯᠭ᠎ᠠ ᠶᠢ ᠲᠤᠭᠤᠷᠢᠨ  ᠰᠤᠷᠤᠯᠴᠠᠭᠰᠠᠨ ᠪᠠᠶᠢᠨ᠎ᠠ᠃        10 ᠰᠠᠷ᠎ᠠ ᠶᠢᠨ 12 ᠤᠨ ᠡᠳᠦᠷ᠂   ᠪᠦᠬᠦ ᠬᠤᠰᠢᠭᠤᠨ ᠤ 7 ᠰᠤᠮᠤ ᠰᠢᠶᠠᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠠ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ  ᠂ ᠲᠠᠩᠰᠠ ᠡᠪᠬᠡᠮᠡᠯ ᠤᠨ ᠲᠤᠪᠴᠢᠶᠠᠨ ᠤ  ᠬᠠᠮᠢᠶ᠎ᠠ ᠪᠦᠬᠦᠢ ᠠᠵᠢᠯᠳᠠᠳ ᠢᠶᠠᠷ ᠪᠦᠷᠢᠯᠳᠦᠭᠰᠡᠨ ᠲᠤᠭᠤᠷᠢᠨ ᠰᠤᠷᠤᠯᠴᠠᠬᠤ ᠪᠦᠯᠬᠦᠮ ᠨᠢ  ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ   ᠤ ᠲᠠᠭᠠᠭᠤᠯᠭ᠎ᠠ ᠪᠠᠷ ᠰᠢᠯᠤᠭᠤᠨ ᠬᠦᠬᠡ ᠬᠤᠰᠢᠭᠤᠨ  ᠤ ᠶᠠᠳᠠᠭᠤ ᠶᠢ ᠳᠡᠳᠬᠦᠬᠦ ᠠᠯᠪᠠᠨ ᠭᠡᠷ  ᠪᠤᠯᠤᠨ ᠬᠠᠪᠢᠷᠭ᠎ᠠ ᠪᠠᠯᠭᠠᠰᠤᠨ ᠤ  ᠴᠤᠤ ᠶᠠᠩ ᠲᠤᠰᠬᠤᠨ᠂   ᠲᠤᠯᠤᠨ ᠨᠤᠤᠷ ᠰᠢᠶᠠᠨ ᠤ ᠶᠠᠳᠠᠭᠤ ᠶᠢ ᠳᠡᠳᠬᠦᠬᠦ ᠠᠯᠪᠠᠨ ᠭᠡᠷ  ᠪᠤᠯᠤᠨ ᠳ᠋ᠠ ᠪᠸᠢ ᠭᠸᠦ ᠪᠠᠯᠭᠠᠰᠤᠨ ᠤ ᠳ᠋ᠠ ᠪᠸᠢ ᠭᠸᠦ ᠲᠤᠰᠬᠤᠨ᠂  ᠬᠤᠸᠠ ᠲᠠᠩ ᠭᠸᠦ ᠲᠤᠰᠬᠤᠨ ᠳᠤ ᠬᠦᠷᠴᠦ᠂   ᠲᠤᠬᠠᠢ ᠶᠢᠨ ᠭᠠᠵᠠᠷ ᠤᠨ ᠬᠠᠷᠢᠭᠤᠴᠠᠯᠭᠠᠳᠠᠨ ᠪᠠ ᠠᠵᠢᠯᠳᠠᠨ ᠲᠠᠢ  ᠶᠠᠷᠢᠯᠴᠠᠬᠤ᠂   ᠲᠠᠩᠰᠠ ᠡᠪᠬᠡᠮᠡᠯ ᠢ ᠨᠢ ᠤᠷᠪᠠᠭᠤᠯᠤᠨ ᠦᠵᠡᠬᠦ ᠭᠡᠯᠪᠡᠷᠢ ᠪᠠᠷ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠠᠷᠭ᠎ᠠ ᠲᠤᠷᠰᠢᠯᠭ᠎ᠠ ᠶᠢ ᠨᠢ ᠰᠤᠷᠤᠯᠴᠠᠭᠠᠳ᠂ ᠬᠤᠶᠢᠰᠢᠳᠠ ᠶᠢᠨ ᠠᠵᠢᠯ   ᠢᠶᠠᠨ ᠤᠯᠠᠮ ᠰᠠᠶᠢᠨ ᠬᠢᠬᠦ ᠳᠤ  ᠲᠤᠰᠠ ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号