ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠤᠭᠤᠳᠬᠤ ᠭᠠᠵᠠᠷ ᠤᠨ                ᠴᠢᠩᠳᠤᠤ ᠬᠤᠳᠠ ᠠᠴᠠ ᠬᠠᠷᠢᠵᠤ ᠢᠷᠡᠭᠰᠡᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠬᠦ ᠲᠤᠬᠠᠢ  ᠠᠯᠪᠠᠨ ᠵᠠᠷᠯᠠᠯ ︵25 ᠨᠤᠮᠧᠷ᠊
ᠨᠡᠶᠢᠲᠡᠯᠡᠭᠰᠡᠨ ᠴᠠᠭ᠄
2020/10/14
 ᠤᠶᠢᠷ᠎ᠠ ᠳᠤ᠂ ᠱᠠᠨᠳᠦ᠋ᠩ ᠮᠤᠵᠢ ᠶᠢᠨ ᠴᠢᠩᠳᠤᠤ ᠬᠤᠳᠠ ᠳᠤ  6 ᠬᠦᠮᠦᠨ ᠰᠢᠨ᠎ᠡ ᠲᠢᠳᠢᠮᠯᠢᠭ ᠠᠭᠤᠰᠬᠢᠨ ᠦᠷᠪᠢᠰᠦᠯ   ᠳᠤ ᠨᠡᠷᠪᠡᠭᠳᠡᠭᠰᠡᠨ ᠢᠶᠠᠷ ᠲᠤᠳᠤᠯᠠᠭᠳᠠᠵᠤ᠂   ᠲᠤᠰ ᠬᠤᠳᠠ ᠶᠢᠨ  ᠯᠸᠦ ᠱᠠᠨ ᠾᠸᠦ ᠨᠡᠶᠢᠬᠡᠮ ᠲᠤᠭᠤᠷᠢᠭ ᠨᠢ ᠲᠤᠮᠳᠠ ᠵᠡᠷᠭᠡ ᠶᠢᠨ ᠲᠦᠭᠰᠢᠬᠦᠷᠢᠳᠦ ᠤᠷᠤᠨ   ᠢᠶᠠᠷ  ᠲᠤᠭᠳᠠᠭᠠᠭᠳᠠᠵᠠᠢ᠃  ᠮᠠᠨ ᠤ ᠬᠤᠰᠢᠭᠤᠨ ᠤ   ᠪᠠᠨ ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠪᠠᠳᠤᠯᠠᠬᠤ ᠶᠢᠨ ᠲᠤᠰᠠᠳᠠ᠂   ᠠᠩᠬᠠᠷᠬᠤ ᠵᠦᠢᠯᠡᠰ ᠢ ᠲᠤᠤᠷᠠᠬᠢ ᠮᠡᠳᠦ ᠵᠠᠷᠯᠠᠨ ᠮᠡᠳᠡᠭᠳᠡᠵᠦ ᠪᠠᠶᠢᠨ᠎ᠠ᠄        ᠨᠢᠬᠡ᠂  ᠪᠦᠬᠦ ᠬᠤᠰᠢᠭᠤᠨ ᠤ ᠠᠷᠠᠳ ᠲᠦᠮᠡᠨ ᠡᠷᠭᠡᠪᠰᠢ ᠴᠢᠩᠳᠤᠤ ᠬᠤᠳᠠ ᠶᠢᠨ ᠠᠯᠪᠠᠨ ᠠᠴᠠ ᠨᠡᠶᠢᠳᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠢᠮᠠᠭᠳᠠ  ᠠᠩᠬᠠᠷᠬᠤ ᠭᠡᠷᠡᠭᠳᠡᠢ᠃  ᠤᠳᠤ ᠮᠠᠨ ᠤ ᠬᠤᠰᠢᠭᠤᠨ ᠳᠤ ᠰᠠᠭᠤᠵᠤ ᠪᠠᠶᠢᠭ᠎ᠠ᠂  9 ᠰᠠᠷ᠎ᠠ ᠶᠢᠨ 27 ᠤ ᠡᠳᠦᠷ ᠠᠴᠠ ᠨᠠᠰᠢ ᠴᠢᠩᠳᠤᠤ ᠬᠤᠳᠠ   ᠳᠤ  ᠠᠶᠠᠯᠠᠵᠤ ᠵᠢᠭᠤᠯᠴᠢᠯᠠᠭᠰᠠᠨ᠂ ᠴᠢᠩᠳᠤᠤ ᠬᠤᠳᠠ ᠶᠢ  ᠴᠡᠭᠡᠵᠢᠨ ᠤ ᠰᠠᠯᠠᠭᠠᠨ ᠤ ᠡᠮᠨᠡᠯᠬᠡ ᠶᠢᠨ ᠬᠤᠷᠢᠶ᠎ᠠ   ᠳᠤ ᠤᠴᠢᠵᠤ  ᠡᠮᠴᠢᠯᠡᠬᠦᠯᠦᠭᠰᠡᠨ ᠪᠤᠶᠤ  ᠲᠤᠰ ᠡᠮᠨᠡᠯᠬᠡ ᠶᠢᠨ ᠡᠪᠡᠳᠴᠢᠳᠡᠨ ᠲᠠᠢ ᠤᠶᠢᠷᠠᠳᠤᠭᠰᠠᠨ ᠬᠦᠮᠦᠰ  ᠂  ᠤᠴᠠᠭᠠᠶᠢᠯᠠᠨ  ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠲᠤᠳᠤᠯᠠᠭᠳᠠᠭᠰᠠᠨ ᠬᠦᠮᠦᠰ ᠲᠠᠢ  ᠤᠶᠢᠷᠠᠳᠴᠤ ᠶᠠᠪᠤᠯᠴᠠᠭᠰᠠᠨ ᠬᠦᠮᠦᠰ  ᠤᠬᠠᠮᠰᠠᠷ ᠠᠴᠠ ᠪᠠᠨ  ᠨᠡᠶᠢᠬᠡᠮ ᠲᠤᠭᠤᠷᠢᠭ᠂ ᠭᠠᠴᠠᠭ᠎ᠠ ᠲᠤᠰᠬᠤᠨ ᠪᠤᠶᠤ ᠪᠠᠶᠢᠭᠤᠯᠭ᠎ᠠ ᠨᠢᠬᠡᠴᠡ ᠳᠠᠭᠠᠨ ᠮᠡᠳᠡᠭᠳᠡᠨ ᠲᠠᠩᠰᠠᠯᠠᠭᠤᠯᠵᠤ᠂ ᠭᠡᠷ ᠲᠠᠭᠠᠨ ᠰᠠᠭᠤᠵᠤ ᠲᠤᠰᠠᠭᠠᠷᠯᠠᠬᠤ ᠠᠷᠭ᠎ᠠ ᠶᠢ ᠴᠢᠩᠭ᠎ᠠ  ᠭᠡᠷᠡᠭᠵᠢᠬᠦᠯᠬᠦ ᠶᠢᠨ ᠬᠠᠮᠳᠤ᠂ ᠱᠠᠭᠠᠷᠳᠠᠯᠭ᠎ᠠ ᠶᠤᠰᠤᠭᠠᠷ ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠰᠠᠯᠠᠭ᠎ᠠ ᠮᠦᠴᠢᠷ   ᠲᠤ  ᠬᠠᠮᠵᠢᠯᠴᠠᠨ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠬᠦ ᠭᠡᠷᠡᠭᠳᠡᠢ᠃   ᠪᠠᠶᠢᠴᠠᠭᠠᠯᠳᠠ  ᠶᠢᠨ ᠦᠷ᠎ᠡ ᠳ᠋ᠦᠩ ᠨᠢ ᠪᠢᠯᠢᠭ ᠴᠢᠨᠠᠷᠳᠠᠢ  ᠪᠦᠬᠡᠳ ᠪᠡᠶ᠎ᠡ ᠶᠢᠨ ᠲᠤᠯᠠᠭᠠᠨ ᠨᠢ ᠠᠰᠠᠭᠤᠳᠠᠯ ᠦᠬᠡᠢ ᠪᠤᠯ  ᠂  ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠨ ᠬᠢᠭᠰᠡᠨ ᠤᠷᠢᠳᠠᠯ ᠲᠤᠤᠷ᠎ᠠ  ᠠᠯᠬᠤᠮ ᠲᠠᠷᠠᠭᠠᠯᠠᠯ ᠲᠠᠢ ᠬᠦᠳᠡᠯᠪᠦᠷᠢᠯᠡᠵᠦ ᠪᠤᠯᠤᠨ᠎ᠠ᠃     ᠬᠤᠶᠠᠷ᠂  ᠡᠯ᠎ᠡ ᠰᠤᠮᠤ ᠰᠢᠶᠠᠩ ᠪᠠᠯᠭᠠᠰᠤ᠂  ᠭᠠᠴᠠᠠᠭ᠎ᠠ ᠲᠤᠰᠬᠤᠨ᠂ ᠨᠡᠶᠢᠬᠡᠮ ᠲᠤᠭᠤᠷᠢᠭ ᠨᠢ  ᠲᠤᠤᠷᠴᠢᠯᠠᠭᠰᠠᠨ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠤ᠂ ᠴᠢᠩᠳᠤᠤ ᠬᠤᠳᠠ ᠠᠴᠠ ᠬᠠᠷᠢᠵᠤ ᠢᠷᠡᠭᠰᠡᠳ  ᠢ  ᠨᠠᠷᠢᠨ ᠨᠢᠮᠪᠠᠢ ᠮᠦᠷᠳᠡᠨ ᠪᠠᠶᠢᠴᠠᠭᠠᠬᠤ   ᠶᠢᠨ ᠬᠠᠮᠳᠤ ᠴᠠᠭ ᠲᠤᠬᠠᠢ ᠳᠤᠨᠢ ᠲᠡᠮᠳᠡᠭᠯᠡᠨ ᠲᠠᠩᠰᠠᠯᠠᠵᠤ᠂  ᠬᠤᠰᠢᠭᠤᠨ ᠤ ᠵᠢᠯᠤᠭᠤᠳᠬᠤ ᠭᠠᠵᠠᠷ ᠪᠠ ᠬᠠᠮᠢᠶ᠎ᠠ ᠪᠦᠬᠦᠢ ᠰᠠᠯᠠᠭ᠎ᠠ ᠮᠦᠴᠢᠷ   ᠲᠤ ᠮᠡᠳᠡᠬᠦᠯᠬᠦ ᠭᠡᠷᠡᠭᠳᠡᠢ᠃  ᠡᠯ᠎ᠡ ᠪᠠᠭᠤᠳᠠᠯ ᠤᠨ ᠭᠠᠵᠠᠷ ᠨᠢ  ᠭᠠᠳᠠᠨ᠎ᠠ ᠠᠴᠠ ᠢᠷᠡᠭᠰᠡᠳ ᠢ  ᠴᠢᠩᠳᠠ ᠬᠠᠮᠢᠶᠠᠷᠬᠤ ᠬᠠᠷᠢᠭᠤᠴᠠᠯᠭ᠎ᠠ ᠶᠢ  ᠡᠬᠦᠷᠭᠡᠯᠡᠨ᠂  ᠭᠠᠳᠠᠨ᠎ᠠ ᠠᠴᠠ ᠢᠷᠡᠭᠰᠡᠳ   ᠤᠨ ᠡᠷᠡᠬᠦᠯ ᠮᠡᠨᠳᠦ ᠶᠢᠨ ᠺᠤᠳ᠋ ᠰᠢᠷᠪᠢᠬᠦ᠂  ᠪᠡᠶ᠎ᠡ ᠶᠢᠨ ᠲᠤᠯᠠᠭᠠᠨ ᠢ ᠬᠡᠮᠵᠢᠬᠦ᠂ ᠲᠡᠮᠳᠡᠭᠯᠡᠨ ᠲᠠᠩᠰᠠᠯᠠᠬᠤ ᠵᠡᠷᠭᠡ ᠠᠵᠢᠯ ᠢ ᠨᠢᠮᠪᠠᠢ ᠰᠠᠶᠢᠨ ᠬᠢᠵᠦ᠂    ᠴᠢᠩᠳᠤᠤ ᠬᠤᠳᠠ ᠠᠴᠠ ᠬᠠᠷᠢᠵᠤ ᠢᠷᠡᠭᠰᠡᠳ  ᠪᠠᠶᠢᠪᠠᠯ  ᠬᠠᠷᠢᠶ᠎ᠠ ᠤᠷᠤᠨ ᠤ ᠪᠠᠨ ᠠᠮᠤᠷ ᠢ ᠬᠠᠮᠠᠭᠠᠯᠠᠬᠤ ᠲᠤᠮᠢᠯᠠᠭᠰᠠᠨ ᠰᠠᠯᠪᠤᠷᠢ ᠳᠤ ᠴᠠᠭ ᠲᠤᠬᠠᠢ ᠳᠤᠨᠢ ᠮᠡᠳᠬᠡᠦᠯᠬᠦ ᠭᠡᠷᠡᠭᠳᠡᠢ᠃ ᠡᠯ᠎ᠡ ᠪᠠᠶᠢᠭᠤᠯᠭ᠎ᠠ  ᠨᠢᠬᠡᠴᠡ ᠪᠠ ᠠᠵᠤ ᠠᠬᠤᠶᠢᠯᠠᠯ ᠨᠢ  ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂   ᠲᠤᠳᠤᠭᠠᠳᠤ ᠶᠢᠨ ᠪᠠᠶᠢᠴᠠᠭᠠᠯᠳᠠ ᠶᠢ ᠪᠦᠬᠦ ᠲᠠᠯ᠎ᠠ ᠪᠠᠷ ᠦᠷᠨᠢᠬᠦᠯᠦᠨ᠂  ᠠᠵᠢᠯᠳᠠᠨ ᠤ ᠪᠠᠨ ᠡᠷᠡᠬᠦᠯ ᠮᠡᠨᠳᠦ ᠶᠢᠨ ᠪᠠᠶᠢᠴᠠᠠᠭᠠᠯᠳᠠ ᠶᠢ ᠰᠠᠶᠢᠨ ᠬᠢᠵᠦ᠂  ᠪᠠᠶᠢᠴᠠᠭᠠᠭᠳᠠᠵᠤ ᠭᠠᠷᠤᠭᠰᠠᠨ ᠭᠤᠤᠯᠳᠠᠯᠭ᠎ᠠ ᠲᠠᠢ ᠬᠦᠮᠦᠰ ᠢ  ᠲᠠᠩᠰᠠᠯᠠᠨ ᠮᠡᠳᠡᠬᠦᠯᠬᠦ ᠭᠡᠷᠡᠭᠳᠡᠢ᠃       ᠭᠤᠷᠪᠠ᠂ ᠴᠢᠬᠤᠯᠠ ᠦᠬᠡᠢ ᠪᠤᠯ ᠴᠢᠩᠳᠤᠤ ᠬᠤᠳᠠ ᠳᠤ ᠶᠠᠪᠤᠬᠤ ᠶᠢ ᠡᠷᠡᠰ ᠴᠡᠭᠡᠷᠯᠡᠨ᠎ᠡ᠃  ᠭᠡᠷᠪᠡ ᠤᠨᠴᠠᠭᠠᠢ ᠪᠠᠶᠢᠳᠠᠯ ᠠᠴᠠ ᠪᠤᠯᠵᠤ ᠵᠠᠪᠠᠯ ᠶᠠᠪᠤᠬᠤ ᠴᠢᠬᠤᠯᠠᠳᠠᠢ  ᠪᠤᠯ ᠰᠤᠮᠤ ᠰᠢᠶᠠᠩ ᠪᠠᠯᠭᠠᠰᠤ᠂  ᠭᠠᠴᠠᠠᠭ᠎ᠠ ᠲᠤᠰᠬᠤᠨ᠂ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠡ ᠳᠡᠭᠡᠨ ᠴᠠᠭ ᠲᠤᠬᠠᠢ ᠳᠤᠨᠢ ᠮᠡᠳᠡᠬᠦᠯᠵᠦ  ᠲᠠᠩᠰᠠᠯᠠᠭᠤᠯᠤᠨ᠎ᠠ᠃  ᠬᠠᠷᠢᠵᠤ ᠢᠷᠡᠬᠦ  ᠡᠳᠦᠷ ᠰᠠᠷ᠎ᠠ  ᠴᠠᠭ ᠬᠤᠭᠤᠴᠠᠭ᠎ᠠ ᠪᠠᠨ ᠴᠤ ᠰᠤᠮᠤ ᠰᠢᠶᠠᠩ ᠪᠠᠯᠭᠠᠰᠤ᠂  ᠭᠠᠴᠠᠠᠭ᠎ᠠ ᠲᠤᠰᠬᠤᠨ᠂ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠡ ᠳᠡᠭᠡᠨ ᠤᠷᠢᠳᠴᠢᠯᠠᠨ  ᠮᠡᠳᠡᠬᠦᠯᠬᠦ ᠶᠢᠨ ᠬᠠᠮᠳᠤ᠂  ᠬᠠᠮᠢᠶᠠᠷᠤᠯᠳᠠ ᠶᠢᠨ ᠠᠷᠭ᠎ᠠ ᠶᠢ  ᠢᠳᠡᠪᠬᠢᠳᠡᠢ ᠪᠠᠷ ᠬᠠᠮᠵᠢᠯᠴᠠᠨ ᠨᠠᠶᠢᠳᠠᠪᠤᠷᠢᠵᠢᠭᠤᠯᠬᠤ  ᠭᠡᠷᠡᠭᠳᠡᠢ᠃     ᠲᠦᠷᠪᠡ᠂  ᠬᠦᠮᠦᠨ ᠨᠢᠬᠡᠪᠦᠷᠢ ᠬᠢᠵᠢᠭ ᠰᠡᠷᠭᠡᠶᠢᠯᠡᠬᠦ ᠠᠵᠢᠯ ᠢ ᠬᠠᠮᠵᠢᠨ ᠲᠡᠮᠵᠢᠵᠦ  ᠂  ᠦᠪᠡᠷ ᠤᠨ ᠪᠡᠶ᠎ᠡ  ᠶᠢᠨ  ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂  ᠠᠮᠠᠪᠴᠢ ᠵᠡᠬᠦᠬᠦ᠂  ᠭᠠᠷ ᠢᠶᠠᠨ ᠤᠭᠢᠶᠠᠬᠤ᠂ ᠰᠠᠯᠬᠢ ᠨᠡᠪᠳᠡᠷᠡᠬᠦᠯᠬᠦ᠂ ᠴᠤᠭᠯᠠᠭᠠᠨ ᠠᠴᠠ ᠵᠠᠶᠢᠯᠠᠬᠤ ᠵᠡᠷᠭᠡ ᠰᠠᠶᠢᠨ ᠲᠠᠳᠬᠠᠯ ᠢ ᠪᠠᠷᠢᠮᠳᠠᠯᠠᠵᠤ᠂  ᠬᠠᠨᠢᠶᠠᠵᠤ ᠬᠠᠯᠠᠭᠤᠷᠠᠬᠤ ᠮᠡᠳᠦ ᠶᠢᠨ ᠢᠯᠡᠷᠡᠯ ᠭᠠᠷᠪᠠᠯ  ᠂ ᠲᠠᠷᠤᠢ ᠲᠦᠷᠭᠡᠨ ᠡᠮᠨᠡᠯᠬᠡ ᠳᠤ ᠬᠦᠷᠴᠦ ᠪᠠᠶᠢᠴᠠᠭᠠᠯᠭᠠᠬᠤ ᠭᠡᠷᠡᠭᠳᠡᠢ᠃                                              ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ    ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠤᠭᠤᠳᠬᠤ ᠭᠠᠵᠠᠷ                                                                                               2020 ᠤᠨ ᠤ 10 ᠰᠠᠷ᠎ᠠ ᠶᠢᠨ 13 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号