ᠲᠠᠶᠢᠹᠤᠰᠧ ᠬᠤᠰᠢᠭᠤ ᠲᠠᠷᠢᠶᠠᠨ ᠭᠠᠵᠠᠷ ᠢ ᠡᠵᠡᠯᠡᠨ ᠭᠡᠷ ᠪᠠᠷᠢᠯᠭ᠎ᠠ ᠪᠠᠶᠢᠭᠤᠯᠬᠤ ᠠᠰᠠᠭᠤᠳᠠᠯ  ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/10/15
  10 ᠰᠠᠷ᠎ᠠ ᠶᠢᠨ 13 ᠤ ᠡᠳᠦᠷ᠂  ᠲᠠᠶᠢᠹᠤᠰᠧ ᠬᠤᠰᠢᠭᠤ  ᠬᠦᠳᠡᠭᠡ ᠲᠤᠰᠬᠤᠨ ᠤ ᠲᠠᠷᠢᠶᠠᠨ ᠭᠠᠵᠠᠷ ᠢ  ᠡᠵᠡᠯᠡᠨ ᠭᠡᠷ ᠪᠠᠷᠢᠯᠭ᠎ᠠ ᠪᠠᠶᠢᠭᠤᠯᠬᠤ ᠠᠰᠠᠭᠤᠳᠠᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭᠠᠨ ᠤ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ  ᠬᠢᠭᠰᠡᠨ ᠪᠠᠶᠢᠨ᠎ᠠ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠯᠢ ᠵᠠᠨ ᠷᠦᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠬᠦᠯᠵᠦ᠂ ᠲᠤᠰᠬᠠᠢ  ᠴᠡᠭᠴᠡᠯᠡᠯᠳᠡ ᠶᠢᠨ ᠠᠵᠢᠯᠯᠠᠭᠠᠨ ᠤ  ᠴᠢᠬᠤᠯᠠ ᠴᠢᠨᠠᠷ ᠢ ᠬᠦᠢᠴᠡᠳ ᠲᠠᠨᠢᠵᠤ᠂  ᠰᠢ ᠶᠢᠨ ᠫᠢᠩ ᠶᠡᠷᠦᠩᠬᠡᠢ ᠱᠦᠵᠢ ᠶᠢᠨ  ᠴᠢᠬᠤᠯᠠ  ᠵᠢᠭᠠᠪᠤᠷᠢ ᠴᠤᠬᠤᠯᠠᠪᠤᠷᠢ ᠶᠢᠨ ᠵᠤᠷᠢᠭ  ᠰᠠᠨᠠᠭ᠎ᠠ ᠶᠢ ᠡᠷᠡᠰ ᠲᠤᠤᠱᠯᠠᠭᠤᠯᠤᠨ᠂   ᠤᠯᠤᠰ ᠤᠷᠤᠨ ᠤ  ᠲᠤᠰᠬᠠᠢ ᠴᠡᠭᠴᠡᠯᠡᠯᠳᠡ  ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠠᠷᠢᠭᠤᠴᠠᠯᠭᠠᠳᠤ  ᠰᠡᠳᠬᠢᠯᠬᠡ   ᠪᠠᠨ ᠦᠨᠡᠨᠬᠦ ᠨᠡᠮᠡᠭᠳᠡᠬᠦᠯᠦᠨ᠂ ᠲᠠᠷᠢᠶᠠᠨ ᠭᠠᠵᠠᠷ ᠢ  ᠡᠵᠡᠯᠡᠨ ᠭᠡᠷ ᠪᠠᠷᠢᠯᠭ᠎ᠠ ᠪᠠᠶᠢᠭᠤᠯᠬᠤ ᠦᠵᠡᠭᠳᠡᠯ ᠢ ᠡᠷᠡᠰ ᠬᠤᠷᠢᠭᠯᠠᠬᠤ ᠭᠡᠷᠡᠭᠳᠡᠢ᠃  ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠨᠢ ᠠᠵᠢᠯ ᠤᠨ ᠠᠷᠭ᠎ᠠ ᠲᠦᠰᠦᠪ  ᠢᠶᠠᠨ ᠤᠯᠠᠮ ᠨᠠᠷᠢᠯᠢᠬᠵᠢᠭᠤᠯᠵᠤ᠂  ᠪᠦᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ ᠶᠢ ᠤᠶᠢᠯᠠᠭᠠᠨ᠂  ᠲᠠᠷᠢᠶᠠᠨ ᠭᠠᠵᠠᠷ ᠢ ᠡᠵᠡᠯᠡᠨ ᠭᠡᠷ ᠪᠠᠷᠢᠯᠭ᠎ᠠ ᠪᠠᠶᠢᠭᠤᠯᠬᠤ ᠠᠰᠠᠭᠤᠳᠠᠯ ᠤᠷᠤᠰᠢᠵᠤ ᠪᠠᠶᠢᠬᠤ ᠡᠰᠡᠬᠦ᠂ ᠡᠷᠦᠬᠡ ᠰᠠᠯᠭᠠᠬᠤ ᠪᠠᠷᠢᠮᠵᠢᠶ᠎ᠠ ᠳᠤ ᠨᠡᠶᠢᠴᠡᠭᠰᠡᠨ ᠡᠰᠡᠬᠦ ᠵᠡᠷᠭᠡ   ᠶᠢ  ᠲᠤᠳᠤᠷᠬᠠᠢ ᠡᠵᠡᠮᠰᠢᠵᠦ᠂   ᠠᠵᠢᠯ ᠢ ᠪᠤᠳᠠᠳᠠᠢ ᠮᠦᠷᠳᠡᠭᠡᠨ ᠨᠠᠷᠢᠯᠢᠭ ᠬᠢᠬᠦ ᠭᠡᠷᠡᠭᠳᠡᠢ᠃  ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠠᠵᠢᠯ ᠤᠨ ᠲᠦᠰᠦᠪ ᠶᠤᠰᠤᠭᠠᠷ ᠴᠠᠭ ᠬᠤᠭᠤᠴᠠᠭ᠎ᠠ᠂ ᠠᠵᠢᠯ ᠡᠬᠦᠷᠭᠡ ᠶᠢ  ᠨᠠᠷᠢᠨ ᠲᠤᠭᠳᠠᠭᠠᠵᠤ᠂   ᠤᠷᠤᠰᠢᠵᠤ ᠪᠠᠶᠢᠭ᠎ᠠ ᠠᠰᠠᠭᠤᠳᠠᠯ  ᠳᠤ ᠴᠢᠩᠭ᠎ᠠ ᠴᠡᠭᠴᠡᠯᠡᠯᠳᠡ ᠶᠠᠪᠤᠭᠤᠯᠤᠨ᠂  ᠲᠠᠷᠠᠭᠠᠴᠢ ᠶᠢᠨ ᠠᠵᠢᠯ ᠳᠤ ᠨᠦᠬᠦᠴᠡᠯ ᠡᠬᠦᠳᠬᠦ ᠭᠡᠷᠡᠭᠳᠡᠢ ᠬᠡᠵᠦ ᠴᠢᠬᠤᠯᠠᠴᠢᠯᠠᠪᠠ᠃     ᠬᠤᠷᠠᠯ ᠲᠡᠭᠡᠷ᠎ᠡ᠂  ᠪᠠᠶᠢᠭᠠᠯᠢ ᠶᠢᠨ ᠡᠬᠢ ᠪᠠᠶᠠᠯᠢᠭ ᠤᠨ  ᠲᠤᠪᠴᠢᠶᠠᠨ ᠤ ᠬᠠᠷᠢᠭᠤᠴᠠᠯᠭᠠᠳᠠᠨ ᠠᠴᠠ ᠲᠤᠰᠬᠠᠢ ᠴᠡᠭᠴᠡᠯᠡᠯᠳᠡ ᠶᠢᠨ ᠠᠵᠢᠯ ᠤᠨ ᠲᠦᠰᠦᠪ   ᠳᠤ ᠲᠠᠶᠢᠯᠪᠤᠷᠢᠯᠠᠯ ᠬᠢᠭᠰᠡᠨ ᠪᠠᠶᠢᠨ᠎ᠠ᠃     ᠡᠯ᠎ᠡ ᠰᠤᠮᠤ ᠰᠢᠶᠠᠩ  ᠪᠠᠯᠭᠠᠰᠤ ᠪᠤᠯᠤᠨ  ᠬᠤᠯᠪᠤᠭᠳᠠᠬᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ  ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号