ᠲᠠᠶᠢᠹᠤᠰᠧ ᠬᠤᠰᠢᠭᠤ  ︽ᠲᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2020/10/19
 
   ᠰᠢ ᠶᠢᠨ ᠫᠢᠩ ᠤᠨ ᠦᠨᠳᠦᠰᠦᠳᠡᠨ ᠤ ᠠᠵᠢᠯ ᠤᠨ ᠲᠤᠬᠠᠢ ᠴᠢᠬᠤᠯᠠ ᠦᠬᠦᠯᠡᠯᠳᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢᠨ ᠲᠤᠰᠠᠳᠠ ᠲᠠᠶᠢᠹᠤᠰᠧ ᠬᠤᠰᠢᠭᠤᠨ ᠤ  ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠭᠤᠤᠯᠯᠠᠨ ᠡᠷᠬᠢᠯᠡᠭᠰᠡᠨ ︽ᠲᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ   ᠶᠢᠨ ᠠᠵᠢᠯᠯᠠᠭ᠎ᠠ 10 ᠰᠠᠷ᠎ᠠ ᠶᠢᠨ 10 ᠤ ᠡᠳᠦᠷ ᠬᠦᠨᠪᠤᠯᠠᠭ ᠰᠤᠮᠤᠨ ᠳᠤ ᠶᠠᠪᠤᠭᠳᠠᠪᠠ᠃  
    ᠡᠨᠡ ᠤᠳᠠᠭᠠᠨ ᠤ ᠠᠵᠢᠯᠯᠠᠭ᠎ᠠ ᠳᠤ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ︽ ᠠᠬᠠᠨ ᠲᠡᠬᠦᠦᠰ ᠮᠡᠳᠦ ᠲᠤᠳᠤᠨᠤ ᠪᠠᠶᠢᠵᠤ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂  ᠲᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ  ︾ ᠪᠠᠷ ᠭᠤᠤᠯ ᠰᠡᠳᠦᠪ ᠪᠤᠯᠭᠠᠨ᠂  ᠰᠢ ᠶᠢᠨ ᠫᠢᠩ ᠤᠨ ᠦᠨᠳᠦᠰᠦᠳᠡᠨ  ᠤ ᠠᠵᠢᠯ ᠤᠨ ᠲᠤᠬᠠᠢ ᠴᠢᠬᠤᠯᠠ ᠦᠬᠦᠯᠡᠯᠳᠡ᠂ ᠵᠢᠭᠠᠪᠤᠷᠢ ᠴᠤᠬᠤᠯᠠᠪᠤᠷᠢ  ᠪᠠ ᠶᠠᠷᠢᠶᠠᠨ ᠤ  ᠵᠤᠷᠢᠭ  ᠰᠠᠨᠠᠭ᠎ᠠ ᠶᠢ ᠤᠯᠠᠮᠵᠢᠯᠠᠨ ᠲᠠᠶᠢᠯᠪᠤᠷᠢᠯᠠᠵᠤ᠂ ︽ᠲᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾ ᠪᠤᠯ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠷᠬᠦᠨ ᠮᠠᠨᠳᠤᠯᠳᠠ ᠶᠢ ᠪᠡᠶᠡᠯᠡᠬᠦᠯᠬᠦ᠂    ᠡᠬᠡ ᠤᠯᠤᠰ ᠤᠨ ᠤᠮᠠᠷᠠᠳᠤ ᠬᠢᠵᠠᠭᠠᠷ ᠤᠨ ᠠᠮᠤᠷ  ᠲᠤᠭᠳᠠᠭᠤᠨ ᠤ ᠬᠠᠯᠬᠠᠪᠴᠢ ᠶᠢ ᠪᠠᠳᠤ ᠴᠤᠭᠴᠠᠯᠠᠬᠤ᠂   ᠤᠳᠤᠬᠢᠴᠢᠯᠠᠭᠰᠠᠨ ᠦᠪᠦᠷ ᠮᠤᠩᠭᠤᠯ ᠢ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠪᠡ   ᠦᠨᠳᠦᠰᠦᠳᠡᠨ   ᠨᠦᠭᠦᠳ ᠤᠨ ᠠᠷᠠᠳ ᠲᠦᠮᠡᠨ ᠤ   ᠰᠠᠶᠢᠨ ᠰᠠᠶᠢᠬᠠᠨ ᠠᠮᠢᠳᠤᠷᠠᠯ ᠤᠨ ᠮᠦᠷᠦᠭᠡᠳᠦᠯ ᠢ ᠪᠡᠶᠡᠯᠡᠬᠦᠯᠬᠦ ᠵᠠᠶᠢᠯᠠᠰᠢ ᠦᠬᠡᠢ ᠱᠠᠭᠠᠷᠳᠠᠯᠭ᠎ᠠ ᠮᠦᠨ᠂ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ  ᠂   ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ  ᠦᠰᠦᠭ ᠪᠢᠴᠢᠭ ᠢ ᠰᠤᠷᠴᠤ ᠭᠡᠷᠡᠭᠯᠡᠬᠦ ᠨᠢ ︽ᠲᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾   ᠶᠢᠨ ᠴᠢᠬᠤᠯᠠ ᠠᠷᠭ᠎ᠠ ᠵᠠᠮ ᠮᠦᠨ ᠬᠡᠮᠡᠨ ᠰᠤᠷᠳᠠᠯᠴᠢᠯᠠᠵᠤ᠂ ᠰᠤᠷᠭᠠᠨ ᠬᠦᠮᠦᠵᠢᠯ ᠤᠨ ᠲᠤᠪᠴᠢᠶᠠᠨ ᠤ ᠠᠵᠢᠯᠳᠠᠨ ᠠᠴᠠ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ  ᠲᠦᠷᠦ ᠶᠢᠨ ᠪᠤᠳᠤᠯᠭ᠎ᠠ ᠶᠢᠨ ᠲᠠᠯ᠎ᠠ  ᠪᠠᠷ ᠲᠠᠶᠢᠯᠪᠤᠷᠢ ᠬᠢᠵᠦ᠂   ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠬᠢᠴᠢᠶᠡᠯ  ᠤᠷᠤᠭᠰᠠᠨ ᠪᠠᠶᠢᠨ᠎ᠠ᠃  ᠬᠦᠨᠪᠤᠯᠠᠭ ᠰᠤᠮᠤᠨ ᠤ  ᠡᠯ᠎ᠡ ᠭᠠᠴᠠᠭᠠᠨ ᠤ  ᠨᠠᠮ ᠤᠨ ᠡᠬᠦᠷ ᠤᠨ ᠱᠦᠵᠢ ᠪᠠ ᠰᠤᠮᠤᠨ ᠤ ᠺᠠᠳᠠᠷ ᠠᠵᠢᠯᠳᠠᠳ ᠬᠢᠴᠢᠶᠡᠯ ᠰᠤᠨᠤᠰᠴᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号